● ᠰᠠᠭᠤᠷᠢ ᠴᠢᠨᠠᠷᠲᠠᠢ ᠤᠨᠤᠯ᠎ᠤᠨ ᠠᠰᠠᠭᠤᠳᠠᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠵᠦ᠂ ᠲᠥᠪ᠎ᠤᠨ ᠤᠬᠠᠭᠤᠯᠬᠤ ᠬᠡᠯᠲᠡᠰ᠎ᠤᠨ 《ᠮᠠᠷᠺᠰ᠎ᠤᠨ ᠦᠵᠡᠯ᠎ᠤᠨ ᠤᠨᠤᠯ᠎ᠤᠨ ᠰᠤᠳᠤᠯᠭ᠋ᠠᠨ ᠪᠠ ᠪᠦᠳᠦᠭᠡᠨ ᠪᠠᠢ᠌ᠭᠤᠯᠤᠯᠳᠠ ᠵᠢᠨ ᠢᠨᠵᠧᠨᠧᠷᠢᠩ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠶᠡᠬᠡ ᠤᠨᠤᠯ᠎ᠤᠨ ᠠᠰᠠᠭᠤᠳᠠᠯ ᠬᠢᠭᠡᠳ ᠪᠣᠳᠠᠲᠤ ᠠᠰᠠᠭᠤᠳᠠᠯ᠎ᠤᠨ ᠲᠤᠬᠠᠢ》 ᠰᠤᠳᠤᠯᠭ᠋ᠠᠨ᠎ᠢ ᠦᠨᠳᠦᠰᠦᠨ᠎ᠳᠤ᠎ᠪᠠᠨ ᠪᠡᠶᠡᠯᠡᠭᠦᠯᠵᠦ᠂ ᠥᠷᠥᠨᠡᠳᠠᠬᠢᠨ᠎ᠤ ᠦᠨᠳᠦᠰᠦᠲᠡᠨ᠎ᠤ ᠤᠨᠤᠯ᠎ᠢ ᠰᠢᠰᠲᠸᠮᠳᠦ ᠴᠢᠨᠠᠷᠲᠠᠢ᠎ᠪᠠᠷ ᠰᠢᠭᠦᠮᠵᠢᠯᠡᠨ ᠲᠠᠶᠠᠭᠳᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠤ ᠠᠵᠢᠯ᠎ᠤᠨ ᠲᠤᠷᠰᠢᠯᠭ᠎ᠠ ᠵᠢ ᠰᠢᠰᠲᠸᠮᠳᠦ ᠴᠢᠨᠠᠷᠲᠠᠢ ᠳ᠋ᠦᠩᠨᠡᠨ ᠪᠣᠯᠪᠠᠰᠤᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲᠸᠮ᠎ᠤᠨ 《ᠲᠦᠷᠪᠡᠨ ᠨᠢᠷᠤᠭᠤ ᠨᠠᠢ᠍ᠮᠠᠨ ᠲᠤᠯᠭ᠋ᠠᠭᠤᠷᠢ》 ᠵᠢ ᠬᠠᠢ᠌ᠨ ᠰᠦᠪᠡᠭᠴᠢᠯᠡᠪᠡ᠃
● 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡ》 ᠵᠢᠨ ᠨᠠᠢ᠌ᠷᠠᠭᠤᠯᠤᠨ ᠪᠢᠴᠢᠬᠦ ᠠᠵᠢᠯ᠎ᠢ ᠲᠦᠷᠭᠡᠳᠭᠡᠨ ᠠᠬᠢᠭᠤᠯᠵᠤ᠂ ᠨᠢᠭᠡᠨᠳᠡ120 ᠲᠦᠮᠡᠨ ᠦᠰᠦᠭ᠎ᠤᠨ 《ᠲᠣᠪᠴᠢ ᠲᠡᠦᠬᠡ》 ᠵᠢ ᠪᠡᠶᠡᠯᠡᠭᠦᠯᠵᠦ᠂ ᠤᠳᠤ ᠶᠠᠭ 12 ᠪᠣᠳᠢ ᠪᠦᠬᠦ ᠲᠡᠦᠬᠡ ᠵᠢᠨ ᠨᠠᠢ᠌ᠷᠠᠭᠤᠯᠤᠨ ᠪᠢᠴᠢᠬᠦ ᠠᠵᠢᠯ᠎ᠢ ᠠᠬᠢᠭᠤᠯᠵᠤ ᠪᠡᠢ᠌ᠨᠠ᠃ ᠡᠯ᠎ᠡ ᠭᠠᠵᠠᠷ᠎ᠤᠨ᠎ᠬᠢᠨ 33 ᠪᠣᠳᠢ᠂ 8000 ᠲᠦᠮᠡ ᠰᠢᠬᠠᠮ ᠦᠰᠦᠭ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ ᠪᠠ ᠲᠡᠭᠦᠨ᠎ᠤ ᠳᠣᠲᠣᠷᠠᠬᠢ 1000 ᠲᠦᠮᠡ ᠰᠢᠬᠠᠮ ᠦᠰᠦᠭ᠎ᠤᠨ ᠲᠡᠦᠬᠡᠨ ᠮᠠᠲ᠋ᠧᠷᠢᠶᠠᠯ᠎ᠢ ᠨᠠᠷᠢᠯᠢᠭ ᠨᠠᠢ᠌ᠷᠠᠭᠤᠯᠬᠤ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠪᠡ᠃

▲ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠵᠢᠭ᠋ᠠᠬᠤ ᠮᠠᠲ᠋ᠧᠷᠢᠶᠠᠯ᠃
● ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠣᠢ᠌ᠮᠣ》 ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠲᠡᠭᠦᠨ᠎ᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠵᠢᠩᠬᠢᠨᠢ ᠠᠩᠭᠢ ᠵᠢᠨ ᠤᠯᠤᠰ᠎ᠤᠨ ᠲᠠᠰ᠎ᠤᠨ ᠲᠥᠯᠦᠪᠵᠢᠭᠦᠯᠭᠡ ᠵᠢᠨ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ ᠵᠢ ᠠᠬᠢᠭᠤᠯᠪᠠ᠃ 《ᠲᠣᠢ᠌ᠮᠣ》 ᠵᠢᠭ᠋ᠠᠬᠤ ᠮᠠᠲᠸᠷᠢᠶᠠᠯ᠎ᠤᠨ ᠵᠠᠬᠢᠶᠠᠯᠠᠭ᠎ᠠ᠎ᠨᠢ 150 ᠲᠦᠮᠡ ᠭᠠᠷᠤᠢ ᠳᠡᠪᠲᠡᠷ᠎ᠲᠤ ᠬᠦᠷᠪᠡ᠂ ᠲᠤᠰ ᠵᠢᠭ᠋ᠠᠬᠤ ᠮᠠᠲᠸᠷᠢᠶᠠᠯ ᠵᠢᠡᠷ ᠪᠠᠳᠤᠳᠬᠠᠬᠤ ᠬᠥᠮᠦᠵᠢᠯ᠎ᠤᠨ ᠵᠢᠭ᠋ᠠᠨ ᠰᠤᠷᠭ᠋ᠠᠯᠲᠠ ᠦᠷᠨᠢᠬᠦᠯᠵᠦ ᠪᠠᠢ᠌ᠭ᠎ᠠ ᠶᠡᠬᠡ ᠳᠡᠭᠡᠳᠦ ᠰᠤᠷᠭ᠋ᠠᠭᠤᠯᠢ ᠮᠢᠩᠭ᠎ᠠ ᠰᠢᠬᠠᠮ ᠪᠠᠢ᠌ᠵᠤ᠂ ᠦᠨᠳᠦᠰᠦᠲᠡᠨ᠎ᠤ ᠠᠵᠢᠯ᠎ᠤᠨ ᠭᠣᠣᠯᠳᠠᠯᠭ᠎ᠠ᠎ᠲᠠᠢ ᠮᠤᠵᠢ ᠣᠷᠣᠨ᠎ᠤ ᠵᠢᠩᠬᠢᠨᠢ ᠠᠩᠭᠢ ᠵᠢᠨ ᠶᠡᠬᠡ ᠳᠡᠭᠡᠳᠦ ᠰᠤᠷᠭ᠋ᠠᠭᠤᠯᠢ ᠵᠢ ᠨᠡᠢ᠌ᠳᠡᠮ ᠬᠠᠮᠤᠷᠬᠤ ᠵᠢ ᠪᠡᠶᠡᠯᠡᠬᠦᠯᠪᠡ᠃ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢᠨ ᠥᠭᠡᠷᠡᠴᠢᠯᠡᠯᠲᠡ ᠵᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠢᠨᠵᠢᠯᠡᠭᠡᠨ᠎ᠤ ᠰᠠᠯᠠᠭ᠎ᠠ ᠵᠢ ᠪᠤᠢ᠌ᠵᠢᠭᠤᠯᠵᠦ᠂ 《ᠪᠠᠳᠤᠳᠬᠠᠬᠤ》 ᠬᠥᠮᠦᠵᠢᠯ᠎ᠤᠨ ᠬᠢᠴᠢᠶᠡᠯ᠎ᠤᠨ ᠲᠤᠠᠠᠳᠠᠯᠴᠠᠭᠠ ᠵᠢ ᠪᠠᠢ᠌ᠭᠤᠯᠵᠤ᠂ ᠰᠢᠨ᠎ᠡ᠎ᠪᠠᠷ ᠨᠠᠢ᠌ᠷᠠᠭᠤᠯᠤᠭᠰᠠᠨ 《ᠤᠭᠰᠠᠭ᠋ᠠᠳᠠᠨ ᠵᠦᠢ ᠵᠢᠨ ᠲᠤᠢ᠌ᠮᠦ》 ᠵᠢᠭ᠋ᠠᠬᠤ ᠮᠠᠲ᠋ᠧᠷᠢᠶᠠᠯ᠎ᠤᠨ ᠨᠠᠢ᠌ᠷᠠᠭᠤᠯᠤᠨ ᠪᠢᠴᠢᠬᠦ ᠠᠵᠢᠯ᠎ᠢ ᠡᠬᠢᠯᠡᠬᠦᠯᠪᠡ᠃

▲ 2024 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠂ ᠲᠥᠪ᠎ᠤᠨ ᠤᠬᠠᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠨᠳᠦᠰᠦᠲᠡᠨ᠎ᠤ ᠵᠦᠪᠯᠡᠯ᠎ᠤᠨ ᠬᠤᠯᠪᠤᠬᠳᠠᠯ ᠪᠦᠬᠦᠢ ᠲᠤᠬᠠᠢ᠌ᠯᠠᠭᠰᠠᠨ ᠠᠵᠢᠯ᠎ᠤᠨ ᠰᠠᠯᠠᠭ᠎ᠠ ᠮᠥᠴᠢᠷ᠎ᠠᠴᠠ ᠭᠣᠣᠯᠯᠠᠨ ᠡᠷᠬᠢᠯᠡᠵᠦ᠂ ᠦᠬᠠᠨ ᠶᠡᠬᠡ ᠰᠤᠷᠭ᠋ᠠᠭᠤᠯᠢ᠂ ᠬᠤᠪᠧᠢ ᠮᠤᠵᠢ ᠵᠢᠨ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠎ᠠᠴᠠ ᠳᠠᠭ᠋ᠠᠭ᠋ᠠᠴᠢᠯᠠᠨ ᠡᠷᠬᠢᠯᠡᠭᠰᠡᠨ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠶᠠᠷᠢᠶᠠᠨ᠎ᠤ ᠲᠠᠪᠴᠠᠩ ᠦᠬᠠᠨ᠎ᠳᠤ ᠶᠠᠪᠤᠭᠳᠠᠪᠠ᠃ ᠦᠬᠠᠨ ᠶᠡᠬᠡ ᠰᠤᠷᠭ᠋ᠠᠭᠤᠯᠢ ᠵᠢᠷᠤᠭ ᠬᠠᠩᠭ᠋ᠠᠪᠠ᠃
● ᠴᠢᠨᠠᠷ ᠰᠠᠢ᠌ᠲᠠᠢ ᠰᠤᠳᠤᠯᠭ᠋ᠠᠨ᠎ᠤ ᠲᠠᠪᠴᠠᠩ ᠪᠣᠯᠣᠨ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠵᠤ᠂ ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠶᠠᠷᠢᠶᠠᠨ᠎ᠤ ᠲᠠᠪᠴᠠᠩ᠂ ᠳᠤᠮᠳᠠᠳᠤ ᠤᠯᠤᠰ᠎ᠤᠨ ᠬᠥᠮᠥᠨ ᠵᠦᠢ ᠤᠭᠰᠠᠭ᠋ᠠᠳᠠᠨ ᠵᠦᠢ ᠵᠢᠨ 2024 ᠣᠨ᠎ᠤ ᠬᠤᠷᠠᠯ᠎ᠢ ᠡᠷᠬᠢᠯᠡᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠤᠠᠠᠳᠠᠯᠴᠠᠭᠠ ᠵᠢᠨ ᠪᠠᠢ᠌ᠭᠤᠯᠤᠯᠲᠠ ᠵᠢᠨ ᠢᠳᠡᠷ ᠵᠠᠯᠠᠭᠤ ᠡᠷᠳᠡᠮᠲᠡᠳ᠎ᠤᠨ ᠰᠤᠳᠤᠯᠤᠨ ᠰᠤᠷᠤᠯᠴᠠᠬᠤ ᠠᠩᠭᠢ ᠵᠢ 4 ᠬᠤᠭᠤᠴᠠᠭ᠎ᠠ ᠡᠷᠬᠢᠯᠡᠵᠦ᠂ ᠰᠤᠳᠤᠯᠭ᠋ᠠᠨ᠎ᠤ ᠰᠠᠭᠤᠷᠢᠨ ᠭᠠᠵᠠᠷ ᠪᠠ ᠬᠣᠯᠪᠣᠭᠳᠠᠯ ᠪᠦᠬᠦᠢ ᠶᠡᠬᠡ ᠳᠡᠭᠡᠳᠦ ᠰᠤᠷᠭ᠋ᠠᠭᠤᠯᠢ ᠵᠡᠷᠭᠡ 162 ᠨᠢᠭᠡᠴᠢ ᠵᠢᠨ 450 ᠬᠥᠮᠥᠨ ᠰᠤᠳᠤᠯᠤᠨ ᠰᠤᠷᠤᠯᠴᠠᠬᠤ᠎ᠳᠤ ᠣᠷᠣᠯᠴᠠᠵᠤ᠂ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠬᠤ᠂ 《ᠪᠠᠳᠤᠳᠬᠠᠬᠤ》 ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ᠂ ᠴᠢᠳᠠᠪᠤᠷᠢᠲᠠᠨ᠎ᠤ ᠡᠩᠨᠡᠭᠡ ᠵᠢ ᠬᠤᠷᠠᠯᠳᠤᠭᠤᠯᠤᠨ ᠪᠠᠢ᠌ᠭᠤᠯᠬᠤ ᠵᠡᠷᠭᠡ ᠤᠯᠠᠨ ᠳᠠᠪᠬᠤᠷ ᠬᠠᠷᠠᠯᠲᠠ ᠵᠢ ᠪᠡᠶᠡᠯᠡᠭᠦᠯᠪᠡ᠃
● ᠦᠷ᠎ᠡ ᠪᠦᠲᠦᠭᠡᠯ᠎ᠤᠨ ᠤᠯᠠᠷᠢᠭᠤᠯᠬᠤ ᠵᠢ ᠲᠦᠷᠭᠡᠳᠬᠡᠵᠦ᠂ ᠦᠨᠳᠦᠰᠦᠲᠡᠨ᠎ᠤ ᠰᠤᠳᠤᠯᠭ᠋ᠠᠨ᠎ᠤ ᠲᠦᠷᠦᠯ ᠵᠦᠢ᠍ᠯ᠎ᠤᠨ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ᠂ ᠰᠠᠳᠤᠪ᠎ᠤᠨ ᠰᠡᠭᠦᠯᠴᠢ ᠵᠢᠨ ᠬᠤᠭᠤᠴᠠᠭ᠋ᠠᠨ᠎ᠳᠤ ᠪᠡᠯᠡ ᠮᠥᠩᠭᠥ᠎ᠪᠠᠷ ᠲᠤᠰᠠᠯᠠᠬᠤ᠂ 《ᠪᠠᠳᠤᠳᠬᠠᠬᠤ》 ᠲᠤᠰᠬᠠᠢ ᠲᠦᠷᠦᠯ᠎ᠤᠨ ᠰᠡᠳᠦᠪ ᠡᠷᠬᠢᠯᠡᠬᠦ ᠵᠡᠷᠭᠡ ᠴᠢᠨᠠᠷ ᠰᠠᠢ᠌ᠲᠠᠢ ᠦᠷ᠎ᠡ ᠪᠦᠲᠦᠭᠡᠯ᠎ᠤᠨ ᠤᠯᠠᠷᠢᠭᠤᠯᠤᠯᠳᠠ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠡᠩ ᠰᠠᠢ᠌ᠨ ᠦᠢ᠍ᠯᠡᠴᠢᠯᠡᠵᠦ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠢ ᠨᠡᠩ ᠰᠠᠢ᠌ᠨ ᠬᠥᠲᠥᠯᠥᠨ ᠲᠠᠭ᠋ᠠᠭᠤᠯᠪᠠ᠃
ᠦᠷᠭᠦᠯᠵᠢᠯᠡᠨ ᠴᠢᠷᠮᠠᠢ᠌ᠬᠤ᠎ᠪᠠᠷ ᠲᠠᠮᠵᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠲᠤᠠᠠᠳᠠᠯᠴᠠᠭᠠ ᠵᠢᠨ ᠪᠠᠢ᠌ᠭᠤᠯᠤᠯᠲᠠ᠎ᠨᠢ ᠨᠢᠭᠡᠨᠲᠡ ᠰᠢᠰᠲ᠋ᠧᠮ᠎ᠲᠠᠢ᠎ᠪᠠᠷ ᠪᠠᠢ᠌ᠭᠤᠯᠤᠠᠠᠳᠠᠬᠤ ᠰᠢᠨ᠎ᠡ ᠱᠠᠲᠤᠨ᠎ᠳᠤ ᠣᠷᠣᠵᠤ᠂ ᠵᠣᠬᠢᠶᠠᠨ ᠪᠠᠢ᠌ᠭᠤᠯᠤᠯᠲᠠ᠎ᠲᠠᠢ ᠰᠢᠨᠵᠢᠯᠡᠭᠡᠨ᠎ᠤ ᠰᠤᠳᠤᠯᠭ᠋ᠠᠨ ᠵᠶ᠋ᠠᠷ ᠲᠠᠮᠵᠢᠵᠦ ᠤᠨᠤᠯ᠎ᠤᠨ ᠬᠦᠴᠢᠷᠳᠡᠯ᠎ᠢ ᠲᠥᠪᠯᠡᠷᠡᠭᠦᠯᠦᠨ ᠰᠢᠢ᠍ᠳᠪᠦᠷᠢᠯᠡᠵᠦ᠂ ᠡᠷᠳᠡᠮ ᠰᠢᠨᠵᠢᠯᠡᠭᠡ ᠦᠵᠡᠯ ᠰᠠᠨᠠᠭ᠋ᠠᠨ᠎ᠤ ᠡᠲᠡᠭᠡᠳ ᠨᠢᠭᠡᠨᠲᠡ ᠦᠨᠳᠦᠰᠦᠨ᠎ᠳᠤ᠎ᠪᠠᠨ 《ᠪᠠᠳᠤᠳᠬᠠᠬᠤ》 ᠬᠠᠮᠲᠤ ᠵᠢᠨ ᠲᠠᠨᠢᠯᠲᠠ᠎ᠲᠠᠢ ᠪᠣᠯᠤᠭᠰᠠᠨ ᠪᠠᠢ᠌ᠨ᠎ᠠ᠃
ᠤᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠭᠡᠢ ᠨᠠᠢ᠌ᠷᠠᠭᠤᠯᠤᠠᠠᠴᠢ᠄ ᠬᠤᠤᠰᠪᠠᠶᠠᠷ
ᠶᠡᠷᠤᠩᠭᠡᠢ ᠨᠠᠢ᠌ᠷᠠᠭᠤᠯᠤᠠᠠᠴᠢ᠄ ᠸᠠᠩ ᠰᠢᠤᠸᠠᠢ ᠳ᠋ᠥᠩ