ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠣᠳᠠᠲᠠᠶ ᠲᠥᠷᠥᠭᠳᠡᠯ᠎ᠲᠠᠢ ᠪᠦᠲᠦᠮᠵᠢᠲᠡᠶ᠎ᠪᠠᠷ ᠪᠠᠲᠤᠳᠬᠠᠨ᠎ᠠ
ᠡᠨᠡ ᠵᠢᠯ᠎ᠤᠨ 1 ᠳ᠋ᠤᠭᠡᠷ ᠰᠠᠷ᠎ᠠ᠎ᠳᠤ᠂ ᠤᠯᠤᠰ᠎ᠤᠨ ᠦᠨᠳᠦᠰᠦᠲᠡᠨ᠎ᠤ ᠵᠥᠪᠯᠡᠯ᠎ᠠᠴᠠ 《ᠪᠥᠬᠥ ᠤᠯᠤᠰ᠎ᠤᠨ ᠠᠷᠪᠠᠳᠤᠭ᠋ᠠᠷ ᠪᠦᠯᠦᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠶ᠋ᠢᠳᠬᠦ ᠲᠤᠬᠠᠶ ᠰᠢᠢ᠍ᠳᠪᠦᠷᠢ》 ᠵᠢ ᠨᠡᠶ᠋ᠢᠲᠡᠯᠡᠵᠦ᠂ ᠥᠪᠥᠷ ᠮᠣᠩᠭᠣᠯ᠎ᠤᠨ 12 ᠭᠠᠵᠠᠷ ᠣᠷᠣᠨ ᠪᠠ ᠨᠢᠭᠡᠴᠢ ᠨᠡᠷᠡᠰ᠎ᠤᠨ ᠵᠢᠭᠰᠠᠭ᠋ᠠᠯᠲᠠ᠎ᠳᠤ ᠣᠷᠣᠵᠤ᠂ ᠠᠯᠠᠱ᠌ᠠ ᠠᠶ᠋ᠢᠮᠠᠭ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠶ᠋ᠢᠮᠠᠭ ᠵᠶ᠋ᠠᠷ ᠦᠨᠡᠯᠡᠭᠳᠡᠪᠡ᠃
ᠰᠢᠨ᠎ᠡ ᠠᠶᠠᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠨᠠᠭᠰᠢᠳᠠ ᠬᠡᠷᠬᠢᠨ ᠪᠠᠳᠤᠳᠬᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠬᠡᠷᠬᠢᠨ ᠬᠦᠴᠦᠨ ᠴᠢᠳᠠᠯ ᠵᠶ᠋ᠠᠨ ᠡᠷᠭᠦᠬᠦ ᠪᠤᠢ?
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠠᠯᠠᠱ᠌ᠠ ᠠᠶ᠋ᠢᠮᠠᠭ᠎ᠤᠨ ᠨᠠᠮ᠎ᠤᠨ ᠬᠣᠷᠢᠶᠠᠨ᠎ᠤ ᠱᠦᠵᠢ ᠳᠠᠶ᠋ᠢᠴᠢᠨ᠂ ᠭᠤᠤᠯ ᠰᠢᠵᠢᠮ᠎ᠤᠨ ᠵᠢᠯᠣᠭᠣᠳᠤᠮᠵᠢ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠤᠤᠯ ᠰᠢᠵᠢᠮ ᠪᠣᠯᠭ᠋ᠠᠵᠤ᠂ ᠨᠡᠶ᠋ᠢᠭᠡᠮ ᠳᠠᠶᠠᠭ᠋ᠠᠷ᠎ᠲᠤ ᠮᠠᠷᠺᠰ᠎ᠤᠨ ᠦᠵᠡᠯ᠎ᠤᠨ ᠦᠨᠳᠦᠰᠦᠲᠡᠨ᠎ᠤ ᠦᠵᠡᠯᠲᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ ᠵᠡᠷᠭᠡ᠎ᠪᠠᠷ ᠭᠤᠤᠯ ᠠᠭᠤᠯᠭ᠎ᠠ ᠪᠣᠯᠭ᠋ᠠᠭᠰᠠᠨ ᠨᠠᠮ᠎ᠤᠨ ᠦᠨᠳᠦᠰᠦᠲᠡᠨ᠎ᠤ ᠣᠨᠣᠯ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠪᠥᠬᠥ ᠠᠶ᠋ᠢᠮᠠᠭ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠲᠠᠢ ᠪᠤᠯᠭ᠋ᠠᠵᠤ᠂ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠠᠶ᠋ᠢᠬᠤ》 ᠭᠦᠨ ᠵᠤᠵᠠᠭ᠋ᠠᠨ ᠠᠭᠤᠷ ᠠᠮᠢᠰᠬᠤᠯ᠎ᠢ ᠶᠡᠬᠡ᠎ᠪᠠᠷ ᠪᠣᠶ ᠪᠤᠯᠭ᠋ᠠᠨ᠎ᠠ᠃ ᠰᠣᠶᠣᠯ᠎ᠤᠨ ᠵᠢᠯᠣᠭᠣᠳᠤᠮᠵᠢ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠢᠳᠡᠪᠬᠢᠲᠡᠢ ᠬᠦᠮᠦᠵᠢᠭᠦᠯᠦᠨ ᠦᠢ᠍ᠯᠡᠳᠦᠯᠭᠡᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠵᠦ᠂ ᠠᠯᠠᠱ᠌ᠠ ᠵᠢᠨ ᠡᠪ ᠬᠠᠮᠲᠤ ᠵᠢᠨ ᠢᠨᠲ᠋ᠧᠷᠨᠠᠼᠢᠣᠨᠠᠯ᠎ᠤᠨ ᠨᠢᠭᠤᠴᠠ ᠵᠠᠮ᠂ ᠰᠠᠨ ᠢ ᠬᠣᠰᠢᠭᠤᠨ᠎ᠤ ᠵᠠᠰᠠᠭ᠎ᠤᠨ ᠣᠷᠳᠣᠨ ᠰᠠᠨᠰᠠᠷ᠎ᠤᠨ ᠠᠶᠠᠯᠠᠯ᠎ᠳᠠᠬᠢ ᠬᠤᠪᠢ ᠨᠡᠮᠡᠷᠢ ᠵᠡᠷᠭᠡ ᠬᠤᠪᠢᠰᠬᠠᠯᠳᠤ ᠡᠬᠢ ᠪᠠᠶᠠᠯᠢᠭ᠎ᠢ ᠠᠭᠤᠳᠠᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡ᠎ᠪᠠᠷ ᠪᠠᠳᠠᠷᠠᠭᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠮᠡᠳᠡᠷᠡᠭᠦᠢ》 ᠵᠢᠨ ᠦᠵᠡᠯ ᠰᠠᠨᠠᠭ᠎ᠠ ᠵᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠬᠢᠯ ᠵᠢᠷᠦᠭᠡᠨ᠎ᠳᠤ ᠭᠦᠨ ᠬᠠᠳᠠᠡᠭᠰᠢᠭᠤᠯᠬᠤ ᠵᠢ ᠠᠬᠢᠭᠤᠯᠤᠨ᠎ᠠ ᠬᠡᠪᠡ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠢᠨᠠᠬᠰᠢᠳᠠ ᠪᠠᠳᠤᠳᠬᠠᠵᠤ᠂ 《ᠬᠣᠶᠠᠷ᠎ᠢ ᠡᠭᠦᠳᠬᠦ》 ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠦᠷᠦᠭᠦᠬᠡᠨ᠂ ᠲᠦᠩᠯᠢᠶᠣᠤ ᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠪᠠ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠭᠰᠡᠨ 《ᠬᠠᠪᠤᠷ᠎ᠤᠨ ᠰᠠᠯᠬᠢ ᠠᠷᠪᠠᠨ ᠲᠦᠮᠡᠨ ᠭᠠᠵᠠᠷ ᠰᠡᠪᠡᠯᠵᠡᠨ᠎ᠡ》 ᠭᠡᠬᠦ ᠭᠤᠤᠯ ᠰᠡᠳᠦᠪᠲᠦ ᠳᠠᠭᠤᠤ ᠬᠥᠭᠵᠢᠮ᠎ᠤᠨ ᠴᠤᠭᠯᠠᠭ᠋ᠠᠨ᠎ᠢ ᠯᠢᠶᠣᠤ ᠾᠧ ᠵᠦᠴᠦᠭᠡ ᠵᠢᠨ ᠬᠦᠷᠢᠶᠡᠯᠡᠩ᠎ᠳᠤ ᠲᠣᠭᠯᠠᠵᠤ᠂ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ᠎ᠨᠢ》᠂ 《ᠰᠢᠨ᠎ᠡ ᠴᠠᠭ ᠦᠶ᠎ᠡ ᠵᠢ ᠮᠠᠭᠲᠠᠨ ᠳᠠᠭᠤᠯᠠᠶ᠎ᠠ》 ᠵᠡᠷᠭᠡ ᠭᠣᠶ᠋ᠢᠳᠠ ᠰᠠᠶ᠋ᠢᠬᠠᠨ ᠲᠣᠭᠯᠠᠯᠲᠠᠨᠤᠭᠤᠳᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭᠰᠡᠨ ᠡᠶ᠎ᠡ ᠵᠤᠬᠢᠴᠠᠡᠭᠭᠤᠢ ᠪᠠᠶ᠋ᠢᠳᠠᠯ᠎ᠢ ᠠᠮᠢᠳᠤᠯᠢᠭ ᠵᠶ᠋ᠠᠷ ᠳᠡᠯᠭᠡᠨ ᠦᠵᠡᠭᠦᠯᠵᠡᠶ᠃
ᠲᠦᠩᠯᠢᠶᠣᠤ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠴᠢ᠊ · ᠲᠠᠯᠠᠨᠳᠠᠢ᠂ ᠪᠢᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠴᠢᠡᠭᠭ᠎ᠠ ᠡᠵᠡᠮᠳᠡᠵᠦ᠂ 《ᠠᠨᠠᠷ᠎ᠤᠨ ᠦᠷ᠎ᠡ》 ᠵᠢᠨ ᠠᠵᠢᠯᠯᠠᠭ᠎ᠠ ᠵᠢ ᠭᠦᠨᠵᠡᠭᠡᠢ ᠠᠬᠢᠭᠤᠯᠵᠦ᠂ ᠭᠤᠤᠯᠳᠠᠯᠭ᠎ᠠ ᠵᠢ ᠳᠣᠪᠣᠶ᠋ᠢᠯᠭ᠋ᠠᠵᠤ᠂ ᠠᠴᠢᠶᠠᠯᠠᠪᠦᠷᠢ ᠵᠢᠨ ᠰᠢᠨ᠎ᠡ ᠵᠢ ᠡᠭᠦᠳᠴᠤ᠂ ᠭᠠᠷᠳᠠᠴᠠ ᠵᠢ ᠪᠣᠳᠠᠲᠠᠶ᠋ᠢᠵᠢᠭᠤᠯᠵᠤ᠂ ᠪᠦᠬᠦ ᠬᠣᠲᠠᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠰᠠᠭᠤᠷᠢᠨ ᠭᠠᠵᠠᠷ ᠪᠠ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠤᠯᠤᠰ ᠠᠷᠠᠳ᠎ᠤᠨ ᠰᠤᠷᠭ᠋ᠠᠨ ᠬᠥᠮᠦᠵᠢᠯ᠂ ᠺᠠᠳ᠋ᠷ᠎ᠤᠨ ᠬᠥᠮᠦᠵᠢᠯ᠂ ᠨᠡᠶ᠋ᠢᠭᠡᠮ᠎ᠤᠨ ᠬᠥᠮᠦᠵᠢᠯ᠎ᠤᠨ ᠪᠦᠬᠦ ᠶᠠᠪᠤᠴᠠ᠎ᠳᠤ ᠤᠷᠤᠭᠤᠯᠵᠤ᠂ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ᠎ᠤᠨ ᠬᠥᠳᠡᠯᠭᠡᠭᠡᠨ᠂ ᠤᠳᠬ᠎ᠠ ᠵᠣᠬᠢᠶᠠᠯ ᠤᠷᠠᠯᠢᠭ᠎ᠤᠨ ᠪᠦᠲᠦᠭᠡᠯᠲᠡ᠂ ᠨᠡᠶ᠋ᠢᠲᠡ ᠵᠢᠨ ᠠᠰᠠᠷᠠᠮᠵᠢ ᠵᠢᠨ ᠵᠠᠷ ᠵᠡᠷᠭᠡ ᠡᠯ᠎ᠡ ᠬᠦᠷᠢᠶ᠎ᠡ ᠴᠠᠷᠠᠭ᠋ᠠᠨ᠎ᠳᠤ ᠠᠭᠤᠰᠤᠯᠴᠠᠭᠤᠯᠵᠤ᠂ ᠣᠯᠠᠨ ᠨᠡᠶ᠋ᠢᠲᠡ ᠵᠢᠨ ᠰᠣᠶᠣᠯ᠎ᠤᠨ ᠲᠥᠬᠥᠭᠡᠷᠦᠮᠵᠢ᠂ ᠬᠤᠳᠠ ᠵᠢᠨ ᠪᠡᠯᠭᠡ ᠳᠡᠮᠳᠡᠭ᠎ᠤᠨ ᠴᠢᠨᠠᠷᠲᠠᠶ ᠪᠠᠷᠢᠯᠭ᠎ᠠ᠂ ᠵᠢᠭᠤᠯᠴᠢᠯᠠᠯ᠎ᠤᠨ ᠦᠵᠡᠮᠵᠢ ᠵᠢᠨ ᠦᠵᠡᠭᠦᠯᠭᠡ ᠵᠡᠷᠭᠡ ᠡᠯ᠎ᠡ ᠲᠠᠯ᠎ᠠ᠎ᠳᠤ ᠢᠯᠡᠷᠡᠬᠦᠯᠵᠦ᠂ 《ᠳᠤᠮᠳᠠᠳᠤ ᠵᠢᠨ ᠦᠨᠳᠦᠰᠦᠲᠡᠨ ᠨᠢᠭᠡ ᠭᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠦᠶ᠎ᠡ》 ᠭᠡᠬᠦ ᠭᠤᠤᠯ ᠰᠡᠳᠦᠪᠲᠦ ᠬᠥᠮᠦᠵᠢᠯ᠎ᠢ ᠪᠦᠬᠦ ᠬᠣᠲᠠ ᠵᠢᠨ ᠭᠡᠪᠴᠢᠶᠡᠨ᠎ᠳᠤ ᠨᠡᠢ᠌ᠳᠡᠮ ᠬᠢᠵᠦ᠂ ᠪᠦᠬᠦ ᠬᠦᠷᠢᠶ᠎ᠡ ᠴᠠᠷᠠᠭ᠎ᠠ᠎ᠳᠤ ᠠᠬᠢᠭᠤᠯᠵᠤ᠂ ᠪᠦᠬᠦ ᠲᠠᠯ᠎ᠠ᠎ᠪᠠᠷ ᠦᠷᠨᠢᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠪᠠᠶ᠋ᠢᠭᠤᠯᠤᠯᠲᠠ ᠵᠢᠨ ᠲᠠᠯ᠎ᠠ᠎ᠪᠠᠷ ᠡᠮᠦᠨ᠎ᠡ ᠡᠩᠨᠡᠭᠡᠨ᠎ᠳᠤ ᠣᠷᠣᠵᠤ ᠳᠠᠭᠤᠷᠢᠶᠠᠯ ᠦᠵᠡᠭᠦᠯᠬᠦ᠎ᠪᠠᠷ ᠴᠢᠷᠮᠠᠶ᠋ᠢᠨ᠎ᠠ ᠬᠡᠪᠡ᠃
《ᠪᠢᠳᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠲᠣᠭᠲᠠᠴᠠ ᠪᠠ ᠤᠨᠤᠯ᠎ᠤᠨ ᠰᠤᠳᠤᠯᠭ᠋ᠠᠨ᠎ᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ 〈ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ〉 〈ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯᠯᠠᠭ᠎ᠠ ᠵᠢ ᠡᠭᠦᠳᠦᠯᠳᠡ᠎ᠲᠠᠢ᠎ᠪᠠᠷ ᠥᠷᠨᠢᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ — ᠥᠪᠥᠷ ᠮᠣᠩᠭᠣᠯ ᠪᠤᠳᠢ》 ᠵᠢ ᠨᠠᠶ᠋ᠢᠷᠠᠭᠤᠯᠤᠨ ᠲᠤᠭᠤᠷᠪᠢᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠵᠦ᠂ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠴᠠᠳᠢᠭ — ᠥᠪᠥᠷ ᠮᠣᠩᠭᠣᠯ ᠪᠤᠳᠢ》 ᠵᠢ ᠨᠠᠶ᠋ᠢᠷᠠᠭᠤᠯᠤᠨ ᠲᠤᠭᠤᠷᠪᠢᠬᠤ ᠠᠵᠢᠯ᠎ᠢ ᠪᠡᠶᠡᠯᠡᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠶ᠎ᠠ — ᠰᠦᠭ ᠰᠦᠨᠡᠰᠦ ᠵᠢ ᠱᠤᠭᠤᠬᠤ᠎ᠨᠢ》 ᠭᠡᠬᠦ ᠲᠤᠰᠬᠠᠶ ᠰᠡᠳᠦᠪᠲᠦ ᠹᠢᠯᠢᠮ᠎ᠢ ᠰᠡᠭᠦᠳᠡᠷᠯᠡᠨ ᠦᠢ᠍ᠯᠡᠳᠴᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ ᠬᠠᠮᠳᠤ᠎ᠪᠠᠷ ᠬᠤᠪᠢᠶᠠᠯᠴᠠᠬᠤ ᠨᠠᠩ ᠣᠯᠠᠨ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠦᠳᠦᠭᠡᠵᠦ ᠤᠯᠠᠮᠵᠢᠯᠠᠨ ᠳᠡᠯᠭᠡᠷᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠪᠠᠶ᠋ᠢᠳᠠᠯ᠎ᠢ ᠤᠯᠠᠮ ᠴᠢᠨᠠᠬᠰᠢᠳᠠ ᠤᠬᠠᠭᠤᠯᠤᠨ ᠲᠠᠶ᠋ᠢᠯᠪᠤᠷᠢᠯᠠᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ᠎ᠢ ᠰᠠᠶ᠋ᠢᠲᠤᠷ ᠶᠠᠷᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠤᠤ ᠵᠠᠨ ᠱᠧᠩ ᠬᠡᠯᠡᠵᠡᠢ᠃
ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ
ᠲᠦᠷᠦᠭᠦᠬᠡᠨ᠂ ᠲᠦᠩᠯᠢᠶᠣᠤ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠰᠢᠨ ᠴᠸᠡᠭ ᠵᠡᠭᠡᠯᠢ ᠭᠤᠳᠤᠮᠵᠢ ᠵᠢᠨ᠎ᠲᠠᠢ ᠹᠸᠡᠭ ᠨᠡᠶ᠋ᠢᠭᠡᠮ ᠲᠣᠭᠣᠷᠢᠭ᠎ᠤᠨ᠎ᠬᠢᠨ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠵᠢᠨ᠎ᠬᠢᠨ ᠮᠡᠳᠦ ᠲᠤᠳᠤᠨᠤ ᠪᠠᠢ᠌ᠵᠤ᠂ ᠤᠷᠠᠨ ᠪᠢᠷ ᠪᠡᠬᠡᠰ ᠵᠶ᠋ᠡᠷ ᠵᠶ᠋ᠠᠨ ᠳᠤᠮᠳᠠᠳᠤ᠎ᠪᠠᠨ ᠵᠢᠷᠤᠭᠯᠠᠶ᠎ᠠ》 ᠭᠡᠬᠦ ᠤᠷᠠᠨ ᠪᠢᠴᠢᠯᠭᠡ ᠤᠷᠠᠨ ᠵᠢᠷᠤᠭ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠷᠢᠶ᠎ᠠ ᠲᠣᠭᠣᠷᠢᠭ᠎ᠤᠨ ᠵᠶ᠋ᠠᠨ ᠦᠨᠳᠦᠰᠦᠲᠡᠨ᠎ᠨᠦᠭᠦᠳ᠎ᠤᠨ ᠰᠠᠭᠤᠭ᠋ᠠᠯᠢ ᠠᠷᠠᠳ᠎ᠤᠨ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠤᠯᠠᠮ ᠴᠢᠨᠠᠬᠰᠢᠳᠠ ᠪᠠᠶᠠᠯᠢᠭᠵᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠠᠢ᠃
ᠲᠠᠢ ᠹᠸᠡᠭ ᠨᠡᠶ᠋ᠢᠭᠡᠮ ᠲᠣᠭᠣᠷᠢᠭ ᠪᠠᠰᠠ ᠣᠯᠠᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠪᠠᠭ᠎ᠠ ᠰᠠᠯᠪᠤᠷᠢ ᠳᠤᠭᠤᠢ᠌ᠯᠠᠩ᠎ᠢ ᠵᠣᠬᠢᠶᠠᠨ ᠪᠠᠶ᠋ᠢᠭᠤᠯᠵᠤ᠂ ᠡᠯᠪᠡᠭ ᠪᠠᠶᠠᠯᠢᠭ ᠠᠭᠤᠯᠭ᠎ᠠ ᠪᠦᠬᠦᠢ ᠣᠯᠠᠨ ᠶᠠᠩᠵᠤ ᠵᠢᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠰᠡᠳᠬᠢᠯ᠎ᠤᠨ ᠨᠠᠶ᠋ᠢᠵᠠ ᠪᠤᠯᠤᠯᠴᠠᠵᠤ᠂ ᠡᠶᠡᠯᠳᠡᠭ ᠬᠥᠷᠰᠢ ᠰᠠᠭ᠋ᠠᠬᠠᠯᠲᠠ ᠪᠣᠯᠵᠤ᠂ ᠵᠣᠯ ᠵᠢᠷᠭ᠋ᠠᠯᠲᠤ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠬᠥᠲᠥᠯᠦᠨ ᠵᠢᠯᠣᠭᠣᠳᠪᠠ᠃ᠲᠠᠢ ᠹᠸᠩ ᠨᠡᠶ᠋ᠢᠭᠡᠮ ᠲᠣᠭᠣᠷᠢᠭ᠎ᠤᠨ ᠪᠦᠯᠬᠦᠮᠳᠡᠯ᠎ᠤᠨ ᠦᠯᠢᠬᠡᠷ ᠪᠣᠯ ᠲᠦᠩᠯᠢᠶᠣᠤ ᠬᠤᠳᠠ ᠵᠢᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠠᠷ ᠭᠠᠷ ᠵᠶ᠋ᠠᠨ ᠬᠣᠯᠪᠣᠨ ᠡᠷᠡᠯᠬᠡᠭᠯᠡᠨ ᠤᠷᠤᠭᠰᠢᠯᠠᠭᠰᠠᠨ ᠠᠮᠢᠳᠤᠯᠢᠭ ᠬᠤᠷᠢᠶᠠᠩᠭᠤᠢ ᠵᠢᠷᠤᠭ ᠳᠦᠷᠰᠦ ᠪᠣᠯᠤᠨ᠎ᠠ᠃
ᠣᠶ᠋ᠢᠷ᠎ᠠ᠎ᠳᠤ᠂ ᠲᠦᠩᠯᠢᠶᠣᠤ ᠬᠣᠲᠠ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠶ᠋ᠢᠭᠤᠯᠬᠤ ᠠᠯᠬᠤᠴᠠ᠎ᠪᠠᠨ ᠲᠦᠷᠭᠡᠳᠬᠡᠵᠦ᠂ ᠡᠭᠦᠳᠦᠨ ᠪᠠᠶ᠋ᠢᠭᠤᠯᠬᠤ ᠶᠠᠪᠤᠴᠠ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠠᠩ ᠭᠦᠨ ᠳᠠᠪᠬᠤᠷᠭ᠎ᠠ ᠵᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠡᠶᠡᠯᠡᠭᠦᠯᠬᠦ ᠵᠢ ᠠᠬᠢᠭᠤᠯᠵᠤ ᠪᠠᠶ᠋ᠢᠨ᠎ᠠ᠃ ᠴᠢ᠊· ᠲᠠᠯᠠᠨᠳᠠᠢ᠂ 《ᠠᠭᠤᠰᠤᠯᠴᠠᠬᠤ》 ᠭᠡᠳᠡᠭ ᠤᠳᠤᠷᠢᠳᠤᠮᠵᠢ ᠵᠢ ᠲᠤᠪᠤᠢ᠍ᠢ᠍ᠯᠭ᠋ᠠᠵᠥ᠂ 《ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ》 ᠲᠤᠰᠬᠠᠢ ᠠᠵᠢᠯᠯᠠᠭ᠎ᠠ ᠵᠢ ᠡᠭᠦᠳᠦᠨ ᠪᠠᠢ᠌ᠭᠤᠯᠤᠨ ᠥᠷᠨᠢᠭᠦᠯᠵᠦ᠂ ᠠᠭᠤᠯᠤᠭᠳᠠᠬᠤᠨ ᠵᠶ᠋ᠠᠨ ᠭᠦᠨᠵᠡᠭᠡᠶ᠋ᠢᠷᠡᠭᠦᠯᠵᠦ᠂ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠤᠷᠤᠯᠴᠠᠯᠭ᠎ᠠ ᠵᠢ ᠥᠷᠭᠡᠳᠬᠡᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠵᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠶᠠᠪᠤᠴᠠ᠎ᠳᠤ ᠠᠭᠤᠰᠤᠯᠴᠠᠭᠤᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ ᠵᠢᠨᠨ ᠲᠠᠭ᠋ᠠᠬᠤ᠂ ᠨᠠᠮ᠎ᠤᠨ ᠦᠭᠡ ᠵᠢ ᠰᠣᠨᠣᠰᠬᠤ᠂ ᠨᠠᠮ᠎ᠤᠨ ᠲᠥᠪ ᠬᠤᠷᠢᠶ᠎ᠠ᠎ᠲᠠᠢ ᠰᠡᠳᠬᠢᠯ ᠵᠢᠷᠦᠬᠡ᠎ᠪᠠᠷ ᠵᠶ᠋ᠡᠨ ᠬᠣᠯᠪᠣᠭ᠋ᠠᠲᠠᠢ ᠪᠠᠢ᠌ᠳᠠᠭ ᠬᠤᠪᠢᠰᠬᠠᠯᠳᠤ ᠤᠳᠤᠮᠰᠢᠯ᠎ᠢ ᠦᠷᠭᠦᠯᠵᠢᠯᠡᠨ ᠰᠠᠢ᠌ᠳᠤᠷ ᠤᠯᠠᠮᠵᠢᠯᠠᠨ ᠵᠠᠯᠭ᠋ᠠᠮᠵᠢᠯᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠯ ᠲᠠᠪᠰᠢᠯᠳᠠ ᠵᠢᠨ ᠢᠷᠠᠭᠤ ᠠᠯᠳᠠᠷᠲᠤ ᠤᠯᠠᠮᠵᠢᠯᠠᠯ᠎ᠢ ᠪᠠᠳᠠᠷᠠᠭᠤᠯᠵᠤ᠂ ᠪᠦᠬᠦ ᠬᠤᠳᠠ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠬᠤ ᠵᠢ ᠬᠦᠳᠦᠯᠦᠨ ᠵᠢᠯᠤᠭᠤᠳᠤᠨ᠎ᠠ᠃ ᠪᠣᠳᠠᠰ᠎ᠤᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠵᠡᠷᠭᠡ ᠠᠳᠬᠤᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠶ᠋ᠢᠨ ᠪᠡᠶᠡᠯᠡᠭᠦᠯᠬᠦ᠎ᠲᠠᠢ ᠨᠢᠭᠲᠠ ᠤᠶᠠᠯᠳᠤᠭᠤᠯᠵᠤ᠂ ᠣᠳᠣᠬᠢᠴᠢᠯᠠᠭᠰᠠᠨ ᠲᠦᠩᠯᠢᠶᠣᠤ ᠵᠢᠨ ᠪᠦᠳᠦᠭᠡᠨ ᠪᠠᠶ᠋ᠢᠭᠤᠯᠤᠯᠲᠠ ᠵᠢᠨ ᠪᠣᠳᠠᠰ᠎ᠤᠨ ᠰᠠᠭᠤᠷᠢ ᠵᠢ ᠪᠡᠬᠢᠵᠢᠭᠦᠯᠬᠦ ᠵᠢᠷᠭᠤᠭ᠋ᠠᠨ ᠲᠥᠷᠥᠯ᠎ᠤᠨ ᠭᠣᠣᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠶ᠋ᠢᠳᠠᠨ ᠬᠥᠮᠦᠵᠢᠭᠦᠯᠬᠦ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠳᠠᠬᠢ ᠳᠤᠲᠠᠭᠤᠳᠠᠯ ᠪᠠᠭᠤᠷᠠᠢ ᠲᠠᠯ᠎ᠠ ᠵᠢ ᠲᠦᠷᠭᠡᠨ ᠨᠥᠬᠥᠪᠥᠷᠢᠯᠡᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠶᠠᠵᠢᠵᠦ᠂ ᠬᠠᠮᠳᠤ᠎ᠪᠠᠷ ᠨᠡᠶ᠋ᠢᠭᠡᠮ ᠵᠢᠷᠤᠮᠲᠤ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ ᠬᠡᠵᠡᠢ᠃
ᠠᠯᠠᠱ᠌ᠠ ᠠᠶ᠋ᠢᠮᠠᠭ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠬᠦ ᠠᠶ᠋ᠢᠮᠠᠭ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠲᠠᠢ ᠬᠣᠯᠪᠣᠭᠳᠠᠬᠤ ᠶᠡᠬᠡ ᠶᠠᠪᠤᠳᠠᠯ ᠪᠣᠯᠭ᠋ᠠᠨ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ ᠦᠨᠳᠦᠰᠦᠲᠡᠨ᠎ᠤ ᠪᠦᠯᠬᠦᠮᠳᠡᠯ᠎ᠤᠨ ᠰᠢᠯᠢᠳᠡᠭ ᠤᠯᠠᠮᠵᠢᠯᠠᠯ᠎ᠢ ᠶᠡᠬᠡ᠎ᠪᠠᠷ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ᠎ᠢ ᠨᠢᠭᠲᠠᠷᠠᠭᠤᠯᠪᠠ᠃ ᠳᠠᠶ᠋ᠢᠴᠢᠨ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠶ᠋ᠢᠮᠠᠭ᠎ᠢ ᠡᠭᠦᠳᠦᠨ ᠪᠠᠶ᠋ᠢᠭᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠨ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠶ᠋ᠢᠭᠡᠮ᠎ᠤᠨ ᠨᠥᠬᠥᠴᠡᠯ᠎ᠢ ᠢᠳᠡᠪᠬᠢᠲᠡᠶ ᠡᠭᠦᠳᠴᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠬ᠎ᠠ ᠳᠡᠭᠦᠦ ᠮᠡᠲᠦ ᠳᠣᠲᠣᠨᠣ ᠪᠠᠶ᠋ᠢᠬᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠵᠢ ᠠᠬᠢᠭᠤᠯᠵᠤ᠂ ᠪᠥᠬᠥ ᠠᠶ᠋ᠢᠮᠠᠭ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠣᠶᠤᠨ ᠤᠬᠠᠭ᠋ᠠᠨ ᠪᠠ ᠬᠦᠴᠦᠨ ᠴᠢᠳᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠨᠢᠭᠲᠠᠷᠠᠭᠤᠯᠵᠤ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ᠎ᠠ ᠬᠡᠪᠡ᠃
ᠭᠤᠤ ᠵᠠᠨ ᠱᠧᠩ᠂ 《ᠡᠨᠡ ᠵᠢᠯ᠂ ᠪᠢᠳᠡ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠭᠢᠳᠬᠡᠯᠳᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠴᠢᠨᠠᠭᠰᠢᠳᠠ ᠭᠦᠨᠵᠡᠭᠡᠢ ᠠᠬᠢᠭᠤᠯᠤᠨ ᠬᠡᠷᠡᠭᠵᠢᠭᠦᠯᠵᠦ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠪᠦᠬᠦ ᠲᠠᠯ᠎ᠠ ᠵᠢᠨ ᠰᠣᠯᠢᠯᠴᠠᠭ᠎ᠠ ᠭᠦᠨᠵᠡᠭᠡᠶ ᠠᠭᠤᠰᠤᠯᠴᠠᠯ᠎ᠢ ᠠᠬᠢᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠵᠢ ᠪᠦᠬᠦ ᠲᠠᠯ᠎ᠠ᠎ᠪᠠᠷ ᠠᠬᠢᠭᠤᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠭᠦᠨᠵᠡᠭᠡᠶ ᠪᠥᠭᠡᠳ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠰᠣᠳᠣᠨᠤ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ 〈ᠲᠠᠰ ᠳᠡᠪᠰᠢᠭᠰᠡᠨ ᠬᠡᠪ ᠵᠠᠭᠪᠤᠷ〉᠎ᠢ ᠪᠣᠶ ᠪᠣᠯᠭ᠋ᠠᠵᠦ᠂ ᠥᠪᠥᠷ ᠮᠣᠩᠭᠣᠯ ᠵᠶ᠋ᠠᠨ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ ᠳᠠᠭᠤᠷᠢᠶᠠᠯ᠎ᠤᠨ ᠣᠷᠣᠨ ᠪᠣᠯᠭ᠋ᠠᠬᠤ᠎ᠪᠠᠷ ᠴᠢᠷᠮᠠᠶ᠋ᠢᠨ᠎ᠠ》 ᠭᠡᠵᠦ ᠭᠤᠤ ᠵᠠᠨ ᠱᠧᠩ ᠬᠡᠯᠡᠵᠠᠢ᠃
ᠦᠨᠳᠦᠰᠦᠲᠡᠨ᠎ᠨᠦᠭᠦᠳ᠎ᠤᠨ ᠪᠦᠯᠬᠦᠮᠳᠡᠨ ᠤᠷᠤᠭᠰᠢᠯᠠᠬᠤ ᠬᠥᠭᠵᠢᠯᠲᠡ ᠵᠢ ᠬᠠᠮᠲᠤ᠎ᠪᠠᠷ ᠯᠠᠪᠳᠠᠭᠤᠨ ᠪᠠᠲᠤᠲᠠᠶ ᠠᠬᠢᠭᠤᠯᠤᠨ᠎ᠠ
ᠦᠨᠳᠦᠰᠦᠲᠡᠨ᠎ᠤ ᠪᠦᠯᠬᠦᠮᠳᠡᠯ ᠪᠣᠯ ᠬᠥᠭᠵᠢᠯᠲᠡ ᠳᠠᠪᠰᠢᠯᠲᠠ ᠵᠢᠨ ᠰᠠᠭᠤᠷᠢ ᠴᠢᠯᠠᠭᠤ ᠮᠥᠨ᠂ ᠬᠥᠭᠵᠢᠯᠲᠡ ᠪᠣᠯ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠠᠯᠲᠠᠨ ᠲᠦᠯᠬᠢᠭᠦᠷ ᠮᠥᠨ᠃
ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠠᠲᠤ ᠴᠡᠭᠡᠵᠢᠯᠡᠵᠦ᠂ ᠪᠥᠬᠥ ᠣᠷᠣᠨ ᠳᠠᠶᠠᠭ᠋ᠠᠷ ᠵᠶ᠋ᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠵᠢ ᠪᠠᠷᠢᠮᠲᠠᠯᠠᠬᠤ ᠳᠤᠮᠳᠠ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠬᠥᠭᠵᠢᠯᠲᠡ ᠵᠢᠨ ᠦᠷ᠎ᠡ ᠪᠦᠲᠦᠭᠡᠯ ᠵᠶ᠋ᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠬᠥᠮᠦᠰ᠎ᠤᠨ ᠰᠡᠳᠬᠢᠯ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠪᠦᠯᠬᠦᠮᠳᠡᠨ ᠨᠢᠭᠡᠳᠴᠦ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢᠲᠦ ᠣᠷᠣᠨ ᠵᠶ᠋ᠠᠨ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠴᠢᠷᠮᠠᠢ᠌ᠨ᠎ᠠ᠃
ᠳᠠᠶ᠋ᠢᠴᠢᠨ᠂ ᠠᠯᠠᠱ᠌ᠠ ᠠᠶ᠋ᠢᠮᠠᠭ᠎ᠤᠨ ᠪᠣᠳᠠᠲᠤ ᠪᠠᠶ᠋ᠢᠳᠠᠯ᠎ᠠᠴᠠ ᠰᠠᠭᠤᠷᠢᠯᠠᠵᠤ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ᠎ᠳᠤ᠂ ᠬᠥᠭᠵᠢᠭᠦᠯᠬᠦ ᠵᠢ ᠲᠡᠷᠢᠭᠦᠨ ᠴᠢᠬᠤᠯᠠ ᠡᠭᠦᠷᠭᠡ ᠪᠣᠯᠭ᠋ᠠᠬᠤ ᠵᠢ ᠭᠤᠶ᠋ᠢᠪᠢᠰᠢ ᠥᠬᠡᠶ ᠪᠠᠷᠢᠮᠲᠠᠯᠠᠵᠤ᠂ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠬᠤᠵᠢᠷᠯᠢᠬ ᠬᠢᠮᠢ ᠵᠢᠨ ᠠᠵᠤ ᠦᠢ᠍ᠯᠡᠳᠪᠦᠷᠢ᠂ ᠨᠠᠷᠢᠯᠢᠭ ᠬᠢᠮᠢ ᠵᠢᠨ ᠠᠵᠤ ᠦᠢ᠍ᠯᠡᠳᠪᠦᠷᠢ ᠵᠡᠷᠭᠡ ᠭᠤᠤᠯᠯᠠᠬᠤ ᠠᠵᠤ ᠦᠢ᠍ᠯᠡᠰ᠎ᠤᠨ ᠬᠡᠪᠴᠢᠶᠡᠵᠢᠯ᠎ᠤᠨ ᠲᠠᠰ ᠳᠠᠪᠬᠤᠷᠭ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ 《ᠮᠢᠬ᠎ᠠ ᠰᠦ ᠨᠣᠣᠰᠣ ᠵᠢᠮᠢᠰ ᠨᠣᠭᠣᠭ᠎ᠠ ᠡᠷᠡᠭᠦᠯᠵᠢᠯ》᠎ᠤᠨ ᠠᠵᠤ ᠦᠢ᠍ᠯᠡᠰ᠎ᠤᠨ ᠪᠦᠯᠦᠭᠵᠢᠯ᠎ᠢ ᠬᠦᠴᠦᠯᠡᠨ ᠪᠠᠶ᠋ᠢᠭᠤᠯᠵᠤ᠂ ᠮᠠᠯᠴᠢᠨ ᠲᠠᠷᠢᠶᠠᠴᠢᠨ ᠪᠣᠯᠤᠨ ᠠᠵᠤ ᠠᠬᠤᠶ᠋ᠢᠯᠠᠯ᠎ᠤᠨ ᠠᠰᠢᠭ ᠲᠤᠰᠠ ᠵᠢᠨ ᠬᠣᠯᠪᠣᠭ᠋ᠠᠨ᠎ᠤ ᠲᠣᠭᠲᠠᠴᠠ ᠵᠢᠨ ᠰᠢᠨ᠎ᠡ ᠵᠢ ᠡᠭᠦᠳᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ ᠡᠭᠦᠳᠦᠨ ᠪᠦᠲᠦᠭᠡᠵᠦ ᠬᠠᠮᠲᠤ᠎ᠪᠠᠷ ᠡᠳ᠋ᠯᠡᠨ᠎ᠡ; ᠠᠮᠢ ᠠᠬᠤᠢ ᠵᠢᠨ ᠥᠨᠳᠥᠷ ᠬᠢᠷᠢ ᠲᠦᠪᠰᠢᠨ᠎ᠤ ᠬᠠᠮᠠᠭ᠋ᠠᠯᠠᠯᠲᠠ ᠵᠢ ᠶᠡᠬᠡ᠎ᠪᠠᠷ ᠠᠬᠢᠭᠤᠯᠵᠤ᠂ ᠠᠮᠢ ᠠᠬᠤᠢ ᠵᠢᠨ ᠠᠷᠠᠳ᠎ᠲᠤ ᠠᠰᠢᠭ ᠬᠦᠷᠲᠡᠭᠡᠬᠦ᠂ ᠠᠮᠢ ᠠᠬᠤᠢ ᠵᠢᠨ ᠠᠷᠠᠳ᠎ᠲᠤ ᠠᠰᠢᠬᠳᠠᠢ ᠪᠠᠢ᠌ᠯᠭ᠋ᠠᠬᠤ᠂ ᠠᠮᠢ ᠠᠬᠤᠢ ᠵᠢᠨ ᠠᠷᠠᠳ᠎ᠲᠤ ᠦᠢ᠍ᠯᠡᠴᠢᠯᠡᠬᠦ ᠵᠢ ᠪᠠᠷᠢᠮᠲᠠᠯᠠᠵᠤ᠂ ᠴᠢᠬᠤᠯᠠ ᠶᠡᠬᠡ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠂ ᠬᠠᠷ᠎ᠠ ᠭᠣᠣᠯ᠎ᠤᠨ ᠰᠠᠪᠠ ᠭᠠᠵᠠᠷ ᠪᠣᠯᠤᠨ ᠠᠯᠠᠱ᠌ᠠ ᠠᠭᠤᠯᠠ ᠵᠢᠨ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠠᠶ᠋ᠢᠵᠢᠷᠠᠭᠤᠯᠵᠤ᠂ ᠬᠦᠭᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢ᠌ᠰᠢ ᠬᠤᠪᠢᠷᠠᠬᠤ ᠵᠢ ᠠᠬᠢᠭᠤᠯᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠦᠵᠡᠰᠬᠦᠯᠡᠩᠲᠦ ᠰᠠᠶ᠋ᠢᠬᠠᠨ ᠠᠮᠢ ᠠᠬᠤᠢ ᠣᠷᠴᠢᠨ ᠲᠣᠭᠣᠷᠢᠨ᠎ᠢ ᠡᠳ᠋ᠯᠡᠬᠦ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠨ᠎ᠡ; ᠰᠠᠭᠤᠷᠢ ᠲᠥᠬᠥᠭᠡᠷᠦᠮᠵᠢ ᠵᠢᠨ ᠥᠨᠳᠥᠷ ᠪᠠᠷᠢᠮᠵᠢᠶᠠᠲᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠪᠠᠷᠠᠭ᠋ᠠᠨ᠎ᠤ ᠭᠦᠢ᠍ᠯᠭᠡᠭᠡ ᠵᠡᠷᠭᠡ ᠬᠦᠷᠢᠶ᠎ᠡ ᠴᠠᠷᠠᠭ᠋ᠠᠨ᠎ᠤ ᠲᠣᠭᠣᠷᠢᠨ᠎ᠳᠤ᠂ ᠪᠦᠬᠦ ᠣᠷᠣᠨ ᠪᠦᠬᠦ ᠤᠯᠤᠰ᠎ᠤᠨ ᠵᠠᠮ ᠬᠠᠷᠢᠯᠴᠠᠭ᠋ᠠᠨ᠎ᠤ ᠲᠣᠣᠷ᠂ ᠮᠡᠳᠡᠭᠡ ᠵᠠᠩᠭᠢ ᠵᠢᠨ ᠲᠣᠣᠷ᠂ ᠡᠨᠧᠷᠭᠢ ᠵᠢᠨ ᠲᠣᠣᠷ᠎ᠲᠤ ᠤᠷᠤᠬᠤ ᠨᠢᠭᠡ ᠪᠦᠯᠦᠭ ᠭᠣᠣᠯᠳᠠᠯᠭ᠎ᠠ᠎ᠲᠠᠢ ᠢᠨᠵᠧᠨᠧᠷᠢᠩ᠎ᠤᠨ ᠲᠦᠷᠦᠯ ᠵᠦᠢ᠍ᠯ᠎ᠢ ᠬᠡᠷᠡᠭᠵᠢᠭᠦᠯᠵᠦ᠂ ᠢᠷᠭ᠋ᠠᠢ ᠪᠠᠶᠠᠨᠬᠤᠳᠠ ᠵᠢᠨ ᠲᠦᠷᠭᠡᠨ᠎ᠤ ᠲᠡᠮᠦᠷ ᠵᠠᠮ᠂ ᠯᠢᠨ ᠾᠧ ᠬᠠᠮᠢ ᠲᠡᠮᠦᠷ ᠵᠠᠮ᠎ᠤᠨ ᠠᠯᠠᠱ᠌ᠠ ᠠᠶ᠋ᠢᠮᠠᠭ᠎ᠤᠨ ᠬᠡᠰᠡᠭ᠎ᠤᠨ ᠴᠢᠳᠠᠪᠬᠢ ᠵᠢ ᠥᠷᠭᠡᠳᠬᠡᠨ ᠥᠭᠡᠷᠡᠴᠢᠯᠡᠬᠦ᠂ ᠪᠠᠶᠠᠨᠬᠤᠳᠤᠭ᠎ᠠᠴᠠ ᠪᠠᠶᠠᠨᠬᠤᠲᠠ ᠬᠦᠷᠬᠦ ᠲᠦᠷᠭᠡᠨ᠎ᠤ ᠵᠠᠰᠠᠮᠠᠯ ᠵᠠᠮ ᠵᠡᠷᠭᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠨᠡᠩ ᠤᠯᠠᠨ ᠤᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠪᠦᠯᠬᠦᠮᠳᠡᠯ᠎ᠤᠨ ᠱᠤᠭᠤᠮ᠂ ᠵᠣᠯ ᠵᠢᠷᠭ᠋ᠠᠯ᠎ᠤᠨ ᠵᠠᠮ᠎ᠢ ᠴᠣᠭᠴᠠᠯᠠᠨᠡ; ᠪᠥᠬᠥ ᠠᠷᠠᠳ᠎ᠤᠨ ᠴᠢᠨᠠᠷ ᠰᠠᠶ᠋ᠢᠲᠠᠶ ᠠᠮᠢᠳᠤᠷᠠᠯ᠎ᠢ ᠬᠦᠴᠦᠯᠡᠨ ᠴᠣᠭᠴᠠᠯᠠᠵᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ᠎ᠪᠠᠷ ᠵᠣᠷᠢᠯᠲᠠ ᠪᠠ ᠲᠤᠰᠤᠯᠲᠠ᠎ᠪᠠᠨ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠤ ᠬᠥᠭᠵᠢᠯᠲᠡ ᠵᠢᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠵᠦ᠂ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠵᠢᠯ ᠣᠯᠭᠣᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ ᠵᠡᠷᠭᠡ ᠪᠣᠳᠠᠲᠠᠶ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠠᠶ᠋ᠢᠮᠠᠭ᠎ᠤᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ ᠵᠢᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠣᠲᠠ ᠬᠥᠳᠡᠭᠡ ᠵᠢᠨ ᠠᠷᠠᠳ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠭᠦᠯᠵᠢᠯᠡᠨ ᠰᠠᠶ᠋ᠢᠵᠢᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠢᠳᠤᠷᠠᠯ᠎ᠢ ᠨᠠᠩ ᠴᠢᠨᠠᠷ ᠴᠢᠨᠰᠠᠭ᠎ᠠ᠎ᠲᠠᠢ᠂ ᠨᠠᠩ ᠲᠠᠭ᠋ᠠᠯᠠᠮᠵᠢᠲᠠᠶ ᠪᠣᠯᠭ᠋ᠠᠬᠤ᠎ᠪᠠᠷ ᠴᠢᠷᠮᠠᠶ᠋ᠢᠨ᠎ᠠ ᠭᠡᠪᠡ᠃
ᠭᠤᠤ ᠵᠠᠨ ᠱᠧᠩ᠂ 《ᠪᠢᠳᠡ ᠨᠠᠮ᠎ᠤᠨ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠪᠢᠴᠢᠭ ᠮᠠᠲ᠋ᠧᠷᠢᠶᠠᠯ᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠠᠢ᠌ᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠬᠤ ᠬᠡᠷᠡᠭᠲᠡᠶ᠃ ᠬᠢᠯᠢ ᠬᠢᠵᠠᠭ᠋ᠠᠷ᠎ᠢ ᠪᠡᠬᠢᠵᠢᠭᠦᠯᠵᠦ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠢᠯᠢ ᠬᠢᠵᠠᠭ᠋ᠠᠷ ᠣᠷᠣᠨ᠎ᠳᠤ ᠣᠷᠣᠵᠤ ᠢᠷᠡᠬᠦ ᠵᠢ ᠢᠳᠡᠪᠬᠢᠲᠡᠶ ᠠᠬᠢᠭᠤᠯᠵᠤ᠂ ᠬᠢᠯᠢ ᠬᠢᠵᠠᠭ᠋ᠠᠷ ᠭᠠᠵᠠᠷ ᠣᠷᠣᠨ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠣᠷᠳᠣ ᠬᠣᠩᠭᠢᠯ᠎ᠢ ᠪᠥᠲᠥᠭᠡᠨ ᠪᠠᠶ᠋ᠢᠭᠤᠯᠵᠤ᠂ ᠬᠠᠮᠤᠭ᠎ᠤᠨ ᠭᠣᠶᠣ ᠬᠢᠯᠢ ᠵᠢᠨ ᠬᠠᠮᠠᠭ᠋ᠠᠯᠠᠯᠲᠠ ᠵᠢᠨ ᠱᠤᠭᠤᠮ᠎ᠢ ᠴᠣᠭᠴᠠᠯᠠᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠦᠨᠡᠨ ᠬᠦ᠌ ᠪᠡᠬᠢᠵᠢᠭᠦᠯᠬᠦ ᠬᠡᠷᠡᠭᠲᠡᠶ᠃ ᠡᠭᠦᠨ᠎ᠤ ᠬᠠᠮᠲᠤ᠂ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠣᠭᠣᠳᠴᠤ ᠪᠠᠶ᠋ᠢᠭ᠋ᠠᠳ ᠪᠣᠳᠠᠰ᠎ᠤᠨ ᠪᠠ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠰᠢᠢ᠍ᠳᠪᠦᠷᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠲᠠᠢ ᠤᠶᠠᠯᠳᠤᠭᠤᠯᠤᠨ ᠬᠥᠭᠵᠢᠯᠲᠡ ᠵᠢ ᠠᠳᠬᠤᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠵᠢᠨ ᠠᠴᠢ ᠬᠣᠯᠪᠣᠭᠳᠠᠯ᠂ ᠨᠢᠭᠡᠳᠦᠯ᠎ᠢ ᠬᠠᠮᠠᠭ᠋ᠠᠯᠠᠵᠤ ᠬᠠᠭ᠋ᠠᠴᠠᠭᠤᠯᠬᠤ ᠵᠢ ᠡᠰᠡᠷᠭᠦᠴᠡᠬᠦ ᠵᠢᠨ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ ᠰᠠᠢ᠌ᠵᠢᠷᠠᠭᠤᠯᠵᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠵᠢᠨ ᠠᠴᠢ ᠬᠣᠯᠪᠣᠭᠳᠠᠯ᠎ᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠡᠪᠳᠡᠷᠡᠰᠢ ᠦᠭᠡᠢ ᠪᠠᠲᠤ ᠪᠡᠬᠢ ᠪᠤᠯᠭ᠋ᠠᠬᠤ ᠬᠡᠷᠡᠭᠳᠡᠢ》 ᠭᠡᠵᠦ ᠬᠡᠯᠡᠪᠡ᠃
ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠎ᠳᠤ ᠬᠠᠤᠯᠢ᠎ᠪᠠᠷ ᠵᠠᠰᠠᠬᠤ ᠬᠠᠮᠠᠭ᠋ᠠᠯᠠᠯᠲᠠ᠎ᠠᠴᠠ ᠰᠠᠯᠵᠤ ᠴᠢᠳᠠᠬᠤ ᠦᠭᠡᠢ᠃ ᠴᠢ᠊· ᠲᠠᠯᠠᠨᠳᠠᠢ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ᠎ᠤᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠦᠷᠢᠨ ᠪᠦᠲᠦᠨ ᠵᠥᠪ ᠣᠨᠣᠪᠴᠢᠲᠠᠢ ᠲᠤᠭᠤᠰᠢᠯᠠᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠪᠠᠶ᠋ᠢᠷᠢᠰᠢᠯ᠎ᠳᠤ ᠣᠷᠣᠭᠤᠯᠵᠤ᠂ ᠦᠨᠳᠦᠰᠦᠲᠡᠨ᠎ᠤ ᠬᠦᠷᠢᠶ᠎ᠡ ᠴᠠᠷᠠᠭ᠋ᠠᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠭᠡᠮ ᠰᠣᠭᠣᠭ᠎ᠢ ᠡᠷᠡᠰ ᠰᠡᠷᠭᠡᠶ᠋ᠢᠯᠡᠨ ᠠᠷᠢᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠣᠭᠲᠠᠭᠤᠨ᠎ᠤ ᠶᠡᠬᠡ ᠲᠠᠯ᠎ᠠ ᠵᠢ ᠡᠷᠡᠰ ᠰᠠᠶ᠋ᠢᠲᠤᠷ ᠬᠠᠮᠠᠭ᠋ᠠᠯᠠᠨ᠎ᠠ ᠬᠡᠪᠡ᠃
《ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠪᠣᠯ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠦᠨᠳᠦᠰᠦᠨ ᠤᠯᠤᠰ ᠲᠦᠷᠦ ᠵᠢᠨ ᠪᠠᠲᠤᠯᠠᠭ᠎ᠠ ᠮᠥᠨ》᠃ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠦᠨᠳᠦᠰᠦᠲᠡᠨ᠎ᠤ ᠣᠨᠣᠯ ᠪᠠ ᠲᠥᠷᠥ ᠵᠢᠨ ᠪᠣᠳᠣᠯᠭ᠎ᠠ ᠵᠢᠨ ᠵᠢᠭ᠋ᠠᠨ ᠰᠤᠳᠤᠯᠬᠤ ᠬᠡᠯᠲᠡᠰ᠎ᠤᠨ ᠳᠡᠳ᠋ ᠫᠷᠤᠹᠧᠰᠰᠤᠷ᠎ᠨᠢ ᠫᠢᠩ᠂ ᠨᠠᠮ᠎ᠤᠨ ᠤᠳᠤᠷᠢᠳᠤᠯᠭ᠎ᠠ ᠳᠤᠤᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠳᠤᠮᠰᠢᠯ ᠪᠠ ᠶᠡᠬᠡ ᠶᠣᠰᠣ ᠵᠢ ᠲᠠᠨᠢᠵᠤ᠂ ᠶᠡᠬᠡ ᠲᠠᠯ᠎ᠠ ᠵᠢ ᠬᠠᠷᠠᠭ᠋ᠠᠯᠵᠠᠵᠤ᠂ ᠬᠡᠪ ᠰᠤᠷᠲᠠᠯ᠎ᠢ ᠡᠷᠬᠢᠮᠯᠡᠵᠦ᠂ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠵᠤ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠰᠤᠷᠲᠠᠯ ᠴᠢᠨᠠᠷ᠎ᠢ ᠦᠷᠭᠦᠯᠵᠢᠯᠡᠨ ᠪᠠᠳᠠᠷᠠᠭᠤᠯᠵᠤ᠂ 《ᠵᠢᠱ᠌ᠢᠶᠡᠴᠢ》 ᠭᠡᠳᠡᠭ ᠵᠢᠨᠨ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ᠎ᠳᠤ ᠢᠯᠡᠷᠡᠭᠦᠯᠵᠦ᠂ ᠪᠦᠯᠬᠦᠮᠳᠡᠨ ᠨᠢᠭᠡᠳᠴᠦ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠪᠠᠷ ᠴᠢᠷᠮᠠᠶ᠋ᠢᠨ᠎ᠠ ᠭᠡᠪᠡ᠃
ᠡᠶ᠎ᠡ ᠡᠪ ᠵᠶ᠋ᠠᠷ ᠶᠠᠪᠤᠳᠠᠯ ᠪᠦᠲᠦᠵᠦ᠂ ᠬᠦᠴᠦᠨ ᠴᠢᠳᠠᠯ᠎ᠠᠴᠠ ᠪᠦᠯᠬᠦᠮᠳᠡᠯ ᠤᠨᠳᠤᠷᠳᠠᠭ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ 2400 ᠲᠦᠮᠡᠨ ᠬᠥᠪᠡᠭᠦᠳ ᠥᠬᠢᠳ ᠯᠠᠪᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠤᠳᠤᠮᠰᠢᠯ ᠵᠶ᠋ᠠᠨ ᠦᠷᠭᠦᠯᠵᠢᠯᠡᠨ ᠪᠠᠳᠠᠷᠠᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠢᠷᠠᠭᠤ ᠠᠯᠳᠠᠷ ᠵᠢᠨᠨ ᠤᠯᠠᠮ ᠵᠢᠨᠷ ᠬᠢᠯᠠᠯᠵᠠᠭᠤᠯᠵᠤ ᠶᠠᠪᠤᠬᠤ᠎ᠨᠢ ᠯᠠᠪᠲᠠᠢ ᠶᠤᠮ!
ᠣᠷᠴᠢᠭᠤᠯᠭ᠎ᠠ᠄ ᠣᠶᠣᠨᠴᠡᠴᠡᠭ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ