ᠲᠡᠷᠢᠭᠦᠨ ᠬᠠᠭᠤᠳᠠᠰᠤ   -   ᠰᠤᠷᠪᠤᠯᠵᠢᠯᠠᠭ᠎ᠠ
ᠭᠤᠤ ᠵᠠᠨ ᠱᠧᠩ᠄ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠨᠢᠭᠡᠳᠦᠭᠡᠷ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠴᠣᠭᠴᠠᠯᠠᠶ᠎ᠠ
ᠨᠡᠶ᠋ᠢᠲᠡᠯᠡᠭᠰᠡᠨ ᠴᠠᠭ᠄ 2023-10-31

      ᠨᠢᠭᠡ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠢ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠪᠠᠶ᠋ᠢᠭᠤᠯᠤᠭᠳᠠᠭᠰᠠᠨ ᠠᠩᠬᠠᠳᠠᠭᠴᠢ ᠮᠤᠵᠢ ᠵᠢᠨ ᠳᠡᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠦᠭᠡᠳ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠳᠤᠮᠰᠢᠯ᠎ᠲᠠᠢ᠎ᠠᠴᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠮᠡᠬᠦ ᠡᠷᠬᠢᠮ ᠳᠡᠭᠡᠳᠦ ᠢᠷᠠᠭᠤ ᠠᠯᠳᠠᠷ᠎ᠢ ᠬᠦᠷᠲᠡᠭᠰᠡᠨ ᠶᠤᠮ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠶ᠋ᠢᠲᠤᠷ ᠪᠦᠳᠦᠭᠡᠨ ᠪᠠᠶ᠋ᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠢᠮᠠᠭᠲᠠ ᠲᠠᠯᠪᠢᠭᠰᠠᠭ᠋ᠠᠷ ᠢᠷᠡᠭᠰᠡᠨ ᠱᠠᠭ᠋ᠠᠷᠳᠠᠯᠭ᠎ᠠ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠰᠠᠶ᠋ᠢᠲᠤᠷ ᠪᠥᠲᠥᠭᠡᠨ ᠪᠠᠶ᠋ᠢᠭᠤᠯᠬᠤ ᠲᠤᠬᠠᠶ ᠣᠯᠠᠨ ᠤᠳᠠᠭ᠎ᠠ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃ ᠡᠨᠡ ᠵᠢᠯ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠂ ᠶᠡᠷᠦᠩᠬᠡᠶ ᠱᠦᠵᠢ ᠰᠢ ᠵᠢᠨ ᠫᠢᠩ ᠠᠩᠬ᠎ᠠ ᠤᠳᠠᠭ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠤᠤᠯ ᠰᠢᠵᠢᠮ ᠮᠥᠨ》 ᠭᠡᠵᠦ ᠳᠤᠷᠠᠳᠴᠤ᠂ ᠪᠢᠳᠡᠨ᠎ᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠶ᠋ᠢᠲᠤᠷ ᠪᠥᠲᠥᠭᠡᠨ ᠪᠠᠶ᠋ᠢᠭᠤᠯᠬᠤ ᠬᠡᠷᠡᠭᠲᠡᠶ》 ᠭᠡᠵᠦ ᠳᠠᠬᠢᠨᠲᠠ ᠱᠠᠭ᠋ᠠᠷᠳᠠᠪᠠ᠃
      《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠣᠭᠲᠠᠭ᠋ᠠᠯ》 ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠤᠭᠰᠠᠨ᠂ ᠥᠪᠥᠷ ᠮᠣᠩᠭᠣᠯ᠎ᠤᠨ ᠡᠯ᠎ᠡ ᠲᠥᠷᠥᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠵᠢᠯᠣᠭᠣᠳᠬᠤ ᠶᠡᠷᠦᠩᠬᠡᠶ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠠᠢ᠌ᠵᠤ᠂ 《ᠵᠢᠱ᠌ᠢᠶᠡᠴᠢ ᠦᠪᠡᠷᠲᠡᠭᠡᠨ ᠵᠠᠰᠠᠬᠤ ᠣᠷᠣᠨ》 ᠭᠡᠬᠦ ᠡᠷᠬᠢᠮ ᠳᠡᠭᠡᠳᠦ ᠢᠷᠠᠭᠤ ᠠᠯᠳᠠᠷ᠎ᠢ ᠨᠠᠩ ᠬᠦᠴᠦᠲᠡᠶ᠂ ᠨᠠᠩ ᠭᠦᠨᠴᠡ᠎ᠲᠠᠢ᠂ ᠨᠠᠩ ᠤᠳᠠᠭ᠋ᠠᠨ ᠳᠠᠭ᠋ᠠᠭ᠋ᠠᠮᠠᠭ᠋ᠠᠶ ᠬᠠᠮᠠᠭ᠋ᠠᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ ᠪᠠ ᠪᠠᠲᠤ ᠴᠢᠩᠭ᠎ᠠ ᠲᠡᠦᠬᠡ ᠵᠢᠨ ᠡᠭᠦᠷᠭᠡᠯᠡᠯ᠎ᠤᠨ ᠢᠯᠡᠷᠡᠭᠦᠯᠦᠯ ᠪᠣᠯᠤᠨ᠎ᠠ᠂ ᠲᠡᠷᠡᠴᠢᠯᠡᠨ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠤᠨ ᠢᠯᠡᠳᠲᠡ ᠳᠠᠪᠠᠭᠤᠯᠢᠭ᠎ᠢ ᠪᠦᠬᠦ ᠲᠠᠯ᠎ᠠ᠎ᠪᠠᠷ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶ᠋ᠢᠯᠭ᠎ᠠ ᠵᠢ ᠪᠦᠬᠦ ᠲᠠᠯ᠎ᠠ᠎ᠪᠠᠷ ᠢᠯᠡᠷᠡᠭᠦᠯᠵᠦ᠂ ᠪᠦᠬᠦ ᠣᠷᠣᠨ ᠳᠠᠶᠠᠭ᠋ᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠦᠭᠡᠢ ᠤᠷᠤᠭᠰᠢᠯᠠᠬᠤ ᠵᠢ ᠵᠣᠷᠢᠭᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠍ᠭᠤᠯᠤᠯᠲᠠ ᠳᠤᠮᠳᠠ ᠰᠢᠨ᠎ᠡ ᠵᠠᠮ᠎ᠢ ᠨᠡᠭᠡᠭᠡᠬᠦ᠎ᠳᠤ᠂ ᠴᠢᠬᠤᠯᠠ ᠶᠡᠬᠡ ᠪᠥᠭᠡᠳ ᠠᠯᠤᠰ ᠬᠡᠲᠦ ᠵᠢᠨ ᠪᠣᠲᠠᠲᠤ ᠠᠴᠢ ᠬᠣᠯᠪᠣᠭᠳᠠᠯ᠎ᠲᠠᠢ ᠶᠤᠮ᠃
      ᠪᠢᠳᠡ 《ᠲᠣᠭᠲᠠᠭ᠋ᠠᠯ》᠎ᠢ ᠰᠤᠷᠤᠯᠴᠠᠵᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠨᠠᠷᠢᠨ ᠬᠢᠨᠠᠮᠠᠭ᠋ᠠᠶ ᠰᠠᠶ᠋ᠢᠲᠤᠷ ᠠᠳᠬᠤᠵᠤ᠂ ᠦᠨᠳᠦᠰᠦᠲᠡᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠵᠤ᠂ ᠪᠣᠳᠠᠲᠠᠶ ᠠᠵᠢᠯᠯᠠᠬᠤ᠎ᠪᠠᠷ ᠬᠦᠲᠦᠯᠦᠮᠵᠢ ᠪᠣᠯᠭ᠋ᠠᠬᠤ ᠵᠢ ᠪᠠᠷᠢᠮᠳᠠᠯᠠᠵᠤ᠂ ᠪᠣᠳᠠᠲᠠᠶ ᠠᠷᠭ᠎ᠠ ᠭᠠᠷᠭ᠋ᠠᠬᠤ᠂ ᠪᠣᠳᠠᠲᠠᠶ ᠠᠵᠢᠯ ᠬᠢᠬᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠨᠠᠩ ᠥᠨᠳᠥᠷ ᠱᠠᠭ᠋ᠠᠷᠳᠠᠯᠭ᠎ᠠ᠂ ᠨᠠᠩ ᠶᠡᠬᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠡᠯ᠎ᠡ ᠲᠥᠷᠥᠯ᠎ᠤᠨ ᠠᠵᠢᠯ᠎ᠢ ᠰᠠᠶ᠋ᠢᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠤᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠪᠠᠢ᠌ᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃
      ᠬᠣᠶᠠᠷ᠂ ᠨᠠᠮ᠎ᠤᠨ ᠠᠴᠢ ᠡᠨᠡᠷᠢᠯ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠶ ᠱᠦᠵᠢ ᠰᠢ ᠵᠢᠨ ᠫᠢᠩ᠎ᠢ ᠡᠷᠡᠰ ᠳᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠎ᠳᠤ ᠵᠢᠱ᠌ᠢᠶᠡᠴᠢ ᠪᠣᠯᠤᠶ᠎ᠠ
      《ᠬᠣᠶᠠᠷ᠎ᠢ ᠲᠣᠭᠲᠠᠭ᠋ᠠᠭᠰᠠᠨ》᠎ᠢ ᠡᠷᠡᠰ ᠬᠠᠮᠠᠭ᠋ᠠᠯᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠢᠮᠠᠭᠲᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠶ᠋ᠢᠵᠤ᠂ ᠨᠠᠮ᠎ᠤᠨ ᠲᠥᠪ ᠬᠣᠷᠢᠶᠠᠨ᠎ᠤ ᠰᠠᠨᠠᠭ᠋ᠠᠴᠢᠯᠠᠭᠰᠠᠨ᠎ᠢ ᠡᠷᠡᠰ ᠴᠤᠤᠷᠢᠶᠠᠲᠤᠨ ᠳᠠᠭ᠋ᠠᠵᠤ᠂ ᠨᠠᠮ᠎ᠤᠨ ᠲᠥᠪ ᠬᠣᠷᠢᠶᠠᠨ᠎ᠤ ᠲᠣᠭᠲᠠᠭ᠋ᠠᠭᠰᠠᠨ᠎ᠢ ᠡᠷᠡᠰ ᠵᠢᠷᠤᠮᠯᠠᠨ ᠭᠦᠢ᠍ᠴᠡᠳᠬᠡᠵᠦ᠂ ᠨᠠᠮ᠎ᠤᠨ ᠲᠥᠪ ᠬᠣᠷᠢᠶᠠᠨ᠎ᠤ ᠴᠠᠭ᠋ᠠᠵᠠᠯᠠᠭᠰᠠᠨ᠎ᠢ ᠡᠷᠡᠰ ᠬᠢᠬᠦ ᠥᠬᠡᠶ ᠪᠠᠶ᠋ᠢᠬᠤ ᠵᠢ ᠪᠡᠶᠡᠯᠡᠭᠦᠯᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠠᠶ᠋ᠢᠲᠤᠷ ᠥᠷᠨᠢᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠠᠵᠢᠯ᠎ᠢ ᠴᠥᠬᠥᠷᠡᠰᠢ ᠦᠭᠡᠢ ᠪᠠᠷᠢᠮᠳᠠᠯᠠᠨ᠎ᠠ᠃
      ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠵᠢ ᠭᠦᠨᠵᠡᠭᠡᠶ ᠣᠶ᠋ᠢᠯᠠᠭ᠋ᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠬᠥᠭᠵᠢᠯᠲᠡ ᠵᠢᠨ ᠠᠤᠭ᠎ᠠ ᠲᠥᠰᠥᠪ᠂ ᠲᠣᠭᠲᠠᠭ᠋ᠠᠭᠰᠠᠨ ᠠᠵᠢᠯᠯᠠᠭ᠋ᠠᠨ᠎ᠤ ᠬᠥᠲᠥᠯᠪᠦᠷᠢ ᠵᠢ ᠭᠦᠨᠵᠡᠭᠡᠶ ᠣᠶ᠋ᠢᠯᠠᠭ᠋ᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠭᠤᠶ᠋ᠢᠪᠢᠰᠢ ᠥᠬᠡᠶ ᠤᠷᠤᠭᠰᠢᠯᠠᠭᠤᠯᠤᠨ᠎ᠠ᠃
      《ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ》᠎ᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ 《ᠨᠢᠭᠡ ᠭᠠᠷᠠᠭ ᠬᠣᠶᠠᠷ ᠰᠠᠷ᠎ᠠ》 (ᠦᠨᠳᠦᠰᠦᠲᠡᠨ᠎ᠤ ᠬᠠᠤᠯᠢ᠎ᠪᠠᠷ ᠵᠠᠰᠠᠬᠤ ᠵᠢᠨ ᠤᠬᠠᠭᠤᠯᠭ᠎ᠠ ᠵᠢᠨ ᠭᠠᠷᠠᠭ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ) ᠵᠢᠨ ᠤᠬᠠᠭᠤᠯᠭ᠎ᠠ ᠬᠥᠮᠦᠵᠢᠯ᠎ᠤᠨ ᠨᠠᠷᠠᠲᠤ ᠳᠡᠮᠳᠡᠭ᠎ᠢ ᠨᠢᠮᠪᠠᠢ ᠴᠣᠭᠴᠠᠯᠠᠵᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠥᠷᠭᠡᠨ ᠵᠶ᠋ᠠᠷ ᠥᠷᠨᠢᠭᠦᠯᠵᠦ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠬᠠᠯᠠᠮᠵᠢᠯᠠᠯ ᠪᠠ ᠳᠡᠮᠵᠢᠯᠭᠡ ᠵᠢ ᠶᠡᠬᠡ᠎ᠪᠠᠷ ᠤᠬᠠᠭᠤᠯᠵᠤ᠂ ᠦᠨᠡᠨᠴᠢ ᠰᠢᠳᠤᠷᠭᠤ᠎ᠪᠠᠷ ᠬᠠᠮᠠᠭ᠋ᠠᠯᠠᠬᠤ᠂ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶ᠋ᠢᠷ᠎ᠠ ᠰᠡᠳᠬᠢᠯᠭᠡ ᠵᠢᠨ ᠰᠠᠭᠤᠷᠢ ᠪᠠ ᠬᠦᠴᠦᠨ ᠴᠢᠳᠠᠯ᠎ᠤᠨ ᠡᠬᠢ ᠰᠤᠷᠪᠤᠯᠵᠢ ᠵᠢ ᠭᠦᠨ ᠦᠨᠳᠦᠰᠦᠯᠡᠭᠦᠯᠵᠦ ᠪᠣᠢ᠌ᠵᠢᠭᠤᠯᠤᠨ᠎ᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠥᠮᠦᠵᠢᠯ᠎ᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠳᠤ ᠣᠷᠣᠭᠤᠯᠬᠤ ᠵᠢ ᠠᠬᠢᠭᠤᠯᠵᠤ᠂ ᠬᠢᠴᠢᠶᠡᠯ᠎ᠤᠨ ᠲᠠᠩᠬᠢᠮ ᠪᠣᠯᠭ᠋ᠠᠨ᠎ᠳᠤ  ᠣᠷᠤᠭᠤᠯᠵᠤ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠣᠯᠠᠨ ᠲᠥᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠦᠮᠦᠵᠢᠭᠦᠯᠦᠨ ᠵᠢᠯᠣᠭᠣᠳᠴᠤ ᠪᠠᠢ᠌ᠭ᠋ᠠᠳ 《ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠠᠩᠬ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠮᠥᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠬᠥᠨᠳᠥ ᠶᠡᠬᠡ ᠬᠡᠯᠪᠡᠢ᠌ᠭᠦᠦ ᠵᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠣᠯ᠎ᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠨᠢ ᠨᠠᠮ᠎ᠤᠨ ᠦᠭᠡ ᠵᠢ ᠰᠣᠨᠣᠰᠤᠭᠰᠠᠨ ᠲᠠᠯ᠎ᠠ᠎ᠪᠠᠷ ᠵᠢᠱ᠌ᠢᠶᠡᠴᠢ ᠪᠣᠯᠤᠭᠰᠠᠨ ᠶᠤᠮ》 ᠭᠡᠳᠡᠭ᠎ᠢ ᠪᠠᠲᠤ ᠴᠡᠭᠡᠵᠢᠯᠡᠭᠦᠯᠵᠦ᠂ 《ᠲᠠᠪᠤᠨ ᠦᠭᠡ》 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠲᠣᠳᠣᠷᠬᠠᠶ ᠶᠠᠷᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠦᠨᠡᠨ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠤᠰᠬᠤ᠂ ᠨᠠᠮ ᠵᠶ᠋ᠠᠨ ᠳᠠᠭ᠋ᠠᠬᠤ ᠪᠣᠯᠭ᠋ᠠᠨ᠎ᠠ᠃
      ᠭᠤᠷᠪᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠵᠢᠱ᠌ᠢᠶᠡᠴᠢ ᠪᠣᠯᠤᠶ᠎ᠠ
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠵᠢ ᠠᠬᠢᠭᠤᠯᠬᠤ ᠬᠡᠷᠡᠭᠵᠢᠭᠦᠯᠬᠦ ᠰᠠᠨᠠᠯ᠎ᠢ ᠲᠣᠭᠲᠠᠭ᠋ᠠᠨ ᠨᠡᠶ᠋ᠢᠲᠡᠯᠡᠵᠦ᠂ ᠬᠣᠯᠪᠣᠭᠳᠠᠯ ᠪᠦᠬᠦᠢ ᠡᠭᠦᠳᠦᠨ ᠪᠠᠶ᠋ᠢᠭᠤᠯᠬᠤ ᠨᠠᠷᠢᠨ ᠲᠦᠷᠢᠮ᠎ᠢ ᠲᠡᠭᠦᠯᠳᠡᠷᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠵᠢ ᠪᠣᠳᠠᠲᠠᠢ ᠪᠥᠭᠡᠳ ᠨᠠᠷᠢᠯᠢᠭ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠰᠤᠳᠤᠯᠭ᠋ᠠᠨ᠎ᠤ ᠰᠡᠳᠦᠪ᠎ᠢ ᠴᠢᠨᠠᠷ ᠰᠠᠶ᠋ᠢᠲᠠᠶ ᠪᠡᠶᠡᠯᠡᠭᠦᠯᠵᠦ᠂ ᠪᠥᠬᠥ ᠣᠷᠣᠨ᠎ᠤ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠬᠤ᠎ᠳᠤ ᠣᠶᠤᠨ᠎ᠤ ᠳᠡᠮᠵᠢᠯᠭᠡ ᠬᠠᠩᠭ᠋ᠠᠬᠤ ᠬᠡᠷᠡᠭᠲᠡᠢ᠃ ᠤᠯᠠᠮᠵᠢᠯᠠᠯᠲᠤ ᠭᠣᠣᠯᠯᠠᠬᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠎ᠤᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠵᠢᠨ ᠪᠤᠯᠤᠩ (ᠫᠷᠤᠭ᠌ᠷᠠᠮ)᠎ᠢ ᠰᠢᠨ᠎ᠡ᠎ᠪᠠᠷ ᠡᠭᠦᠳᠦᠨ ᠭᠠᠷᠭ᠋ᠠᠨ᠎ᠠ᠃ ᠰᠦᠯᠵᠢᠶᠡᠨ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠍ᠢ᠍ᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ ᠳᠤᠮᠳᠠᠳᠤ ᠵᠢᠨ ᠰᠣᠶᠣᠯ᠎ᠤᠨ ᠰᠦᠯᠵᠢᠶᠡᠨ᠎ᠤ  ᠢᠯᠡᠳᠭᠡᠮᠵᠢ ᠵᠢ ᠠᠬᠢᠭᠤᠯᠬᠤ ᠵᠢ ᠤᠬᠠᠭᠤᠯᠭ᠎ᠠ ᠬᠥᠮᠦᠵᠢᠯ᠎ᠤᠨ ᠴᠢᠬᠤᠯᠠ ᠠᠭᠤᠯᠭ᠎ᠠ ᠪᠣᠯᠭ᠋ᠠᠨ᠎ᠠ᠃
      ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠷᠡᠰ ᠭᠤᠶ᠋ᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶ᠋ᠢᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃ ᠵᠠᠯᠠᠭᠤᠴᠤᠳ ᠪᠠᠭ᠋ᠠᠴᠤᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠠᠭᠤᠷᠢ ᠵᠢ ᠴᠣᠭᠴᠠᠯᠠᠨ ᠪᠠᠢ᠌ᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠤᠬᠠᠢ ᠵᠠᠭᠤᠨ ᠵᠢᠱ᠌ᠢᠶ᠎ᠡ ᠦᠵᠡᠭᠦᠯᠬᠦ ᠰᠤᠷᠭ᠋ᠠᠭᠤᠯᠢ ᠵᠢ ᠪᠠᠶ᠋ᠢᠭᠤᠯᠤᠨ᠎ᠠ᠃ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ · ᠥᠪᠥᠷ ᠮᠣᠩᠭᠣᠯ᠎ᠤᠨ ᠪᠤᠳᠢ》 ᠵᠢ ᠨᠠᠶ᠋ᠢᠷᠠᠭᠤᠯᠬᠤ ᠠᠵᠢᠯ᠎ᠢ ᠲᠦᠷᠭᠡᠳᠬᠡᠨ ᠠᠬᠢᠭᠤᠯᠤᠨ᠎ᠠ᠃ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠡᠮᠳᠡᠭ᠎ᠢ ᠡᠭᠦᠳᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠥᠪᠯᠡᠬᠦ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠨᠡᠷᠡᠲᠦ ᠲᠡᠮᠳᠡᠭ ᠪᠠ ᠳᠦᠷᠢ ᠲᠥᠷᠬᠦ ᠵᠢ ᠪᠣᠶ ᠪᠣᠯᠭ᠋ᠠᠬᠤ ᠪᠠ ᠳᠣᠪᠤᠢ᠌ᠯᠭ᠋ᠠᠨ᠎ᠠ᠃
      《ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ》᠂ 《ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠬᠡᠯᠲᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ》᠂ 《ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ》 ᠵᠡᠷᠭᠡ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ 《ᠭᠤᠷᠪᠠᠨ ᠲᠥᠷᠥᠯ᠎ᠤᠨ ᠲᠥᠯᠥᠪᠯᠡᠭᠡ》 ᠵᠢ ᠭᠦᠨᠵᠡᠭᠡᠶ ᠬᠡᠷᠡᠭᠵᠢᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠵᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠪᠢᠴᠢᠯ ᠠᠵᠢᠯᠯᠠᠭ᠎ᠠ》 ᠵᠢ ᠥᠷᠨᠢᠭᠦᠯᠵᠦ᠂ 《ᠳᠤᠮᠳᠠᠳᠤ ᠵᠢᠨ ᠦᠨᠳᠦᠰᠦᠲᠡᠨ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠠᠢ᠌ᠬᠤ》᠂ 《ᠬᠥᠷᠰᠢ ᠵᠡᠷᠭᠡᠯᠡᠳᠡᠭᠡ᠎ᠪᠠᠷ ᠵᠶ᠋ᠠᠨ ᠰᠠᠬᠢᠨ ᠪᠠᠷᠠᠯᠠᠬᠤ》 ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ ᠵᠡᠷᠭᠡ ᠠᠵᠢᠯᠯᠠᠭ᠎ᠠ ᠵᠢᠨ ᠨᠡᠷᠡᠲᠦ ᠲᠡᠮᠳᠡᠭ᠎ᠢ ᠡᠭᠦᠳᠴᠦ᠂ ᠨᠠᠩ ᠲᠡᠭᠦᠯᠳᠡᠷᠵᠢᠭᠰᠡᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠶ᠋ᠢᠭᠡᠮ᠎ᠤᠨ ᠣᠷᠴᠢᠨ ᠨᠥᠬᠥᠴᠡᠯ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠪᠢᠰᠢᠷᠡᠯ᠂ ᠬᠠᠶ᠋ᠢᠷ᠎ᠠ ᠰᠡᠳᠬᠢᠯᠭᠡ᠂ ᠰᠣᠶᠣᠯ᠎ᠤᠨ ᠲᠠᠯ᠎ᠠ᠎ᠪᠠᠷ᠎ᠬᠢ ᠪᠦᠯᠬᠦᠮᠳᠡᠯ ᠨᠢᠭᠡᠳᠦᠯ᠎ᠢ  ᠠᠬᠢᠭᠤᠯᠤᠨ᠎ᠠ᠃
      ᠳᠥᠷᠪᠡ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠳᠥᠯᠭᠢᠨ ᠠᠬᠢᠭᠤᠯᠬᠤ᠎ᠳᠤ ᠵᠢᠱ᠌ᠢᠶᠡᠴᠢ ᠪᠣᠯᠤᠶ᠎ᠠ
      ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠱᠠᠭ᠋ᠠᠷᠳᠠᠭᠰᠠᠨ 《ᠰᠢᠨ᠎ᠡ ᠵᠠᠮ ᠨᠡᠭᠡᠭᠡᠬᠦ》 ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠦᠨᠳᠦᠰᠦᠲᠡᠨ᠎ᠤ ᠵᠥᠪᠯᠡᠯ᠎ᠤᠨ ᠵᠶ᠋ᠠᠨ ᠲᠤᠰᠢᠶᠠᠯ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃
      ᠲᠠᠷᠢᠶᠠᠯᠠᠬᠤ ᠮᠠᠯᠵᠢᠬᠤ ᠣᠷᠣᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠠᠬᠢᠭᠤᠯᠵᠤ᠂ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠪᠡᠯᠡ ᠮᠥᠩᠭᠥ ᠵᠢ ᠣᠯᠠᠨ ᠨᠡᠶ᠋ᠢᠲᠡ ᠵᠢᠨ ᠦᠢ᠍ᠯᠡᠴᠢᠯᠡᠭᠡ ᠲᠡᠢ᠌ᠰᠢ ᠲᠡᠩᠴᠡᠭᠦᠷᠢᠰᠢᠭᠦᠯᠬᠦ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠲᠡᠢ᠌ᠰᠢ ᠬᠡᠯᠪᠡᠶ᠋ᠢᠯᠭᠡᠬᠦ ᠵᠢ ᠠᠬᠢᠭᠤᠯᠤᠨ᠎ᠠ᠃ ᠵᠡᠭᠦᠨ ᠪᠠᠷᠠᠭᠤᠨ ᠬᠡᠰᠡᠭ᠎ᠤᠨ ᠬᠠᠮᠵᠢᠯᠴᠠᠬᠤ ᠪᠠ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠢ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 6 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢᠨ ᠬᠡᠷᠡᠭᠵᠢᠭᠦᠯᠬᠦ ᠲᠥᠰᠦᠯ᠎ᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠵᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠬᠤ᠎ᠳᠤ ᠬᠦᠴᠦᠨ ᠨᠡᠮᠡᠷᠢᠯᠡᠨ᠎ᠡ᠃ ᠢᠮᠠᠭᠲᠠ ᠠᠷᠠᠳ ᠲᠦᠮᠡᠨ᠎ᠤ ᠵᠣᠭᠰᠣᠯᠲᠠ᠎ᠳᠤ ᠪᠠᠲᠤ ᠵᠣᠭᠰᠣᠵᠤ᠂ ᠠᠷᠠᠳ᠎ᠤᠨ ᠰᠠᠨᠠᠭ᠎ᠠ᠎ᠳᠤ ᠨᠡᠶ᠋ᠢᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
       ᠲᠠᠪᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠵᠠᠮ ᠵᠶ᠋ᠠᠷ ᠵᠠᠮᠨᠠᠬᠤ᠎ᠳᠤ ᠵᠢᠱ᠌ᠢᠶᠡᠴᠢ ᠪᠣᠯᠤᠶ᠎ᠠ
       ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠤᠨ᠎ᠠ᠃ 《ᠮᠢᠩᠭ᠎ᠠ ᠲᠦᠮᠡ ᠡᠷᠦᠬᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠮᠠᠯᠴᠢᠨ ᠲᠠᠷᠢᠶᠠᠴᠢᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠦᠨᠳᠦᠷ ᠤᠨᠠᠯᠲᠠᠲᠤ ᠲᠠᠷᠢᠶᠠᠯᠠᠩ ᠪᠠ ᠬᠠᠰᠢᠶᠠᠯᠠᠨ ᠲᠡᠵᠢᠭᠡᠵᠦ ᠠᠷᠠᠴᠢᠯᠠᠬᠤ ᠵᠢ ᠶᠡᠬᠡ᠎ᠪᠠᠷ ᠬᠥᠭᠵᠢᠭᠦᠯᠵᠦ᠂ ᠮᠠᠯᠵᠢᠬᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠤᠨ᠎ᠠ᠃ ᠬᠢᠯᠢ ᠬᠢᠵᠠᠭ᠋ᠠᠷ ᠣᠷᠣᠨ᠂ ᠦᠨᠳᠦᠰᠦᠲᠡᠨ᠎ᠤ ᠭᠠᠵᠠᠷ ᠣᠷᠣᠨ ᠵᠶ᠋ᠠᠷ ᠭᠣᠣᠯᠳᠠᠭᠤᠯᠵᠤ᠂ ᠲᠦᠷᠦ ᠵᠢᠨ ᠪᠤᠳᠤᠯᠭ᠎ᠠ ᠪᠠ ᠪᠡᠯᠡ ᠮᠥᠩᠭᠥ ᠵᠢ ᠬᠡᠯᠪᠡᠶ᠋ᠢᠯᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠂ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠠᠵᠢᠯᠯᠠᠭ᠎ᠠ ᠳᠡᠷᠭᠡᠳᠡ᠎ᠨᠢ ᠦᠷᠨᠢᠵᠦ ᠪᠠᠢ᠌ᠭ᠎ᠠ ᠭᠡᠳᠡᠭ᠎ᠢ ᠦᠨᠡᠨ ᠬᠦ᠌ ᠮᠡᠳᠡᠷᠡᠭᠦᠯᠬᠦ ᠪᠣᠯᠭ᠋ᠠᠨ᠎ᠠ᠃
      ᠪᠣᠳᠠᠰ ᠪᠠ ᠣᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠰᠢᠬᠦ ᠬᠡᠷᠡᠭᠲᠡᠶ᠃ ᠪᠦᠬᠦ ᠣᠷᠣᠨ᠎ᠤ ᠭᠠᠴᠠᠭ᠎ᠠ (ᠲᠣᠰᠬᠣᠨ) ᠪᠣᠯᠤᠨ 20 ᠬᠢᠯᠢ ᠵᠢᠨ ᠬᠣᠰᠢᠭᠤ (ᠬᠣᠲᠠ᠂ ᠲᠣᠭᠣᠷᠢᠭ) ᠵᠢᠨ ᠬᠢᠯᠢ ᠵᠢᠨ ᠵᠠᠬ᠎ᠠ ᠵᠢᠨ ᠰᠤᠮᠤ (ᠰᠢᠶᠠᠩ᠂ ᠪᠠᠯᠭ᠋ᠠᠰᠤ)᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠵᠢᠨ ᠤᠳᠬ᠎ᠠ ᠠᠭᠤᠯᠭ᠎ᠠ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠤᠯ᠎ᠢ ᠡᠰᠡᠷᠭᠦᠴᠡᠬᠦ ᠵᠢᠨ ᠤᠳᠬ᠎ᠠ ᠠᠭᠤᠯᠭ᠎ᠠ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠵᠢᠨ ᠤᠳᠬ᠎ᠠ ᠠᠭᠤᠯᠭ᠎ᠠ ᠵᠢ ᠮᠡᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠪᠡᠬᠢ ᠪᠣᠯᠭ᠋ᠠᠨ᠎ᠠ᠃
      ᠵᠢᠷᠭᠤᠭ᠎ᠠ᠂ ᠬᠢᠯᠢ ᠬᠢᠵᠠᠭ᠋ᠠᠷ ᠣᠷᠣᠨ᠎ᠢ ᠪᠠᠶᠠᠵᠢᠭᠤᠯᠤᠨ ᠲᠣᠭᠲᠠᠪᠤᠷᠢᠵᠢᠭᠤᠯᠵᠤ ᠪᠡᠬᠢᠵᠢᠭᠦᠯᠬᠦ᠎ᠳᠤ ᠵᠢᠱ᠌ᠢᠶᠡᠴᠢ ᠪᠣᠯᠤᠶ᠎ᠠ
      ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭ᠋ᠠᠷ᠎ᠢ ᠪᠡᠬᠢᠵᠢᠭᠦᠯᠬᠦ᠂ ᠬᠢᠯᠢ ᠬᠢᠵᠠᠭ᠋ᠠᠷ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠨᠠᠶ᠋ᠢᠷᠠᠮᠳᠠᠭᠤ ᠪᠠᠶ᠋ᠢᠯᠭ᠋ᠠᠬᠤ ᠵᠢ ᠨᠢᠭᠡ ᠴᠤᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠬᠢᠯᠢ ᠵᠢᠨ ᠴᠡᠴᠡᠭᠯᠡᠯ ᠬᠥᠭᠵᠢᠯ᠂ ᠬᠢᠯᠢ ᠵᠢᠨ ᠠᠷᠠᠳ᠎ᠤᠨ ᠪᠦᠯᠬᠦᠮᠳᠡᠯ ᠵᠢᠷᠭ᠋ᠠᠯ᠂ ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠦᠪᠰᠢᠨ ᠲᠣᠭᠲᠠᠭᠤᠨ᠎ᠢ ᠠᠬᠢᠭᠤᠯᠤᠨ᠎ᠠ᠃
      ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠪᠠᠯᠠ ᠮᠥᠩᠭᠥ ᠵᠢ ᠰᠠᠶ᠋ᠢᠲᠤᠷ ᠬᠡᠷᠡᠭᠯᠡᠵᠦ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠯᠢ ᠬᠢᠵᠠᠭ᠋ᠠᠷ ᠣᠷᠣᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ᠎ᠳᠤ᠎ᠨᠢ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠬᠤ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢᠨ ᠭᠠᠷᠳᠠᠬᠤ ᠴᠡᠭ ᠪᠠ ᠤᠶᠠᠯᠳᠤᠯ᠎ᠤᠨ ᠴᠡᠭ᠎ᠢ ᠣᠨᠣᠪᠴᠢᠲᠠᠶ ᠣᠯᠵᠤ᠂ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠎ᠢ ᠪᠣᠢ᠌ᠵᠢᠭᠤᠯᠵᠤ᠂ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠭᠤᠯᠤᠨ᠎ᠠ᠃ ᠣᠷᠣᠨ ᠪᠦᠰᠡ ᠵᠢᠨ ᠴᠢᠨᠠᠷᠲᠠᠶ ᠵᠦᠷᠢᠶᠡᠴᠢᠯᠡᠭᠰᠡᠨ᠂ ᠣᠨᠣᠪᠴᠢᠯᠠᠭᠰᠠᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠰᠤᠳᠤᠯᠤᠨ ᠨᠡᠶ᠋ᠢᠲᠡᠯᠡᠵᠦ᠂ ᠬᠢᠯᠢ ᠵᠢᠨ ᠬᠣᠰᠢᠭᠤ ᠬᠣᠲᠠ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠨ ᠳᠡᠮᠵᠢᠵᠦ᠂ ᠬᠢᠯᠢ ᠬᠢᠵᠠᠭ᠋ᠠᠷ ᠣᠷᠣᠨ᠎ᠤ ᠬᠥᠮᠦᠨ ᠠᠮᠠ ᠵᠢᠨ 《ᠬᠣᠭᠤᠰᠳᠠᠭᠰᠠᠨ》 ᠠᠰᠠᠭᠤᠳᠠᠯ᠎ᠢ ᠰᠢᠢ᠍ᠳᠪᠦᠷᠢᠯᠡᠨ᠎ᠡ᠃
      ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠢᠯᠢ ᠬᠢᠵᠠᠭ᠋ᠠᠷ ᠣᠷᠣᠨ᠎ᠳᠤ ᠣᠷᠣᠬᠤ ᠵᠢ ᠢᠳᠡᠪᠬᠢᠲᠡᠶ᠎ᠪᠠᠷ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠠᠵᠤ ᠦᠢ᠍ᠯᠡᠰ᠎ᠤᠨ ᠬᠥᠭᠵᠢᠯᠲᠡ᠂ ᠮᠠᠯᠴᠢᠨ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠳᠠᠢ᠌ᠴᠢᠯᠠᠵᠤ᠂ ᠬᠢᠯᠢ ᠬᠢᠵᠠᠭ᠋ᠠᠷ᠎ᠤᠨ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠨ ᠰᠠᠶ᠋ᠢᠵᠢᠷᠠᠭᠤᠯᠤᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠬᠢᠵᠠᠭ᠋ᠠᠷ᠎ᠢ ᠬᠦᠴᠦᠷᠭᠡᠭᠵᠢᠭᠦᠯᠦᠨ ᠰᠡᠷᠭᠡᠢ᠌ᠯᠡᠵᠦ ᠵᠢ ᠪᠡᠬᠢᠵᠢᠭᠦᠯᠬᠦ ᠵᠢ ᠪᠠᠲᠤᠳᠬᠠᠵᠤ᠂ 《ᠳ᠋ᠢᠭᠢᠲ ᠬᠢᠯᠢ ᠵᠢᠨ ᠬᠠᠮᠠᠭ᠋ᠠᠯᠠᠯᠲᠠ》᠂ 《ᠣᠶᠤᠨᠴᠢ ᠬᠢᠯᠢ ᠵᠢᠨ ᠬᠠᠮᠠᠭ᠋ᠠᠯᠠᠯᠲᠠ》 ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂  ᠬᠦᠮᠦᠨ ᠵᠶ᠋ᠡᠷ ᠰᠡᠷᠭᠡᠢ᠌ᠯᠡᠬᠦ᠂ ᠪᠣᠳᠠᠰ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠠᠷ ᠰᠡᠷᠭᠡᠢ᠌ᠯᠡᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠡᠶᠡᠯᠡᠭᠦᠯᠦᠨ᠎ᠡ᠃ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢᠨ ᠤᠷᠲᠤ ᠬᠣᠩᠭᠢᠯ》᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠠᠮᠤᠷ ᠠᠮᠤᠭᠤᠯᠠᠩ ᠬᠢᠯᠢ ᠬᠢᠵᠠᠭ᠋ᠠᠷ᠎ᠤᠨ ᠵᠢᠱ᠌ᠢᠶᠡᠴᠢ ᠵᠢᠨ ᠰᠢᠷᠢᠰ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠵᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠵᠢ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃
      ᠲᠤᠯᠤᠭ᠎ᠠ᠂ ᠬᠢᠯᠢ ᠬᠢᠵᠠᠭ᠋ᠠᠷ ᠣᠷᠣᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠨ ᠨᠡᠪᠲᠡᠷᠡᠭᠦᠯᠬᠦ᠎ᠳᠤ ᠵᠢᠱ᠌ᠢᠶᠡᠴᠢ ᠪᠣᠯᠤᠶ᠎ᠠ
      ᠦᠨᠳᠦᠰᠦᠲᠡᠨ᠎ᠤ ᠵᠥᠪᠯᠡᠯ᠎ᠤᠨ ᠠᠵᠢᠯ᠎ᠤᠨ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠭᠣᠭᠴᠤᠭ᠎ᠠ ᠵᠢ ᠣᠨᠣᠪᠴᠢᠲᠠᠶ ᠡᠷᠢᠨ ᠣᠯᠵᠤ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠪᠠ ᠤᠯᠤᠰ᠎ᠤᠨ ᠳᠣᠲᠣᠭ᠋ᠠᠳᠤ ᠵᠢᠨ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠣᠨᠤᠪᠴᠢᠲᠤ ᠲᠠᠯ᠎ᠠ ᠵᠢ ᠢᠳᠡᠪᠬᠢᠲᠡᠢ ᠥᠷᠭᠡᠳᠬᠡᠵᠦ᠂ ᠲᠡᠷᠢᠭᠦᠨ᠎ᠢ ᠡᠭᠦᠳᠬᠦ᠂ ᠲᠡᠷᠢᠭᠦᠨ᠎ᠢ ᠳᠠᠪᠠᠬᠤ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠣᠯᠭ᠋ᠠᠵᠤ᠂ 《ᠪᠢ ᠪᠤᠰᠤᠳ᠎ᠢ ᠬᠦᠷᠬᠦ ᠦᠭᠡᠢ》 ᠭᠡᠬᠦ ᠪᠣᠳᠣᠯ᠂ 《ᠶᠠᠪᠤᠴᠠ ᠵᠢ ᠴᠢᠬᠤᠯᠠᠴᠢᠯᠠᠭ᠋ᠠᠳ ᠦᠷ᠎ᠡ ᠳ᠋ᠦᠩ᠎ᠢ ᠴᠢᠬᠤᠯᠠᠴᠢᠯᠠᠬᠤ ᠦᠭᠡᠢ》 ᠤᠬᠠᠮᠰᠠᠷ᠂ 《ᠨᠢᠳᠦᠨ ᠡᠮᠦᠨᠡᠬᠢ᠎ᠪᠠᠨ ᠬᠠᠷᠠᠬᠤ᠎ᠠᠴᠠ ᠬᠤᠯᠠ ᠵᠢ ᠪᠣᠳᠣᠯᠬᠢᠯᠠᠬᠤ ᠦᠭᠡᠢ》 ᠰᠡᠳᠬᠢᠬᠦᠶ᠂ 《ᠨᠠᠷᠢᠨ ᠵᠦᠢ᠍ᠯ᠎ᠢ ᠡᠷᠬᠢᠮᠯᠡᠬᠦ ᠦᠭᠡᠢ᠂ ᠪᠣᠷᠣ ᠪᠦᠳᠦᠭᠦᠪᠴᠢ᠎ᠪᠠᠷ ᠬᠢᠬᠦ》 ᠭᠡᠬᠦ ᠮᠡᠲᠦ ᠦᠵᠡᠯ ᠪᠣᠳᠣᠯ ᠵᠶ᠋ᠠᠨ ᠲᠠᠶᠠᠭᠳᠠᠵᠤ᠂ 《ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠪᠣᠯ ᠥᠭᠡᠷᠡᠴᠢᠯᠡᠯᠲᠡ》᠂ 《ᠪᠠᠶ᠋ᠢᠭᠤᠯᠤᠮᠵᠢ ᠲᠣᠭᠲᠠᠴᠠ ᠵᠢ ᠰᠢᠯᠤᠭᠤᠳᠬᠠᠨ ᠪᠦᠷᠢᠨᠰᠢᠬᠦᠯᠬᠦ ᠪᠣᠯ ᠦᠢ᠍ᠯᠡᠳᠪᠦᠷᠢᠯᠡᠯ᠎ᠤᠨ ᠬᠦᠴᠦᠨ᠎ᠢ ᠴᠢᠯᠥᠭᠡᠯᠡᠨ ᠬᠥᠭᠵᠢᠭᠦᠯᠬᠦ ᠶᠠᠪᠤᠳᠠᠯ》᠂ 《ᠠᠷᠪᠢᠯᠠᠨ ᠭᠠᠮᠨᠠᠬᠤ ᠪᠣᠯ ᠨᠡᠮᠡᠭᠳᠡᠯ ᠮᠥᠨ ᠪᠦᠭᠡᠳ ᠬᠥᠭᠵᠢᠯᠲᠡ》᠂ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠨᠢ ᠮᠥᠨ ᠴᠦ᠍ ᠨᠡᠭᠡᠭᠡᠯᠳᠡ ᠬᠢᠬᠦ ᠶᠠᠪᠤᠳᠠᠯ ᠮᠥᠨ》 ᠭᠡᠬᠦ ᠮᠡᠲᠦ ᠣᠶ᠋ᠢᠯᠠᠭ᠋ᠠᠭᠳᠠᠬᠤᠨ᠎ᠢ ᠴᠢᠩᠭ᠋ᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠡᠷᠢᠭᠦᠨ᠎ᠳᠤ᠎ᠨᠢ ᠰᠢᠯᠢᠳᠡᠭᠵᠢᠭᠦᠯᠵᠦ᠂ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠥᠪᠥᠷ ᠮᠣᠩᠭᠣᠯ᠎ᠢ ᠲᠣᠳᠣᠭ᠋ᠠᠳᠤ ᠭᠠᠳᠠᠭ᠋ᠠᠳᠤ ᠵᠢ ᠬᠣᠯᠪᠤᠨ ᠨᠡᠪᠲᠡᠷᠡᠯᠴᠡᠭᠦᠯᠵᠦ ᠡᠷᠭᠢᠨ ᠲᠣᠭᠣᠷᠢᠨ᠎ᠢ ᠨᠦᠯᠦᠭᠡᠯᠡᠭᠦᠯᠦᠭᠰᠡᠨ᠂ ᠡᠬᠢ ᠪᠠᠶᠠᠯᠢᠭ᠎ᠢ ᠴᠤᠭᠯᠠᠷᠠᠭᠤᠯᠤᠨ ᠲᠠᠷᠬᠠᠬᠤ᠂ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ ᠪᠣᠯᠭ᠋ᠠᠨ ᠪᠠᠢ᠌ᠭᠤᠯᠬᠤ᠎ᠳᠤ ᠴᠢᠳᠠᠯ᠎ᠤᠨ ᠬᠢᠷᠢ᠎ᠪᠠᠷ ᠵᠶ᠋ᠠᠨ ᠬᠤᠪᠢ ᠨᠡᠮᠡᠷᠢ  ᠦᠵᠡᠭᠦᠯᠦᠨ᠎ᠡ᠃
      ᠨᠠᠢ᠍ᠮᠠ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠣᠯᠤᠶ᠎ᠠ
      ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠰᠢᠯᠢᠳᠡᠭ ᠤᠳᠤᠮᠰᠢᠯ ᠪᠣᠯᠤᠨ ᠰᠤᠷᠲᠠᠯ᠎ᠢ ᠤᠯᠠᠮᠵᠢᠯᠠᠨ ᠪᠠᠳᠠᠷᠠᠭᠤᠯᠵᠤ᠂ ᠲᠠᠶᠠᠭᠳᠠᠬᠤ ᠪᠠᠶ᠋ᠢᠭᠤᠯᠬᠤ ᠵᠢ ᠵᠡᠷᠭᠡ᠎ᠪᠠᠷ ᠠᠳᠬᠤᠵᠤ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠰᠤᠷᠤᠯᠴᠠᠯᠭ᠎ᠠ᠎ᠪᠠᠷ ᠰᠤᠷᠲᠠᠯ ᠵᠶ᠋ᠠᠨ ᠲᠥᠪ ᠪᠣᠯᠭ᠋ᠠᠬᠤ ᠵᠢ ᠪᠣᠳᠠᠲᠠᠢ ᠠᠳᠬᠤᠵᠤ᠂ ᠪᠣᠳᠠᠲᠠᠢ ᠵᠢ ᠡᠷᠬᠢᠮᠯᠡᠬᠦ ᠰᠤᠷᠲᠠᠯ᠎ᠢ ᠶᠡᠬᠡ᠎ᠪᠠᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ᠂ ᠠᠷᠪᠢᠴᠢ ᠪᠣᠷᠣᠭᠵᠢᠭᠤᠨ ᠰᠤᠷᠲᠠᠯ᠎ᠢ ᠪᠤᠢ ᠪᠣᠯᠭ᠋ᠠᠨ᠎ᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠲᠡᠨ᠎ᠤ ᠵᠥᠪᠯᠡᠯ᠎ᠤᠨ ᠲᠤᠰᠢᠶᠠᠯ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠵᠣᠷᠢᠭᠲᠠᠶ᠎ᠪᠠᠷ ᠰᠡᠳᠬᠢᠵᠦ ᠵᠣᠷᠢᠭᠲᠠᠶ᠎ᠪᠠᠷ ᠠᠵᠢᠯᠯᠠᠨ ᠵᠣᠷᠢᠭᠲᠠᠶ᠎ᠪᠠᠷ ᠡᠭᠦᠷᠭᠡᠯᠡᠬᠦ ᠠᠬᠤᠢ ᠪᠠᠢ᠌ᠳᠠᠯ᠎ᠢ ᠪᠣᠶ ᠪᠣᠯᠭ᠋ᠠᠵᠤ᠂ ᠦᠨᠳᠦᠰᠦᠲᠡᠨ᠎ᠤ ᠵᠥᠪᠯᠡᠯ᠎ᠤᠨ ᠺᠠᠳ᠋ᠷ᠎ᠤᠨ ᠡᠩᠨᠡᠭᠡ ᠵᠢᠨ ᠴᠣᠭ ᠰᠦᠯᠳᠡ ᠵᠢ ᠤᠯᠠᠮ ᠨᠢᠭᠡ ᠠᠯᠬᠤᠮ ᠬᠥᠭᠵᠢᠭᠡᠵᠦ᠂ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠣᠶ ᠪᠣᠯᠭ᠋ᠠᠵᠤ᠂ ᠬᠥᠮᠦᠨ ᠨᠢᠭᠡ ᠪᠦᠷᠢ᠂ ᠠᠵᠢᠯ ᠨᠢᠭᠡ ᠪᠦᠷᠢ ᠵᠢᠨ ᠳᠠᠪᠰᠢᠯᠲᠠ᠎ᠪᠠᠷ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠪᠦᠬᠦᠢ ᠯᠠ ᠠᠵᠢᠯ᠎ᠤᠨ ᠳᠠᠪᠰᠢᠯᠲᠠ ᠵᠢ ᠳᠠᠢ᠌ᠴᠢᠯᠠᠨ᠎ᠠ᠃
      ᠢᠯᠡ ᠲᠣᠳᠣ ᠠᠰᠠᠭᠤᠳᠠᠯ᠎ᠤᠨ ᠬᠦᠲᠦᠯᠦᠮᠵᠢ ᠵᠢ ᠪᠣᠶ ᠪᠣᠯᠭ᠋ᠠᠵᠤ᠂ ᠠᠰᠠᠭᠤᠳᠠᠯ᠎ᠢ ᠲᠠᠰᠤᠷᠠᠯᠲᠠ ᠥᠬᠡᠶ ᠰᠢᠢ᠍ᠳᠪᠦᠷᠢᠯᠡᠬᠦ ᠳᠤᠮᠳᠠ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠴᠦ᠂ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ᠎ᠤᠨ ᠴᠠᠯᠠᠭ᠋ᠠᠢ᠌ᠷᠠᠰᠢ ᠦᠭᠡᠢ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ᠎ᠤᠨ ᠳᠦᠷᠢ ᠳᠥᠷᠬᠥ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠦᠢ᠍ᠯᠡᠳᠦᠯᠭᠡ᠎ᠳᠤ ᠣᠷᠣᠯᠴᠠᠬᠤ ᠵᠢ ᠠᠬᠢᠭᠤᠯᠵᠤ᠂ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ᠎ᠪᠠᠷ ᠵᠶ᠋ᠠᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠯᠲᠠᠨ ᠫᠠᠢ᠌ᠰᠠ ᠵᠢ ᠤᠯᠠᠮ ᠭᠢᠯᠠᠯᠵᠠᠭᠤᠯᠤᠨ᠎ᠠ᠃


            ᠣᠷᠴᠢᠭᠤᠯᠤᠭᠴᠢ᠄ ᠠᠳᠢᠶ᠎ᠠ
            ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
            ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ