ᠲᠡᠷᠢᠭᠦᠨ ᠬᠠᠭᠤᠳᠠᠰᠤ   -   ᠳᠤᠮᠳᠠᠳᠤ᠎ᠶᠢ ᠦᠭᠦᠯᠡᠬᠦᠢ
ᠤᠷᠢᠶᠠᠯᠠᠭ᠎ᠠ ᠵᠢ ᠲᠠᠭ᠋ᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨᠠᠮ
ᠨᠡᠶ᠋ᠢᠲᠡᠯᠡᠭᠰᠡᠨ ᠴᠠᠭ᠄ 2025-03-03

       2024 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠡᠢ᠌ᠳᠡᠪᠤᠷᠢᠵᠢᠬᠦᠯᠦᠠᠠᠰᠠᠨ ᠵᠠᠩᠭᠢᠯᠠᠭ᠎ᠠ ᠵᠢᠨ ᠵᠢᠯ ᠮᠥᠨ᠂ ᠪᠠᠰᠠ ᠴᠤ᠌ ᠦᠨᠳᠦᠰᠦᠲᠡᠨ᠎ᠤ ᠠᠵᠢᠯ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠤᠭᠰᠠᠨ ᠨᠢᠭᠡ ᠵᠢᠯ ᠮᠥᠨ᠃ ᠨᠢᠭᠡ ᠵᠢᠯ᠎ᠤᠨ ᠲᠤᠷᠰᠢ᠂ ᠨᠠᠮ᠎ᠤᠨ ᠲᠥᠪ ᠬᠣᠷᠢᠶᠠᠨ᠎ᠤ ᠵᠥᠪ ᠣᠨᠣᠪᠴᠢᠲᠠᠢ ᠤᠳᠤᠷᠢᠳᠤᠯᠭ᠎ᠠ ᠪᠤᠯᠤᠨ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠤᠯᠤᠰ᠎ᠤᠨ ᠦᠨᠳᠦᠰᠦᠲᠡᠨ᠎ᠤ ᠵᠦᠪᠯᠡᠯ᠎ᠨᠢ ᠰᠢ ᠵᠢᠨ ᠫᠢᠩ ᠶᠡᠷᠦᠩᠬᠡᠢ ᠱᠦᠵᠢ ᠵᠢᠨ ᠠᠯᠢ ᠤᠯᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠵᠠᠮ ᠨᠡᠭᠡᠭᠡᠨ ᠰᠢᠨ᠎ᠡ ᠵᠢ ᠡᠭᠦᠳᠴᠦ᠂ ᠡᠯ᠎ᠡ ᠲᠠᠯ᠎ᠠ ᠵᠢᠨ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠪᠠ᠃
      ᠥᠨᠥᠳᠦᠷ᠎ᠠᠴᠠ ᠡᠬᠢᠯᠡᠵᠦ᠂ 《ᠲᠤᠮᠳᠠᠳᠤ ᠵᠢ ᠦᠬᠦᠯᠡᠬᠦᠢ》 ᠳᠠᠪᠴᠠᠡᠭ᠎ᠳᠤ 《2024 ᠣᠨ᠎ᠤ ᠦᠨᠳᠦᠰᠦᠲᠡᠨ᠎ᠤ ᠠᠵᠢᠯ᠎ᠤᠨ ᠡᠷᠭᠢᠴᠡᠭᠦᠯᠦᠯ》 ᠲᠤᠰᠬᠠᠶ ᠪᠤᠯᠤᠩ᠎ᠢ ᠭᠠᠷᠭ᠋ᠠᠵᠤ᠂ ᠦᠨᠳᠦᠰᠦᠲᠡᠨ᠎ᠤ ᠠᠵᠢᠯ᠎ᠤᠨ ᠰᠢᠨ᠎ᠡ ᠰᠢᠪᠲᠤᠯᠤᠯᠲᠠ ᠵᠢ ᠨᠢᠭᠡᠳ ᠨᠢᠭᠡ᠎ᠪᠠᠷ ᠪᠦᠷᠢᠤᠡᠭᠡᠬᠦ ᠪᠣᠯᠤᠨ᠎ᠠ᠃

      ᠤᠷᠢᠶᠠᠯᠠᠭ᠎ᠠ ᠵᠢ ᠲᠠᠭ᠋ᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
      ● ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠠᠢ᠌ᠯᠪᠤᠷᠢᠯᠠᠵᠤ᠂ 《ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠬᠤ ᠪᠢᠴᠢᠭ》᠎ᠢ ᠨᠠᠢ᠌ᠷᠠᠭᠤᠯᠤᠨ ᠬᠡᠪᠯᠡᠭᠦᠯᠪᠡ᠃
      ● 《ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ》 ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠪᠦᠯᠦᠭ᠎ᠤᠨ ᠠᠭᠤᠯᠭ᠎ᠠ ᠵᠢ ᠲᠤᠭᠤᠷᠪᠢᠬᠤ᠎ᠳᠤ ᠣᠷᠣᠯᠴᠠᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠤᠨᠤᠯ ᠪᠠ ᠦᠢ᠍ᠯᠡᠳᠦᠯᠭᠡ ᠵᠢ ᠭᠦᠨᠵᠡᠭᠡᠢ᠌ᠷᠡᠭᠦᠯᠪᠡ᠃

W020250122596221543371_ORIGIN.png

      ▲《ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ》 (ᠵᠢᠷᠤᠭ᠎ᠤᠨ ᠢᠷᠡᠯᠲᠡ᠄ ᠰᠤᠷᠤᠯᠴᠠᠯᠭ᠎ᠠ ᠵᠢᠨ ᠬᠦᠴᠦᠷᠬᠡᠭ ᠤᠯᠤᠰ) 

      ● 《ᠰᠢ ᠵᠢᠨ ᠫᠢᠩ ᠶᠡᠷᠦᠩᠬᠡᠢ ᠱᠦᠵᠢ ᠵᠢᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ》᠂ 《ᠰᠢ ᠵᠢᠨ ᠫᠢᠩ ᠲᠦᠷᠦ ᠵᠢ ᠵᠠᠰᠠᠬᠤ ᠲᠤᠬᠠᠢ》 (ᠲᠦᠷᠪᠡᠨ ᠪᠤᠳᠢ)᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠠ ᠬᠤᠷᠠᠯ᠎ᠤᠨ ᠪᠢᠴᠢᠭ ᠮᠠᠲ᠋ᠧᠷᠢᠶᠠᠯ ᠵᠡᠷᠭᠡ ᠤᠨᠤᠯ᠎ᠤᠨ ᠵᠣᠬᠢᠶᠠᠯ ᠪᠦᠲᠦᠭᠡᠯ᠎ᠢ ᠦᠨᠳᠦᠰᠦᠲᠡᠨ᠎ᠤ ᠦᠰᠦᠭ ᠪᠢᠴᠢᠭ ᠵᠢᠡᠷ ᠣᠷᠴᠢᠭᠤᠯᠤᠨ ᠬᠡᠪᠯᠡᠬᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠰᠢᠨ᠎ᠡ ᠦᠵᠡᠯ ᠰᠠᠨᠠᠭ᠎ᠠ ᠰᠢᠨ᠎ᠡ ᠤᠨᠤᠯ ᠰᠢᠨ᠎ᠡ ᠦᠵᠡᠯᠲᠡ ᠵᠢ ᠴᠠᠭ ᠲᠤᠬᠠᠢ᠎ᠳᠤ᠎ᠨᠢ ᠤᠬᠠᠭᠤᠯᠤᠨ ᠲᠠᠢ᠌ᠯᠪᠤᠷᠢᠯᠠᠪᠠ᠃

W020250122596222978258_ORIGIN.jpg

      ▲《ᠰᠢ ᠵᠢᠨ ᠫᠢᠩ ᠲᠥᠷᠥ ᠵᠢ ᠵᠠᠰᠠᠬᠤ ᠲᠤᠬᠠᠢ》 (ᠲᠦᠷᠪᠡᠨ ᠪᠤᠳᠢ) (ᠵᠢᠷᠤᠭ᠎ᠤᠨ ᠢᠷᠡᠯᠲᠡ᠄ ᠤᠯᠤᠰ᠎ᠤᠨ ᠦᠨᠳᠦᠰᠦᠲᠡᠨ᠎ᠤ  ᠵᠥᠪᠯᠡᠯ) 

     ● ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠲᠠᠢ ᠬᠠᠮᠲᠤᠷᠠᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠷᠰᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠪᠠ᠃
     ● ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠂ ᠪᠦᠬᠦ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠂ ᠪᠦᠬᠦ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠵᠡᠷᠭᠡ᠎ᠲᠠᠢ ᠬᠠᠮᠲᠤᠷᠠᠨ ᠠᠵᠢᠯᠯᠠᠬᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠪᠠ; ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠲᠠᠢ ᠬᠠᠮᠲᠤᠷᠠᠨ 《ᠪᠡᠶ᠎ᠡ ᠵᠢᠨ ᠲᠠᠮᠢᠷ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃
     ● ᠲᠥᠪ ᠬᠤᠷᠢᠶᠡᠨ᠎ᠤ ᠲᠣᠭᠣᠷᠢᠨ ᠪᠠᠢ᠌ᠴᠠᠭ᠋ᠠᠬᠤ ᠠᠯᠪᠠᠨ ᠭᠡᠷ᠎ᠲᠠᠢ ᠵᠥᠪᠳᠡᠯᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠲᠣᠭᠣᠷᠢᠨ ᠪᠠᠢ᠌ᠴᠠᠭ᠋ᠠᠬᠤ ᠴᠠᠭᠳᠠᠨ ᠪᠠᠢ᠌ᠴᠠᠭ᠋ᠠᠬᠤ᠎ᠳᠤ ᠣᠷᠣᠭᠤᠯᠬᠤ ᠵᠢᠨ ᠬᠠᠮᠲᠤ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠬᠠᠮᠵᠢᠯᠴᠠᠨ ᠨᠠᠢ᠌ᠳᠠᠪᠤᠷᠢᠵᠢᠭᠤᠯᠬᠤ ᠲᠤᠭᠳᠠᠯᠴᠠᠭ᠎ᠠ ᠵᠢ ᠲᠤᠭᠳᠠᠭ᠋ᠠᠪᠠ᠃
ᠦᠷᠭᠦᠯᠵᠢᠯᠡᠨ ᠴᠢᠷᠮᠠᠢ᠌ᠬᠤ᠎ᠪᠠᠷ ᠳᠠᠮᠵᠢᠵᠤ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠤᠳᠤᠷᠢᠳᠤᠯᠭ᠎ᠠ ᠨᠡᠩ ᠬᠦᠴᠦᠲᠡᠢ ᠪᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠢ᠌ᠷᠢᠰᠢᠯ ᠡᠳᠦᠷ ᠢᠷᠡᠬᠦᠶ᠎ᠡ ᠴᠢᠩᠭ᠋ᠠᠷᠠᠵᠤ᠂ ᠡᠯ᠎ᠡ ᠰᠠᠯᠠᠭ᠎ᠠ ᠮᠥᠴᠢᠷ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠢ ᠬᠠᠮᠲᠤ᠎ᠪᠠᠷ ᠬᠢᠬᠦ ᠨᠡᠢ᠌ᠯᠡᠮᠡᠯ ᠬᠦᠴᠦᠨ ᠲᠠᠰᠤᠷᠠᠯᠳᠠ ᠦᠭᠡᠢ ᠪᠤᠵᠠᠭ᠋ᠠᠢ᠌ᠷᠠᠪᠠ᠃





        ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠨᠠᠢ᠌ᠷᠠᠭᠤᠯᠤᠭᠴᠢ᠄ ᠬᠤᠤᠰᠪᠠᠶᠠᠷ
        ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ


 

ᠢᠷᠡᠯᠲᠡ᠄ ᠲᠤᠮᠳᠠᠳᠤ ᠵᠢ ᠥᠭᠦᠯᠡᠬᠦᠢ