ᠲᠠᠷᠢᠮᠠᠯ ᠤᠨ ᠪᠠᠶᠢᠷᠢᠯᠠᠯ ᠢ ᠵᠣᠬᠢᠰᠲᠠᠢ ᠲᠤᠬᠢᠷᠠᠭᠤᠯᠬᠤ᠂ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠬᠤ ᠪᠠᠷ ᠳᠠᠮᠵᠢᠵᠦ ᠡᠪᠡᠳᠴᠢᠨ ᠬᠤᠷᠤᠬᠠᠢ ᠶᠢᠨ ᠬᠦᠨᠦᠭᠡᠯ ᠢ ᠬᠡᠷᠬᠢᠨ ᠬᠢᠵᠠᠭᠠᠷᠯᠠᠬᠤ ᠪᠤᠢ
ᠨᠡᠶᠢᠲᠡᠯᠡᠭᠰᠡᠨ ᠴᠠᠭ᠄
2021/7/7
     1. ᠵᠣᠬᠢᠰᠲᠠᠢ ᠪᠠᠷᠢᠯᠠᠭᠤᠯᠬᠤ᠃ ᠲᠠᠷᠢᠮᠠᠯ ᠢ ᠵᠣᠬᠢᠰᠲᠠᠢ ᠪᠠᠶᠢᠷᠢᠯᠠᠭᠤᠯᠬᠤ ᠨᠢ ᠲᠠᠷᠢᠮᠠᠯ ᠤᠨ ᠤᠨᠠᠯᠲᠠ ᠶᠢ ᠨᠡᠮᠡᠭᠳᠡᠭᠦᠯᠬᠦ ᠳᠤ ᠠᠰᠢᠭᠲᠠᠢ ᠪᠠᠷ ᠪᠠᠷᠠᠬᠤ ᠦᠭᠡᠢ ᠬᠦᠨᠦᠭᠡᠯᠲᠦ ᠠᠮᠢᠳᠤ ᠪᠤᠳᠠᠰ ᠤᠨ ᠡᠭᠦᠰᠬᠦ ᠪᠠ ᠳᠡᠯᠭᠡᠷᠡᠬᠦ ᠶᠢ ᠬᠢᠵᠠᠭᠠᠷᠯᠠᠬᠤ ᠳᠤ ᠠᠰᠢᠭᠲᠠᠢ ᠪᠠᠶᠢᠳᠠᠭ᠃ ᠬᠦᠨᠦᠭᠡᠯᠲᠦ ᠠᠮᠢᠳᠤ ᠪᠤᠳᠠᠰ ᠢ ᠵᠠᠰᠠᠬᠤ ᠲᠠᠯ᠎ᠠ ᠠᠴᠠ ᠦᠵᠡᠪᠡᠯ ᠳᠤᠤᠷᠠᠬᠢ ᠬᠡᠳᠦᠨ ᠵᠦᠢᠯ ᠢ ᠪᠠᠷᠢᠮᠲᠠᠯᠠᠬᠤ ᠬᠡᠷᠡᠭᠲᠡᠢ᠃      ⑴ ᠠᠳᠠᠯᠢ ᠨᠢᠭᠡ ᠲᠦᠷᠦᠯ ᠤᠨ ᠬᠦᠨᠦᠭᠡᠯᠲᠦ ᠠᠮᠢᠳᠤ ᠪᠤᠳᠠᠰ ᠲᠠᠢ ᠠᠳᠠᠯᠢ ᠪᠤᠰᠤ ᠲᠠᠷᠢᠮᠠᠯ ᠪᠣᠶᠣ ᠬᠦᠨᠦᠭᠡᠭᠳᠡᠬᠦ ᠰᠤᠷᠭᠤᠭ ᠬᠤᠭᠤᠴᠠᠭ᠎ᠠ ᠨᠢ ᠠᠳᠠᠯᠢ ᠪᠤᠰᠤ ᠪᠣᠯᠬᠤ ᠠᠳᠠᠯᠢ ᠵᠦᠢᠯ ᠤᠨ ᠲᠠᠷᠢᠮᠠᠯ ᠢ ᠬᠡᠰᠡᠭ ᠬᠡᠰᠡᠭ ᠢᠶᠠᠷ ᠲᠠᠷᠢᠵᠤ ᠪᠣᠯᠬᠤ ᠦᠭᠡᠢ᠃ ᠴᠢᠨᠠᠭᠰᠢᠯᠠᠨ ᠬᠦᠨᠦᠭᠡᠯᠲᠦ ᠠᠮᠢᠳᠤ ᠪᠤᠳᠠᠰ ᠤᠨ ᠠᠰᠢᠭᠲᠠᠢ ᠲᠠᠷᠬᠠᠬᠤ ᠪᠣᠶᠣ ᠨᠡᠭᠦᠳᠡᠯᠯᠡᠨ ᠲᠠᠷᠬᠠᠬᠤ ᠬᠡᠪᠴᠢᠶᠡᠨ ᠳᠤᠲᠤᠷ᠎ᠠ ᠪᠠᠶᠢᠷᠢᠯᠠᠭᠤᠯᠤᠨ᠎ᠠ᠃        ⑵ ᠠᠳᠠᠯᠢ ᠪᠤᠰᠤ ᠬᠦᠨᠦᠭᠡᠯᠲᠦ ᠠᠮᠢᠳᠤ ᠪᠤᠳᠠᠰ ᠤᠨ ᠲᠦᠷᠦᠯ ᠵᠦᠢᠯ ᠲᠠᠢ ᠪᠣᠯᠪᠠᠴᠤ ᠬᠦᠨᠦᠭᠡᠯᠲᠦ ᠠᠮᠢᠳᠤ ᠪᠤᠳᠠᠰ ᠨᠢ ᠠᠳᠠᠯᠢᠬᠠᠨ ᠳᠠᠷᠤᠯᠭ᠎ᠠ ᠲᠠᠢ ᠲᠠᠷᠢᠮᠠᠯ ᠤᠨ ᠵᠦᠢᠯ ᠢ ᠬᠡᠰᠡᠭ ᠬᠡᠰᠡᠭ ᠢᠶᠠᠷ ᠲᠠᠷᠢᠬᠤ ᠪᠤᠶᠤ ᠠᠯᠠᠭᠯᠠᠨ ᠲᠠᠷᠢᠪᠠᠯ ᠬᠦᠨᠦᠭᠡᠯᠲᠦ ᠠᠮᠢᠳᠤ ᠪᠤᠳᠠᠰ ᠢ ᠬᠢᠵᠠᠭᠠᠷᠯᠠᠬᠤ ᠳᠤ ᠠᠰᠢᠭᠲᠠᠢ᠂ ᠵᠢᠱᠢᠶᠡᠯᠡᠪᠡᠯ ᠪᠤᠭᠤᠳᠠᠢ᠂ ᠰᠢᠯᠢᠮᠳᠡᠭ ᠵᠡᠷᠭᠡ  ᠨᠢ ᠠᠳᠠᠯᠢ ᠪᠤᠰᠤ ᠲᠦᠷᠦᠯ ᠤᠨ ᠪᠠᠭᠠᠷᠠᠩ ᠬᠤᠷᠤᠬᠠᠢ ᠲᠠᠢ ᠪᠠᠶᠢᠭᠰᠠᠨ ᠴᠤ ᠪᠠᠭᠠᠷᠠᠩ ᠬᠤᠷᠤᠬᠠᠢ ᠨᠢ ᠬᠠᠮᠲᠤ ᠶᠢᠨ ᠳᠠᠷᠤᠯᠭ᠎ᠠ ᠲᠠᠢ᠃      2. ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠨ᠎ᠠ᠃ ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠬᠤ ᠨᠢ ᠬᠦᠷᠦᠰᠦᠨ ᠤ ᠰᠢᠮ᠎ᠡ ᠲᠡᠵᠢᠭᠡᠯ ᠪᠠ ᠭᠡᠷᠡᠯ ᠤᠨ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ ᠤᠨᠠᠯᠲᠠ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠬᠦᠨᠦᠭᠡᠯᠲᠦ ᠠᠮᠢᠳᠤ ᠪᠤᠳᠠᠰ ᠤᠨ ᠢᠳᠡᠰᠢ ᠪᠣᠶᠣ ᠮᠦᠯᠵᠢᠭᠳᠡᠭᠴᠢ ᠶᠢᠨ ᠬᠠᠩᠭᠠᠯᠭ᠎ᠠ ᠶᠢᠨ ᠭᠢᠨᠵᠢ ᠶᠢ ᠲᠠᠰᠣᠯᠵᠣ᠂ ᠬᠦᠨᠦᠭᠡᠯᠲᠦ ᠠᠮᠢᠳᠤ ᠪᠤᠳᠠᠰ ᠤᠨ ᠲᠤᠭᠠᠨ ᠤ ᠨᠡᠮᠡᠭᠳᠡᠯ ᠢ ᠬᠢᠵᠠᠭᠠᠷᠯᠠᠬᠤ ᠶᠢᠨ ᠬᠠᠮᠲᠤ ᠲᠠᠷᠢᠮᠠᠯ ᠤᠨ ᠬᠤᠭᠤᠷᠤᠨᠳᠤᠬᠢ ᠳᠠᠷᠣᠯᠭ᠎ᠠ ᠶᠢᠨ ᠳᠦᠷᠰᠦ ᠶᠢᠨ ᠰᠦᠷᠦᠭ ᠤᠨ ᠬᠠᠷᠢᠯᠴᠠᠨ ᠰᠢᠯᠵᠢᠬᠦ ᠳᠤ ᠠᠰᠢᠭᠲᠠᠢ ᠪᠠᠶᠢᠵᠤ᠂ ᠠᠮᠢ ᠠᠬᠤᠢ ᠶᠢᠨ ᠰᠢᠰᠲ᠋ᠧᠮ ᠤᠨ ᠬᠦᠨᠦᠭᠡᠯᠲᠦ ᠠᠮᠢᠳᠤ ᠪᠤᠳᠠᠰ ᠲᠠᠬᠢ ᠠᠶᠠᠨᠳᠠᠭᠠᠨ ᠤ ᠬᠢᠵᠠᠭᠠᠷᠯᠠᠬᠤ ᠴᠢᠳᠠᠪᠤᠷᠢ ᠶᠢ ᠴᠢᠩᠭᠠᠳᠬᠠᠨ᠎ᠠ᠃ ᠡᠶᠢᠮᠦ ᠠᠴᠠ ᠠᠯᠠᠭᠯᠠᠨ ᠲᠠᠷᠢᠬᠤ ᠨᠢ ᠨᠢᠭᠡ ᠲᠦᠷᠦᠯ ᠤᠨ ᠮᠠᠰᠢ ᠠᠰᠢᠭᠲᠠᠢ ᠰᠢᠪᠡᠵᠢ ᠰᠡᠷᠭᠡᠶᠢᠯᠡᠬᠦ ᠮᠡᠷᠭᠡᠵᠢᠯ ᠪᠣᠯᠬᠤ ᠪᠣᠯᠣᠮᠵᠢᠲᠠᠢ᠃ ᠪᠤᠭᠤᠳᠠᠢ ᠪᠣᠶᠣ ᠡᠪᠦᠯᠵᠢᠬᠦ ᠨᠤᠭᠤᠭᠠᠨ ᠪᠤᠷᠳᠤᠭᠤᠷ ᠬᠢᠭᠡᠳ ᠬᠦᠪᠦᠩ ᠢ ᠠᠯᠠᠭᠯᠠᠨ ᠲᠠᠷᠢᠪᠠᠯ ᠬᠦᠪᠦᠩ ᠤᠨ ᠴᠢᠬᠢᠯᠡᠬᠦ ᠬᠤᠭᠤᠴᠠᠭᠠᠨ ᠳᠠᠬᠢ ᠪᠠᠭᠠᠷᠠᠩ ᠬᠤᠷᠤᠬᠠᠢ ᠶᠢᠨ ᠬᠦᠨᠦᠭᠡᠯ ᠢ ᠨᠡᠯᠢᠶᠡᠳ ᠰᠠᠶᠢᠨ ᠬᠢᠵᠠᠭᠠᠷᠯᠠᠵᠤ ᠴᠢᠳᠠᠨ᠎ᠠ᠃      ︵ᠢᠷᠡᠯᠲᠡ᠄ ᠰᠢ ᠶᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号