— 20 ᠳ᠋ᠤᠭ᠋ᠠᠷ ᠲᠠᠯᠠᠪᠤᠷ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠲᠤᠰᠬᠠᠶ ᠲᠠᠯᠠᠪᠤᠷ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠦ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠳᠠᠯ᠎ᠠ᠎ᠪᠠᠷ ᠪᠦᠳᠦᠭᠡᠨ ᠪᠠᠢ᠌ᠭᠤᠯᠬᠤ ᠳᠤᠬᠠᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠶᠠᠷᠢᠶ᠎ᠠ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ᠎ᠤ ᠥᠭᠦᠯᠡᠭᠴᠢ ᠶᠠᠨ ᠡᠾᠦᠢ᠍ᠢ ᠯᠦᠩ
ᠵᠠᠭᠤᠴᠢᠯᠠᠭᠤᠷ᠎ᠤᠨ ᠨᠠᠢ᠌ᠵᠠ ᠨᠠᠷ᠂ ᠰᠠᠢ᠌ᠨ ᠪᠠᠢ᠌ᠵᠠᠭ᠋ᠠᠨ᠎ᠠ ᠤᠤ?
ᠡᠨᠡ ᠵᠢᠯ᠎ᠤᠨ 6 ᠳ᠋ᠤᠭ᠋ᠠᠷ ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠤ᠎ᠪᠠᠨ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠤᠯ ᠰᠢᠵᠢᠮ ᠮᠥᠨ᠂ ᠮᠦᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠤᠯ ᠰᠢᠵᠢᠮ ᠮᠥᠨ》 ᠭᠡᠵᠦ ᠴᠢᠬᠤᠯᠠᠴᠢᠯᠡᠪᠡ᠃ ᠡᠨᠡ ᠬᠦ᠌ ᠴᠢᠬᠤᠯᠠ ᠵᠢᠭ᠋ᠠᠪᠤᠷᠢ᠎ᠨᠢ ᠪᠢᠳᠡᠨ᠎ᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ᠎ᠳᠤ ᠵᠢᠷᠤᠮᠯᠠᠯ ᠬᠠᠩᠭ᠋ᠠᠵᠤ᠂ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠪᠢᠳᠡ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠶᠠᠮᠠᠷᠪᠠ ᠠᠵᠢᠯ᠎ᠢ ᠬᠢᠬᠦ᠂ ᠶᠠᠮᠠᠷᠪᠠ ᠤᠴᠢᠷ ᠶᠠᠪᠤᠳᠠᠯ᠎ᠢ ᠬᠢᠬᠦ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠥᠴᠦᠬᠡᠨ ᠴᠦ᠍ ᠬᠡᠯᠪᠡᠢ᠌ᠬᠦ ᠦᠭᠡᠢ ᠪᠠᠢ᠌ᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠶ᠃
ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ ᠮᠥᠨ᠂ ᠪᠥᠬᠥ ᠣᠷᠣᠨ᠎ᠤ ᠦᠨᠳᠦᠰᠦᠲᠡᠨ᠎ᠤ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠲᠠᠢ᠎ᠪᠠᠨ ᠰᠡᠳᠬᠢᠯ ᠨᠢᠭᠡᠲᠡᠢ ᠪᠠᠢ᠌ᠵᠤ᠂ 《ᠲᠠᠪᠤᠨ ᠮᠡᠳᠡᠷᠡᠬᠦᠢ》᠂ 《ᠲᠦᠷᠪᠡ ᠵᠢ ᠬᠠᠮᠳᠤᠳᠬᠠᠬᠤ》᠂ 《ᠭᠤᠷᠪᠠᠨ ᠰᠠᠯᠵᠤ ᠴᠢᠳᠠᠬᠤ ᠥᠬᠡᠶ》 ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠢᠯᠡᠳᠲᠡ ᠨᠡᠮᠡᠭᠳᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠤᠨ ᠦᠢᠯᠡᠳᠦᠯᠭᠡ ᠳᠤᠮᠳᠠ ᠰᠢᠨ᠎ᠡ ᠠᠮᠵᠢᠯᠲᠠ ᠪᠦᠲᠦᠮᠵᠢ ᠤᠯᠪᠠ᠃ ᠳᠣᠣᠷ᠎ᠠ ᠪᠢ ᠬᠣᠯᠪᠣᠭᠳᠠᠯ ᠪᠦᠬᠦᠢ ᠪᠠᠢ᠌ᠳᠠᠯ᠎ᠢ ᠲᠣᠪᠴᠢ ᠲᠠᠨᠢᠯᠴᠠᠭᠤᠯᠤᠶ᠎ᠠ᠃
ᠨᠢᠭᠡ᠎ᠳᠤ᠂ ᠴᠢᠭᠯᠡᠯ᠎ᠢ ᠪᠠᠲᠤ ᠡᠵᠡᠮᠳᠡᠵᠦ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠲᠠᠰᠤᠷᠠᠯᠲᠠ ᠦᠭᠡᠢ ᠴᠢᠩᠭ᠋ᠠᠳᠬᠠᠨ ᠳᠡᠬᠦᠯᠳᠡᠷᠵᠢᠬᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠦᠨᠳᠦᠰᠦᠲᠡᠨ᠎ᠤ ᠠᠵᠢᠯ᠎ᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ ᠲᠥᠷᠥ ᠵᠢᠨ᠂ ᠪᠠᠢ᠌ᠯᠳᠤᠬᠤ ᠪᠣᠳᠣᠯᠭ᠎ᠠ ᠵᠢᠨ᠂ ᠪᠥᠬᠥ ᠲᠠᠯ᠎ᠠ ᠵᠢᠨ ᠥᠨᠳᠥᠷᠴᠡ᠎ᠠᠴᠠ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢ ᠵᠢᠱ᠌ᠢᠶ᠎ᠡ ᠦᠵᠡᠭᠦᠯᠦᠨ ᠳᠠᠢ᠌ᠴᠢᠯᠠᠵᠤ ᠦᠨᠳᠦᠰᠦᠲᠡᠨ᠎ᠤ ᠠᠵᠢᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠪᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠬᠦ ᠤᠨᠤᠯ᠎ᠢ ᠭᠣᠣᠯ ᠰᠡᠳᠦᠪᠲᠦ ᠬᠥᠮᠦᠵᠢᠯ᠎ᠤᠨ ᠭᠣᠣᠯᠳᠠᠯᠭ᠎ᠠ᠎ᠲᠠᠢ ᠰᠤᠳᠤᠯᠤᠨ ᠰᠤᠷᠤᠯᠴᠠᠬᠤ ᠠᠭᠤᠯᠭ᠎ᠠ ᠪᠣᠯᠭ᠋ᠠᠵᠤ᠂ ᠰᠤᠷᠤᠯᠴᠠᠨ ᠰᠤᠳᠤᠯᠵᠤ ᠰᠣᠯᠢᠯᠴᠠᠬᠤ ᠵᠢ ᠭᠦᠨᠵᠡᠭᠡᠢ ᠥᠷᠨᠢᠭᠦᠯᠵᠦ᠂ ᠪᠣᠳᠠᠲᠠᠢ ᠨᠠᠢ᠌ᠳᠠᠪᠤᠷᠢᠵᠢᠭᠤᠯᠵᠤ ᠨᠠᠷᠢᠯᠢᠭ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠪᠠ᠃ 7 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠥᠬᠥᠳᠡ ᠬᠤᠷᠠᠯ᠎ᠠᠴᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》᠎ᠢ ᠪᠠᠲᠤᠯᠠᠵᠤ᠂ ᠪᠥᠬᠥ ᠣᠷᠣᠨ ᠳᠠᠶᠠᠭ᠋ᠠᠷ ᠵᠶ᠋ᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠡᠨᠡ ᠬᠦ᠌ ᠶᠡᠬᠡ ᠶᠠᠪᠤᠳᠠᠯ᠎ᠢ ᠪᠥᠬᠥ ᠲᠠᠯ᠎ᠠ᠎ᠪᠠᠷ ᠰᠠᠢ᠌ᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠰᠦᠭᠡᠶ ᠭᠡᠵᠦ ᠤᠷᠢᠶᠠᠯᠠᠪᠠ᠃ ᠣᠳᠣᠬᠠᠨ᠎ᠳᠤ᠂ ᠪᠥᠬᠥ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠣᠤᠯ ᠴᠣᠭᠴᠠ ᠵᠢᠨ ᠠᠩᠭᠢ ᠤᠳᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠤᠨ ᠬᠢᠴᠢᠶᠡᠯ᠎ᠤᠨ ᠴᠠᠭ᠎ᠤᠨ ᠬᠠᠷᠢᠴᠠᠯ᠎ᠢ 10 %᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠪᠣᠯᠪᠠᠰᠤᠷᠠᠯ᠎ᠤᠨ ᠠᠩᠭᠢ ᠵᠢ ᠨᠡᠢ᠌ᠲᠡ 833 ᠬᠤᠭᠤᠴᠠᠭ᠎ᠠ ᠡᠷᠭᠢᠯᠡᠵᠦ᠂ ᠨᠠᠮ᠎ᠤᠨ ᠭᠡᠰᠢᠭᠦᠨ᠂ ᠺᠠᠳ᠋ᠷ᠎ᠢ 32 ᠲᠦᠮᠡᠨ ᠬᠥᠮᠦᠨ (ᠤᠳᠠᠭ᠎ᠠ)᠎ᠢ ᠪᠣᠯᠪᠠᠰᠤᠷᠠᠭᠤᠯᠪᠠ᠃
ᠬᠣᠶᠠᠷ᠎ᠲᠤ᠂ ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ ᠵᠢ ᠨᠢᠭᠲᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠪᠠ᠃ ᠪᠦᠬᠦ ᠣᠷᠣᠨ᠎ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠤᠨ᠎ᠬᠢᠨ 《ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ》 ᠵᠢ ᠤᠶᠠᠯᠳᠤᠭᠤᠯᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢᠨ ᠵᠢᠱ᠌ᠢᠶᠡᠴᠢ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠢ ᠵᠣᠬᠢᠶᠠᠨ ᠪᠠᠢ᠌ᠭᠤᠯᠵᠤ᠂ 《ᠦᠨᠳᠦᠰᠦᠲᠡᠨ᠎ᠤ ᠳᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ 《ᠲᠤᠮᠳᠠᠳᠤ ᠵᠢ ᠦᠬᠦᠯᠡᠬᠦᠢ》 ᠤᠬᠠᠭᠤᠯᠭ᠎ᠠ ᠵᠢᠨ ᠨᠡᠷᠡᠲᠦ ᠳᠡᠮᠳᠡᠭᠯᠤᠭᠠ ᠬᠠᠮᠲᠤᠷᠤᠯᠴᠠᠵᠤ᠂ ᠨᠠᠮ᠎ᠤᠨ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠳᠦᠷᠦ ᠵᠢᠨ ᠪᠤᠳᠤᠯᠭ᠎ᠠ ᠪᠣᠯᠤᠨ 《ᠮᠢᠨᠦ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢᠨ ᠦᠯᠢᠬᠡᠷ》᠎ᠢ ᠪᠠᠢ᠌ᠩᠭᠤᠵᠢᠭᠤᠯᠤᠨ ᠤᠬᠠᠭᠤᠯᠤᠨ ᠲᠠᠢ᠌ᠯᠪᠤᠷᠢᠯᠠᠵᠤ᠂ 4 ᠲᠦᠮᠡ ᠭᠠᠷᠤᠢ ᠲᠠᠯᠠᠪᠤᠷ (ᠤᠳᠠᠭ᠎ᠠ) ᠲᠥᠪᠯᠡᠷᠡᠭᠦᠯᠦᠨ ᠤᠬᠠᠭᠤᠯᠤᠨ ᠲᠠᠢ᠌ᠯᠪᠤᠷᠢᠯᠠᠵᠤ᠂ ᠬᠦᠯᠢᠶᠠᠨ ᠠᠪᠤᠭᠴᠢᠳ 300 ᠭᠠᠷᠤᠢ ᠲᠦᠮᠡᠨ ᠬᠥᠮᠦᠨ (ᠤᠳᠠᠭ᠎ᠠ) ᠪᠤᠯᠪᠠ᠃ ᠰᠣᠶᠣᠯ ᠵᠶ᠋ᠠᠷ ᠦᠨᠳᠦᠰᠦᠲᠡᠨ᠎ᠤ ᠪᠦᠯᠬᠦᠮᠳᠡᠯ᠎ᠢ ᠤᠮᠳᠠᠯᠠᠬᠤ ᠵᠢ ᠪᠠᠷᠢᠮᠲᠠᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠯᠠᠨ ᠲᠦᠮᠡᠨᠴᠢ ᠤᠩᠰᠢᠬᠤ ᠪᠢᠴᠢᠭ》᠂ 《 〈ᠠᠨᠠᠷ᠎ᠤᠨ ᠦᠷ᠎ᠡ〉 ᠵᠢᠷᠤᠭᠳᠤ ᠳᠡᠪᠲᠡᠷ᠎ᠤᠨ ᠴᠤᠪᠤᠷᠠᠯ ᠪᠢᠴᠢᠭ》᠎ᠢ ᠨᠠᠢ᠌ᠷᠠᠭᠤᠯᠤᠨ ᠳᠠᠷᠤᠮᠠᠯᠯᠠᠵᠤ᠂ ᠶᠡᠷᠦᠩᠬᠡᠢ᠌ᠯᠡᠭᠰᠡᠨ ᠤᠷᠠᠯᠢᠭ᠎ᠤᠨ ᠭᠣᠷᠮᠣᠰᠣᠨ ᠪᠦᠲᠦᠭᠡᠯ 《ᠤᠷᠳᠤ ᠴᠠᠭ᠋ᠠᠨ ᠬᠡᠷᠡᠮ》᠂ 《ᠬᠠᠳᠤᠨ ᠭᠣᠣᠯ᠎ᠤᠨ ᠰᠦᠭ ᠰᠦᠨᠡᠰᠦ》᠂ 《ᠳᠤᠮᠳᠠᠳᠤ ᠤᠯᠤᠰ᠎ᠤᠨ ᠯᠣᠣ》 ᠵᠢ ᠨᠡᠪᠲᠡᠷᠡᠭᠦᠯᠵᠦ᠂ ᠲᠤᠮᠤ ᠬᠡᠯᠪᠡᠷᠢ ᠵᠢᠨ ᠰᠣᠶᠣᠯ ᠤᠶᠤᠨ᠎ᠤ ᠫᠷᠤᠭ᠌ᠷᠠᠮ 《ᠣᠷᠳᠣᠨ᠎ᠤ ᠳᠠᠷᠤᠭ᠎ᠠ᠂ ᠲᠠ ᠦᠨᠡᠲᠦ ᠬᠠᠳᠠᠭ᠋ᠠᠯᠠᠮᠵᠢ᠎ᠪᠠᠨ ᠳᠡᠯᠭᠡᠭᠡᠷᠡᠢ》᠂ 《ᠦᠨᠳᠦᠰᠦ ᠰᠤᠳᠠᠰᠤ》 ᠵᠢ ᠨᠡᠪᠲᠡᠷᠡᠭᠦᠯᠵᠦ᠂ ᠬᠡᠦᠬᠡᠳ᠎ᠤᠨ ᠲᠠᠢ᠌ᠰᠠᠨ᠎ᠤ ᠵᠦᠴᠦᠭᠡ 《ᠤᠯᠤᠰ᠎ᠤᠨ ᠬᠡᠦᠬᠡᠳ》᠎ᠢ ᠨᠠᠢ᠌ᠷᠠᠭᠤᠯᠤᠨ ᠵᠣᠬᠢᠶᠠᠪᠠ᠃ 《ᠰᠦᠨ ᠳᠠᠯᠠᠢ ᠵᠢᠨ ᠵᠡᠷᠭᠡᠯᠡᠭᠡ》 ᠭᠡᠬᠦ ᠺᠢᠨᠣ᠋᠎ᠨᠢ ᠬᠠᠯᠠᠭᠤᠨ ᠲᠤᠰᠬᠠᠯ ᠭᠠᠷᠴᠤ᠂ 《ᠴᠠᠭᠳᠠᠭ᠎ᠠ ᠪᠤᠶᠠᠨ》᠂ 《ᠰᠠᠬᠢᠨ ᠪᠠᠷᠠᠯᠠᠵᠤ ᠳᠤᠷᠠᠰᠤᠨ ᠰᠠᠨᠠᠭ᠋ᠠᠯᠵᠠᠬᠤ ᠮᠣᠳᠣ》 ᠭᠡᠬᠦ ᠺᠢᠨᠣ᠋᠎ᠨᠢ ᠬᠣᠶᠠᠷ ᠬᠤᠭᠤᠴᠠᠭ᠋ᠠᠨ᠎ᠤ ᠳᠤᠮᠳᠠᠳᠤ ᠵᠢᠨ ᠱᠠᠩᠨᠠᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠡᠳᠦᠪᠲᠦ ᠺᠢᠨᠣ᠋ ᠵᠢᠨ ᠱᠠᠩᠨᠠᠯ᠎ᠢ ᠬᠦᠷᠳᠡᠪᠡ᠃ ᠪᠥᠵᠢᠭᠲᠦ ᠵᠦᠴᠦᠭᠡ 《ᠮᠣᠷᠢᠲᠤ ᠴᠡᠷᠢᠭ》᠂ 《ᠲᠠᠯ᠎ᠠ ᠨᠤᠲᠤᠭ᠎ᠤᠨ ᠪᠢᠴᠢᠬᠠᠨ ᠪᠠᠭ᠋ᠠᠲᠤᠷ ᠡᠭᠡᠴᠢ ᠥᠬᠢᠨ ᠳᠡᠭᠦᠦ》᠎ᠨᠢ ᠤᠳᠠᠭ᠎ᠠ ᠳᠠᠷᠠᠭ᠋ᠠᠯᠠᠨ ᠶᠡᠬᠡ ᠱᠠᠩᠨᠠᠯ ᠬᠦᠷᠲᠡᠪᠡ᠃ ᠨᠠᠢ᠌ᠷᠠᠯ ᠬᠥᠭᠵᠢᠮ 《ᠲᠤᠭ》᠂ ᠦᠨᠳᠦᠰᠦᠲᠡᠨ᠎ᠤ ᠨᠠᠢ᠌ᠷᠠᠯ ᠬᠥᠭᠵᠢᠮ 《ᠲᠠᠯ᠎ᠠ ᠨᠤᠲᠤᠭ᠎ᠤᠨ ᠳᠤᠷᠠᠳᠬᠠᠯ》 ᠪᠥᠬᠥ ᠤᠯᠤᠰ᠎ᠤᠨ 40 ᠬᠣᠲᠠ᠎ᠳᠤ 60 ᠰᠢᠬᠠᠮ ᠲᠠᠯᠠᠪᠤᠷ ᠲᠣᠭᠣᠷᠢᠨ ᠲᠣᠭᠯᠠᠯᠲᠠ ᠭᠠᠷᠭ᠋ᠠᠪᠠ᠃ ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠤᠯᠠᠭ᠋ᠠᠨᠴᠠᠪ ᠬᠣᠲᠠ᠎ᠳᠤ ᠠᠮᠵᠢᠯᠲᠠ᠎ᠲᠠᠢ ᠶᠠᠪᠤᠭᠳᠠᠪᠠ᠃ 《ᠵᠠᠭᠤᠨ ᠵᠢᠯ᠎ᠤᠨ ᠬᠤᠪᠢᠰᠬᠠᠯᠳᠤ ᠲᠡᠤᠭᠡ᠎ᠲᠠᠢ ᠥᠪᠥᠷ ᠮᠣᠩᠭᠣᠯ》᠎ᠤᠨ ᠢᠨᠵᠧᠨᠧᠷᠢᠩ᠎ᠢ ᠬᠡᠷᠡᠭᠵᠢᠭᠦᠯᠵᠦ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠲᠡᠦᠬᠡ (ᠨᠢᠭᠡᠳᠦᠭᠡᠷ ᠪᠤᠳᠢ) 》᠂ 《ᠥᠪᠥᠷ ᠮᠣᠩᠭᠣᠯ᠎ᠤᠨ ᠣᠷᠣᠨ ᠨᠤᠲᠤᠭ᠎ᠤᠨ ᠲᠣᠪᠴᠢ ᠲᠡᠦᠬᠡ》᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠄ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠤᠨ ᠲᠡᠭᠦᠪᠦᠷᠢ》 ᠵᠢ ᠬᠡᠪᠯᠡᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲᠸᠷᠢᠶᠠᠯ᠎ᠤᠨ ᠡᠮᠬᠢᠳᠬᠡᠯ᠂ ᠥᠪᠥᠷ ᠮᠣᠩᠭᠣᠯ᠎ᠤᠨ ᠪᠤᠳᠢ》᠂ 《ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠢᠷᠤᠭ᠎ᠤᠨ ᠡᠮᠬᠢᠳᠭᠡᠯ᠂ ᠥᠪᠥᠷ ᠮᠣᠩᠭᠣᠯ᠎ᠤᠨ ᠪᠤᠳᠢ》 ᠵᠢ ᠨᠠᠢ᠌ᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠭᠰᠠᠨ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ ᠪᠠᠢ᠌ᠭᠤᠯᠤᠯᠲᠠ ᠵᠢ ᠬᠦᠴᠦᠯᠡᠨ ᠠᠬᠢᠭᠤᠯᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠪᠦᠬᠦ ᠲᠠᠯ᠎ᠠ᠎ᠪᠠᠷ ᠤᠷᠤᠭᠤᠯᠪᠠ᠃ ᠪᠥᠬᠥ ᠣᠷᠣᠨ᠎ᠳᠤ ᠤᠯᠤᠰ᠎ᠤᠨ ᠲᠠᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ 9᠂ ᠤᠯᠤᠰ᠎ᠤᠨ ᠳᠥᠷᠪᠡᠨ ᠶᠠᠮᠤᠨ ᠵᠥᠪᠯᠡᠯ᠎ᠤᠨ ᠨᠡᠷᠡᠢ᠌ᠳᠦᠭᠰᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ 1᠂ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠨᠡᠷᠡᠢ᠌ᠳᠦᠭᠰᠡᠨ ᠰᠤᠳᠤᠯᠭ᠋ᠠᠨ᠎ᠤ ᠰᠠᠭᠤᠷᠢᠨ ᠭᠠᠵᠠᠷ 1 ᠪᠣᠶ᠃
ᠭᠤᠷᠪᠠ᠎ᠳᠤ᠂ ᠬᠥᠭᠵᠢᠯᠲᠡ ᠵᠢ ᠬᠠᠮᠲᠤ᠎ᠪᠠᠷ ᠰᠦᠪᠡᠭᠴᠢᠯᠡᠵᠦ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠬᠠᠮᠲᠤ᠎ᠪᠠᠷ ᠤᠷᠤᠭᠰᠢᠯᠠᠬᠤ ᠵᠢ ᠬᠦᠴᠦᠯᠡᠨ ᠠᠬᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠴᠥᠭᠡᠨ ᠲᠣᠭ᠋ᠠᠲᠤ ᠦᠨᠳᠦᠰᠦᠲᠡᠨ᠎ᠤ ᠠᠵᠢᠯ ᠦᠢᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠡᠷᠡᠭᠵᠢᠭᠦᠯᠬᠦ ᠲᠥᠰᠦᠯ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠬᠤ ᠵᠢ ᠬᠡᠷᠡᠭᠵᠢᠭᠦᠯᠬᠦ ᠲᠥᠰᠦᠯ ᠵᠡᠷᠭᠡ ᠣᠷᠣᠨ ᠪᠦᠰᠡ ᠵᠢᠨ ᠵᠥᠷᠢᠶᠡᠲᠦ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠢ᠌ᠲᠡᠯᠡᠪᠡ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠬᠤ ᠵᠢ ᠡᠰᠡᠷᠭᠦᠴᠡᠬᠦ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠠᠴᠢ ᠬᠣᠯᠪᠣᠭᠳᠠᠯ ᠣᠯᠭᠣᠬᠤ ᠵᠢ ᠪᠠᠷᠢᠮᠳᠠᠯᠠᠪᠠ᠃ ᠡᠨᠡ ᠵᠢᠯ᠎ᠠᠴᠠ ᠨᠠᠭ᠋ᠠᠰᠢ ᠲᠥᠪ᠎ᠤᠨ ᠵᠢᠴᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ ᠨᠡᠢ᠌ᠲᠡ 7.14 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠲᠠᠷᠢᠶᠠᠯᠠᠩ ᠮᠠᠯ ᠠᠵᠤ ᠠᠬᠤᠶ ᠵᠢᠨ ᠣᠨᠴᠠᠯᠢᠭᠲᠤ ᠳᠠᠪᠠᠭᠤᠯᠢᠭ ᠠᠵᠤ ᠦᠢᠯᠡᠰ᠎ᠢ ᠬᠥᠭᠵᠢᠭᠦᠯᠬᠦ ᠵᠢ ᠤᠷᠢᠳ ᠵᠶ᠋ᠠᠷ ᠳᠡᠮᠵᠢᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠪᠠ᠃ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠨᠢᠭᠡ ᠪᠦᠯᠦᠭ ᠰᠠᠭᠤᠷᠢ ᠳᠦᠬᠦᠭᠡᠷᠤᠮᠵᠢ ᠵᠢᠨ ᠪᠥᠲᠥᠭᠡᠨ ᠪᠠᠢ᠌ᠭᠤᠯᠤᠯᠲᠠ ᠪᠠ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠬᠡᠷᠡᠭᠵᠢᠭᠦᠯᠵᠦ᠂ ᠬᠢᠯᠢ ᠬᠢᠵᠠᠭ᠋ᠠᠷ ᠣᠷᠣᠨ᠎ᠤ ᠣᠯᠠᠨ ᠲᠦᠮᠡᠨ᠎ᠤ ᠵᠠᠷᠢᠮ 《ᠪᠠᠴᠢᠮ᠂ ᠬᠦᠴᠢᠷ᠂ ᠲᠤᠯᠭ᠋ᠠᠮ᠂ ᠬᠦᠰᠡᠭᠰᠡᠨ》 ᠠᠰᠠᠭᠤᠳᠠᠯ᠎ᠢ ᠰᠢᠢᠳᠪᠦᠷᠢᠯᠡᠪᠡ᠃ 《ᠪᠦᠯᠬᠦᠮᠳᠡᠨ ᠲᠡᠮᠡᠴᠡᠵᠦ ᠬᠢᠯᠢ ᠬᠢᠵᠠᠭ᠋ᠠᠷ ᠵᠶ᠋ᠠᠨ ᠪᠡᠬᠢᠵᠢᠬᠦᠯᠬᠦ — ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠬᠢᠯᠢ ᠬᠢᠵᠠᠭ᠋ᠠᠷ᠎ᠤᠨ ᠠᠶᠠᠯᠠᠯ》 ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢᠨ ᠬᠣᠩᠭᠢᠯ》᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠵᠤ᠂ ᠬᠢᠯᠢ ᠵᠢᠨ 20 ᠬᠣᠰᠢᠭᠤ (ᠬᠣᠲᠠ᠂ ᠲᠣᠭᠣᠷᠢᠭ) ᠵᠢᠨ ᠬᠢᠯᠢ ᠬᠢᠵᠠᠭ᠋ᠠᠷᠲᠤ ᠬᠥᠷᠬᠥ ᠰᠤᠮᠤ (ᠰᠢᠶᠠᠩ ᠪᠠᠯᠭ᠋ᠠᠰᠤ) ᠪᠣᠯᠤᠨ ᠴᠥᠭᠡᠨ ᠲᠣᠭ᠋ᠠᠲᠤ ᠦᠨᠳᠦᠰᠦᠲᠡᠨ ᠬᠠᠷᠢᠴᠠᠩᠭᠤᠶ ᠲᠥᠪᠯᠡᠷᠡᠨ ᠰᠠᠭᠤᠷᠢᠰᠢᠭᠰᠠᠨ 334 ᠭᠠᠴᠠᠭ᠎ᠠ (ᠲᠣᠰᠬᠣᠨ) ᠵᠢ ᠵᠣᠬᠢᠶᠠᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠭᠣᠤᠯ ᠰᠡᠳᠦᠪᠲᠦ ᠬᠥᠮᠦᠵᠢᠯ᠎ᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ ᠨᠠᠮ᠎ᠤᠨ ᠠᠴᠢ᠎ᠳᠤ ᠨᠠᠩ ᠢᠯᠡᠭᠦᠦ ᠴᠢᠩ ᠰᠡᠳᠬᠢᠯ᠎ᠠᠴᠠ᠎ᠪᠠᠨ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ ᠪᠣᠯᠭ᠋ᠠᠪᠠ᠃
ᠳᠥᠷᠪᠡ᠎ᠳᠤ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠶᠡᠬᠡ᠎ᠪᠠᠷ ᠠᠬᠢᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠴᠢᠷᠮᠠᠢ᠌ᠨ ᠡᠭᠦᠳᠴᠦ᠂ ᠡᠭᠦᠳᠦᠨ ᠪᠠᠢ᠌ᠭᠤᠯᠬᠤ ᠠᠵᠢᠯ᠎ᠤᠨ ᠬᠡᠷᠡᠭᠵᠢᠭᠦᠯᠬᠦ ᠲᠥᠰᠦᠯ ᠪᠣᠯᠤᠨ ᠵᠢᠱ᠌ᠢᠶ᠎ᠡ ᠦᠵᠡᠭᠦᠯᠵᠦ ᠰᠢᠯᠭ᠋ᠠᠨ ᠲᠣᠭᠲᠠᠭ᠋ᠠᠬᠤ ᠭᠦᠢ᠍ᠴᠡᠳᠬᠡᠯ ᠲᠣᠭ᠎ᠠ ᠵᠢ ᠰᠤᠳᠤᠯᠤᠨ ᠲᠣᠭᠲᠠᠭ᠋ᠠᠵᠤ᠂ ᠬᠢᠩᠭ᠋ᠠᠨ ᠠᠢ᠌ᠮᠠᠭ ᠵᠡᠷᠭᠡ ᠭᠠᠵᠠᠷ᠎ᠲᠤ ᠤᠷᠢᠳ ᠵᠶ᠋ᠠᠷ ᠲᠤᠷᠰᠢᠯᠲᠠ ᠬᠢᠬᠦ ᠵᠢ ᠲᠦᠯᠬᠢᠨ ᠠᠬᠢᠭᠤᠯᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠴᠢ 2035 ᠣᠨ᠎ᠤ ᠠᠯᠤᠰ᠎ᠤᠨ ᠬᠠᠷᠠᠯᠲᠠ᠎ᠳᠤ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠬᠥᠭᠵᠢᠯᠲᠡ ᠵᠢᠨ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠢ᠌ᠳᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠡᠭᠦᠳᠦᠨ ᠪᠠᠢ᠌ᠭᠤᠯᠬᠤ ᠠᠵᠢᠯ᠎ᠤᠨ ᠲᠠᠰ ᠳᠡᠪᠰᠢᠭᠰᠡᠨ ᠬᠡᠪ᠎ᠢ ᠬᠦᠴᠦᠯᠡᠨ ᠴᠣᠭᠴᠠᠯᠠᠪᠠ᠃ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠷᠢᠯᠴᠠᠨ ᠰᠢᠭᠢᠳᠬᠡᠯᠲᠦ ᠮᠠᠶᠢᠭ᠎ᠤᠨ ᠬᠥᠭᠵᠢᠯᠲᠡ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ 《ᠭᠤᠷᠪᠠᠨ ᠲᠥᠷᠥᠯ᠎ᠤᠨ ᠲᠥᠯᠥᠪᠯᠡᠭᠡ》᠂ ᠰᠢᠨ᠎ᠡ ᠡᠭᠦᠳᠦᠯᠲᠡ᠎ᠲᠠᠢ᠎ᠪᠠᠷ 《ᠠᠭᠤᠰᠤᠯᠴᠠᠭᠤᠯᠬᠤ》 ᠠᠵᠢᠯ᠎ᠢ ᠰᠠᠢ᠌ᠲᠤᠷ ᠬᠢᠪᠡ᠃ ᠪᠥᠬᠥ ᠣᠷᠣᠨ᠎ᠳᠤ ᠬᠥᠬᠡᠬᠣᠲᠠ᠂ ᠬᠥᠯᠥᠨ ᠪᠣᠢ᠌ᠷ ᠬᠣᠲᠠ᠂ ᠬᠢᠩᠭ᠋ᠠᠨ ᠠᠢ᠌ᠮᠠᠭ᠂ ᠣᠷᠳᠣᠰ ᠬᠣᠲᠠ᠂ ᠠᠯᠠᠱ᠌ᠠ ᠠᠢ᠌ᠮᠠᠭ ᠵᠡᠷᠭᠡ 5 ᠠᠢ᠌ᠮᠠᠭ ᠬᠣᠲᠠ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠠᠢ᠌ᠮᠠᠭ (ᠬᠣᠲᠠ ) ᠵᠶ᠋ᠠᠷ ᠦᠨᠡᠯᠡᠭᠳᠡᠵᠦ᠂ 73 ᠭᠠᠵᠠᠷ ᠣᠷᠣᠨ ᠪᠠ ᠨᠢᠭᠡᠴᠢ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠦᠨᠡᠯᠡᠭᠳᠡᠵᠦ᠂ 215 ᠬᠠᠮᠲᠤ ᠨᠡᠢ᠌ᠲᠡ᠂ 234 ᠬᠤᠪᠢ ᠬᠥᠮᠦᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠲᠡ ᠪᠠ ᠬᠤᠪᠢ ᠬᠥᠮᠦᠨ ᠵᠶ᠋ᠡᠷ ᠦᠨᠡᠯᠡᠭᠳᠡᠪᠡ᠃
ᠲᠠᠪᠤ᠎ᠳᠤ᠂ ᠬᠠᠤᠯᠢ᠎ᠪᠠᠷ ᠵᠠᠰᠠᠬᠤ ᠵᠢ ᠬᠠᠮᠠᠭ᠋ᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠬᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠠᠰᠤᠷᠠᠯᠲᠠ ᠦᠭᠡᠢ ᠪᠦᠷᠢᠨᠰᠢᠭᠦᠯᠦᠨ ᠳᠡᠬᠦᠯᠳᠡᠷᠵᠢᠬᠦᠯᠪᠡ᠃ ᠬᠢᠨᠠᠯᠲᠠ ᠲᠠᠯᠪᠢᠵᠤ ᠪᠠᠢ᠌ᠴᠠᠭ᠋ᠠᠬᠤ᠂ ᠪᠣᠳᠠᠲᠤ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠡᠷᠭᠡ ᠠᠷᠭ᠎ᠠ ᠬᠡᠮᠵᠢᠶ᠎ᠡ ᠠᠪᠴᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠪᠦᠬᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠳᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠪᠠ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠳᠤ ᠣᠷᠣᠭᠤᠯᠵᠤ᠂ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠵᠦ᠂ ᠲᠣᠣᠷᠵᠢᠭᠤᠯᠤᠭᠰᠠᠨ ᠦᠢ᠍ᠯᠡᠴᠢᠯᠡᠭᠡ ᠬᠠᠮᠢᠶᠠᠷᠤᠯᠲᠠ ᠵᠢ ᠴᠢᠩᠭ᠋ᠠᠳᠬᠠᠪᠠ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠨᠠᠢ᠍ᠮᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠂ 《ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠂ 《ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》 ᠵᠡᠷᠭᠡ ᠡᠯ᠎ᠡ ᠲᠥᠷᠥᠯ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠲᠡᠨ᠎ᠤ ᠠᠵᠢᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠦᠬᠦ ᠲᠠᠯ᠎ᠠ᠎ᠪᠠᠷ᠂ ᠪᠦᠬᠦᠨ᠎ᠢ ᠬᠠᠮᠤᠷᠬᠤ ᠪᠠ ᠪᠠᠢ᠌ᠩᠭᠤᠵᠢᠭᠤᠯᠬᠤ᠂ ᠪᠦᠬᠦ ᠠᠷᠠᠳ᠎ᠲᠤ ᠥᠷᠨᠢᠭᠦᠯᠬᠦ ᠵᠢ ᠴᠢᠷᠮᠠᠢ᠌ᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠠᠤᠯᠢ᠎ᠪᠠᠷ ᠵᠠᠰᠠᠬᠤ ᠤᠬᠠᠮᠰᠠᠷ ᠪᠠ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠲᠠᠰᠤᠷᠠᠯᠳᠠ ᠦᠭᠡᠢ ᠳᠡᠭᠡᠭᠰᠢᠯᠡᠬᠦᠯᠪᠡ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠣᠳᠠᠲᠠᠶ ᠪᠦᠲᠦᠮᠵᠢᠲᠡᠶ ᠲᠥᠷᠥᠭᠳᠡᠯ᠎ᠲᠠᠢ᠎ᠪᠠᠷ ᠪᠠᠳᠤᠳᠬᠠᠬᠤ ᠡᠯ᠎ᠡ ᠲᠥᠷᠥᠯ᠎ᠤᠨ ᠠᠵᠢᠯ᠎ᠤᠨ ᠲᠠᠯ᠎ᠠ᠎ᠪᠠᠷ ᠦᠷᠭᠦᠯᠵᠢᠯᠡᠨ ᠪᠣᠳᠠᠲᠤ ᠦᠷ᠎ᠡ ᠪᠦᠲᠦᠮᠵᠢ ᠤᠯᠬᠤ᠎ᠪᠠᠷ ᠬᠦᠴᠦᠯᠡᠨ ᠴᠢᠷᠮᠠᠢ᠌ᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠠᠮᠢᠳᠤᠯᠢᠭ ᠦᠢᠯᠡᠳᠦᠯᠭᠡ ᠵᠢᠨ ᠳᠤᠮᠳᠠ ᠴᠣᠭ ᠵᠢᠪᠬᠤᠭ᠎ᠠ᠎ᠪᠠᠨ ᠢᠯᠡᠷᠡᠭᠦᠯᠵᠦ᠂ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ᠃
ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠤ ᠪᠠᠢ᠌ᠷᠢᠯᠠᠵᠤ᠂ ᠪᠦᠬᠦ ᠤᠯᠤᠰ᠎ᠤᠨ ᠡᠬᠡ ᠬᠠᠭᠤᠷᠠᠶ ᠵᠢᠨ ᠬᠢᠯᠢ ᠵᠢᠨ ᠱᠤᠭᠤᠮ᠎ᠤᠨ ᠲᠠᠪᠤᠨ᠎ᠤ ᠨᠢᠭᠡ ᠵᠢ ᠡᠵᠡᠯᠡᠵᠦ᠂ ᠦᠨᠳᠦᠰᠦᠲᠡᠨ᠎ᠤ ᠪᠦᠯᠬᠦᠮᠳᠡᠯ᠂ ᠨᠡᠢ᠌ᠭᠡᠮ᠎ᠤᠨ ᠲᠣᠭᠲᠠᠭᠤᠨ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠬᠠᠮᠠᠭ᠋ᠠᠯᠠᠬᠤ ᠲᠠᠯ᠎ᠠ᠎ᠪᠠᠷ ᠡᠭᠦᠷᠭᠡ ᠬᠦᠨᠳᠦ ᠪᠠᠢ᠌ᠨ᠎ᠠ᠃ ᠥᠪᠡᠷᠲᠡᠭᠡᠨ ᠵᠠᠰᠠᠬᠤ ᠣᠷᠣᠨ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠬᠤ᠂ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠬᠦ ᠲᠠᠯ᠎ᠠ᠎ᠪᠠᠷ ᠶᠠᠮᠠᠷ ᠶᠠᠮᠠᠷ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠭᠣᠤᠯᠳᠠᠯᠭ᠎ᠠ᠎ᠲᠠᠢ ᠬᠡᠷᠡᠭᠵᠢᠭᠦᠯᠦᠭᠰᠡᠨ ᠪᠣᠶ?
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠠᠵᠤ ᠠᠬᠤᠶ ᠵᠢᠨ ᠬᠥᠭᠵᠢᠯᠲᠡ ᠵᠢᠨ ᠭᠠᠵᠠᠷ᠎ᠤᠨ ᠳᠠᠷᠤᠭ᠎ᠠ ᠴᠧᠨ ᠫᠢᠩ᠄ 《ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ》 ᠪᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠨᠢᠭᠡ ᠪᠣᠯᠤᠨ᠎ᠠ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠬᠦ ᠪᠣᠯ ᠨᠠᠮ᠎ᠤᠨ ᠲᠥᠪ ᠬᠣᠷᠢᠶ᠎ᠠ᠎ᠠᠴᠠ ᠭᠠᠷᠭ᠋ᠠᠭᠰᠠᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠤᠨ᠎ᠠ᠃ ᠮᠠᠨ᠎ᠤ ᠣᠷᠣᠨ ᠡᠬᠡ ᠤᠯᠤᠰ᠎ᠤᠨ ᠤᠮᠠᠷᠠᠲᠤ ᠬᠢᠯᠢ᠎ᠳᠤ ᠪᠠᠢ᠌ᠷᠢᠯᠠᠵᠤ᠂ ᠪᠥᠬᠥ ᠤᠯᠤᠰ᠎ᠤᠨ ᠬᠢᠯᠢ ᠬᠢᠵᠠᠭ᠋ᠠᠷ᠎ᠤᠨ 9 ᠮᠤᠵᠢ ᠣᠷᠣᠨ᠎ᠤ ᠨᠢᠭᠡ ᠪᠣᠯᠤᠨ᠎ᠠ᠂ ᠡᠬᠡ ᠬᠠᠭᠤᠷᠠᠶ ᠵᠢᠨ ᠬᠢᠯᠢ ᠵᠢᠨ ᠱᠤᠭᠤᠮ᠎ᠨᠢ ᠪᠥᠬᠥ ᠤᠯᠤᠰ᠎ᠤᠨ ᠲᠠᠪᠤᠨ᠎ᠤ ᠨᠢᠭᠡ ᠬᠤᠪᠢ ᠵᠢ ᠡᠵᠡᠯᠡᠵᠦ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠡᠭᠦᠷᠭᠡ ᠲᠤᠢ᠌ᠯ᠎ᠤᠨ ᠬᠠᠲᠠᠭᠤ ᠪᠡᠷᠬᠡ ᠪᠠᠢ᠌ᠨ᠎ᠠ᠃
ᠮᠠᠨ᠎ᠤ ᠣᠷᠣᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠱᠠᠭ᠋ᠠᠷᠳᠠᠯᠭ᠎ᠠ ᠪᠣᠯᠤᠨ ᠴᠢᠩ ᠰᠡᠳᠬᠢᠯ᠎ᠤᠨ ᠨᠠᠢ᠌ᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠨᠠᠮ᠎ᠤᠨ ᠲᠥᠪ ᠬᠣᠷᠢᠶᠠᠨ᠎ᠤ ᠬᠢᠯᠢ ᠬᠢᠵᠠᠭ᠋ᠠᠷ᠎ᠢ ᠬᠦᠴᠦᠷᠬᠡᠭᠵᠢᠭᠦᠯᠵᠦ ᠪᠠᠳᠤᠯᠠᠨ ᠬᠠᠮᠠᠭ᠋ᠠᠯᠠᠯᠳᠠ ᠵᠢ ᠪᠡᠬᠢᠵᠢᠭᠦᠯᠬᠦ᠂ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠠᠬᠢᠭᠤᠯᠬᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠳᠡᠭᠡᠳᠦ ᠬᠡᠮᠵᠢᠶ᠎ᠡ᠎ᠪᠠᠷ ᠠᠬᠢᠭᠤᠯᠵᠤ᠂ ᠶᠡᠷᠦᠩᠬᠡᠢ᠌ᠯᠡᠨ ᠵᠠᠰᠠᠬᠤ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠵᠤ ᠬᠢᠯᠢ ᠬᠢᠵᠠᠭ᠋ᠠᠷ᠎ᠢ ᠪᠡᠬᠢᠵᠢᠭᠦᠯᠬᠦ ᠡᠯ᠎ᠡ ᠲᠥᠷᠥᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠠᠵᠤ ᠠᠬᠤᠶ ᠵᠢᠨ ᠬᠥᠭᠵᠢᠯᠲᠡ᠂ ᠨᠡᠢ᠌ᠭᠡᠮ᠎ᠤᠨ ᠳᠠᠪᠰᠢᠯᠲᠠ᠂ ᠠᠮᠤᠷ ᠲᠣᠭᠲᠠᠭᠤᠨ᠂ ᠦᠨᠳᠦᠰᠦᠲᠡᠨ᠎ᠤ ᠪᠦᠯᠬᠦᠮᠳᠡᠯ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠪᠠ᠃
ᠠᠵᠢᠯ ᠥᠷᠨᠢᠭᠦᠯᠬᠦ ᠳᠤᠮᠳᠠ᠂ ᠭᠣᠤᠯᠳᠠᠭᠤ ᠳᠣᠤᠷᠠᠬᠢ ᠮᠡᠲᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠭᠡᠷᠡᠭᠵᠢᠬᠦᠯᠪᠡ᠃
ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠨᠠᠢ᠌ᠳᠠᠪᠤᠷᠢᠵᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠢᠯᠢ ᠬᠢᠵᠠᠭ᠋ᠠᠷ ᠣᠷᠣᠨ᠎ᠤ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠪᠠ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠠᠬᠢᠭᠤᠯᠬᠤ ᠠᠵᠢᠯ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠪᠣᠳᠠᠲᠠᠶ ᠪᠠᠢ᠌ᠷᠢᠯᠠᠭᠤᠯᠤᠯᠲᠠ ᠬᠢᠵᠦ᠂ ᠬᠢᠯᠢ ᠬᠢᠵᠠᠭ᠋ᠠᠷ᠎ᠢ ᠰᠠᠬᠢᠵᠤ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠵᠡᠷᠭᠡ ᠠᠵᠢᠯ᠎ᠤᠨ ᠳᠤᠮᠳᠠᠬᠢ ᠬᠦᠴᠢᠷᠳᠡᠯ ᠪᠠ ᠠᠰᠠᠭᠤᠳᠠᠯ᠎ᠢ ᠰᠢᠢᠳᠪᠦᠷᠢᠯᠡᠬᠦ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠯᠡᠨ ᠡᠮᠬᠢᠯᠡᠨ ᠨᠡᠢ᠌ᠯᠡᠭᠦᠯᠬᠦ ᠡᠷᠴᠢᠮ ᠵᠶ᠋ᠡᠨ ᠨᠡᠮᠡᠭᠳᠡᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠨᠢᠭᠲᠠ ᠬᠠᠮᠵᠢᠯᠴᠠᠵᠤ᠂ ᠲᠤᠰᠢᠶᠠᠯ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠬᠤ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠵᠤ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠥᠷᠨᠢᠯᠲᠡ ᠵᠢ ᠬᠦᠴᠦᠲᠡᠶ ᠠᠬᠢᠭᠤᠯᠪᠠ᠃
ᠬᠣᠶᠠᠷ᠎ᠲᠤ᠂ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠯᠤᠰ ᠬᠡᠳᠦ ᠵᠢᠨ ᠲᠥᠯᠥᠪᠵᠢᠭᠦᠯᠭᠡ᠎ᠳᠤ ᠰᠠᠭᠤᠷᠢᠯᠠᠪᠠ᠃ ᠥᠪᠡᠷᠲᠡᠭᠡᠨ ᠵᠠᠰᠠᠬᠤ ᠣᠷᠣᠨ ᠤᠷᠢᠳ ᠬᠣᠵᠢᠳ 《ᠬᠢᠯᠢ ᠳᠠᠭ᠋ᠠᠤ ᠵᠢᠨ ᠭᠣᠤᠯᠳᠠᠯᠭ᠎ᠠ᠎ᠲᠠᠢ ᠭᠠᠵᠠᠷ ᠣᠷᠣᠨ᠎ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠵᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ》᠂ 《ᠬᠢᠯᠢ ᠵᠢᠨ ᠠᠷᠠᠳ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ ᠬᠢᠯᠢ ᠬᠢᠵᠠᠭ᠋ᠠᠷ᠎ᠢ ᠰᠠᠬᠢᠵᠤ ᠬᠢᠯᠢ ᠬᠢᠵᠠᠭ᠋ᠠᠷ᠎ᠢ ᠪᠡᠬᠢᠵᠢᠭᠦᠯᠬᠦ ᠠᠵᠢᠯ᠎ᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠂ 《ᠬᠢᠯᠢ ᠵᠢᠨ ᠠᠷᠠᠳ᠎ᠲᠤ ᠨᠥᠬᠥᠪᠥᠷᠢ ᠣᠯᠭᠣᠬᠤ ᠬᠠᠮᠢᠶᠠᠷᠤᠯᠲᠠ ᠵᠢᠨ ᠠᠷᠭ᠎ᠠ》᠂ 《ᠰᠢᠨ᠎ᠡ ᠴᠠᠭ ᠦᠶ᠎ᠡ᠎ᠳᠤ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠳᠡᠮᠵᠢᠬᠦ ᠠᠵᠢᠯ᠎ᠤᠨ ᠲᠤᠬᠠᠶ ᠬᠡᠷᠡᠭᠵᠢᠭᠦᠯᠬᠦ ᠰᠠᠨᠠᠯ》᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠢᠯᠢ ᠬᠢᠵᠠᠭ᠋ᠠᠷ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ》᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠬᠡᠷᠡᠭᠵᠢᠭᠦᠯᠬᠦ ᠲᠥᠰᠦᠯ》᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠤᠨ ᠲᠥᠯᠥᠪᠵᠢᠭᠦᠯᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠲᠤᠬᠠᠢ ᠬᠡᠷᠡᠭᠵᠢᠭᠦᠯᠬᠦ ᠲᠥᠰᠦᠯ》 ᠵᠡᠷᠭᠡ ᠠᠯᠢ ᠤᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭ᠋ᠠᠵᠤ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠣᠯᠠᠨ ᠬᠠᠷᠠᠭ᠋ᠠᠰᠤ᠎ᠠᠴᠠ ᠳᠡᠮᠵᠢᠨ ᠠᠬᠢᠭᠤᠯᠪᠠ᠃
ᠭᠤᠷᠪᠠ᠎ᠳᠤ᠂ ᠪᠡᠯᠡ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠬᠠᠮᠲᠤ᠎ᠪᠠᠷ ᠠᠬᠢᠭᠤᠯᠬᠤ ᠬᠠᠮᠲᠤᠷᠠᠯ᠎ᠤᠨ ᠬᠦᠴᠦᠨ᠎ᠢ ᠪᠦᠷᠢᠯᠳᠤᠬᠦᠯᠪᠡ᠃ ᠥᠪᠡᠷᠲᠡᠭᠡᠨ ᠵᠠᠰᠠᠬᠤ ᠣᠷᠣᠨ ᠡᠳ᠋᠎ᠤᠨ ᠵᠠᠰᠠᠭ᠎ᠤᠨ ᠪᠠᠯᠠ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ᠂ ᠠᠵᠤ ᠦᠢᠯᠡᠰ᠎ᠤᠨ ᠲᠥᠷᠥ ᠵᠢᠨ ᠪᠣᠳᠣᠯᠭ᠎ᠠ᠂ ᠮᠥᠩᠭᠥᠨ ᠭᠦᠢᠯᠭᠡᠭᠡᠨ᠎ᠤ ᠲᠥᠷᠥ ᠵᠢᠨ ᠪᠣᠳᠣᠯᠭ᠎ᠠ᠂ ᠨᠡᠢ᠌ᠭᠡᠮ᠎ᠤᠨ ᠲᠥᠷᠥ ᠵᠢᠨ ᠪᠣᠳᠣᠯᠭ᠎ᠠ ᠵᠡᠷᠭᠡ ᠲᠠᠯ᠎ᠠ᠎ᠪᠠᠷ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯ᠎ᠢ ᠪᠥᠬᠥ ᠲᠠᠯ᠎ᠠ᠎ᠪᠠᠷ ᠠᠬᠢᠭᠤᠯᠵᠤ᠂ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠢ᠌ᠲᠡᠯᠡᠵᠦ᠂ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠢᠯᠢ ᠬᠢᠵᠠᠭ᠋ᠠᠷ ᠣᠷᠣᠨ᠎ᠳᠤ ᠰᠢᠯᠵᠢᠭᠦᠯᠦᠨ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ᠂ ᠨᠢᠭᠡᠨᠲᠡ 133.38 ᠳ᠋ᠦᠩᠰᠢᠭᠤᠷ ᠲᠥᠭᠥᠷᠢᠭ᠎ᠤᠨ ᠰᠢᠯᠵᠢᠭᠦᠯᠦᠨ ᠥᠭᠬᠦ ᠪᠠᠯᠠ ᠮᠥᠩᠭᠥ ᠲᠣᠬᠢᠷᠠᠭᠤᠯᠪᠠ; ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠲᠥᠪ᠎ᠤᠨ ᠲᠥᠰᠦᠪ᠎ᠤᠨ ᠳᠣᠲᠣᠷᠠᠬᠢ ᠪᠡᠯᠡ ᠮᠥᠩᠭᠥ ᠵᠢ ᠢᠳᠡᠪᠬᠢᠯᠡᠨ ᠣᠯᠬᠤ ᠪᠠ ᠲᠣᠬᠢᠷᠠᠭᠤᠯᠵᠤ᠂ ᠵᠢᠯ ᠪᠦᠷᠢ ᠳᠤᠮᠳᠠᠴᠢ᠎ᠪᠠᠷ 4 ᠳ᠋ᠦᠩᠰᠢᠭᠤᠷ ᠲᠥᠭᠥᠷᠢᠭ᠎ᠤᠨ ᠬᠡᠪᠴᠢᠶ᠎ᠡ᠎ᠲᠠᠢ ᠪᠣᠯᠭ᠋ᠠᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠭᠣᠣᠯ ᠪᠤᠯᠬᠤ ᠬᠣᠲᠠ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ᠎ᠳᠤ ᠭᠣᠣᠯᠳᠠᠯᠭ᠎ᠠ᠎ᠲᠠᠢ ᠬᠡᠷᠡᠭᠵᠢᠭᠦᠯᠪᠡ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠪᠠᠯᠠ ᠮᠥᠩᠭᠥ ᠵᠢᠨ ᠬᠤᠪᠢᠶᠠᠷᠢᠯᠠᠯᠲᠠ ᠵᠢᠨ ᠴᠢᠬᠤᠯᠠ ᠬᠦᠴᠦᠨ ᠵᠦᠢᠯ ᠪᠣᠯᠭ᠋ᠠᠨ ᠬᠢᠯᠢ ᠬᠢᠵᠠᠭ᠋ᠠᠷ ᠣᠷᠣᠨ᠎ᠳᠤ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠠᠯᠠ ᠮᠥᠩᠭᠥ ᠵᠢ ᠬᠡᠯᠪᠡᠢ᠌ᠯᠭᠡᠨ ᠲᠣᠬᠢᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ ᠪᠠᠭᠤᠯᠭ᠋ᠠᠭᠰᠠᠨ ᠪᠠᠯᠠ ᠮᠥᠩᠭᠥ 7.6 ᠳ᠋ᠦᠩᠰᠢᠭᠤᠷ ᠲᠥᠭᠥᠷᠢᠭ᠎ᠲᠤ ᠬᠦᠷᠴᠦ᠂ ᠪᠥᠬᠥ ᠣᠷᠣᠨ᠎ᠤ ᠲᠣᠰ ᠲᠥᠷᠥᠯ᠎ᠤᠨ ᠪᠠᠯᠠ ᠮᠦᠩᠬᠦᠨ᠎ᠤ ᠶᠡᠷᠦᠩᠬᠡᠶ ᠲᠣᠭ᠋ᠠᠨ᠎ᠤ 39% ᠵᠢ ᠡᠵᠡᠯᠡᠪᠡ᠃ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠤ ᠪᠠᠰᠠ ᠲᠤᠰᠢᠶᠠᠯ ᠬᠠᠷᠢᠭᠤᠴᠠᠯᠭ᠎ᠠ ᠠᠵᠢᠯ᠎ᠤᠨ ᠡᠬᠦᠷᠭᠡ ᠵᠢ ᠦᠨᠳᠦᠰᠦᠯᠡᠨ ᠲᠥᠷᠥ ᠵᠢᠨ ᠪᠣᠳᠣᠯᠭ᠎ᠠ᠂ ᠪᠡᠯᠡ ᠮᠥᠩᠭᠥ ᠪᠠ ᠲᠥᠷᠥᠯ ᠵᠦᠢ᠍ᠯ᠎ᠤᠨ ᠳᠡᠮᠵᠢᠯᠭᠡ ᠤᠯᠭᠤᠪᠠ᠃
ᠳᠥᠷᠪᠡ᠎ᠳᠤ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠬᠤ᠂ ᠡᠮᠬᠢ ᠵᠢᠷᠤᠮ᠎ᠲᠠᠢ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠳᠠᠯᠠᠪᠠ᠃ ᠮᠠᠨ᠎ᠤ ᠣᠷᠣᠨ᠎ᠤ ᠬᠢᠯᠢ ᠬᠢᠵᠠᠭ᠋ᠠᠷ ᠣᠷᠣᠨ᠎ᠤ ᠣᠯᠠᠩᠬᠢ᠎ᠨᠢ ᠠᠮᠢ ᠠᠬᠤᠶ ᠬᠡᠪᠡᠷᠡᠭ ᠭᠠᠵᠠᠷ ᠣᠷᠣᠨ᠎ᠳᠤ ᠣᠷᠣᠰᠢᠵᠤ᠂ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠲᠡᠦᠬᠡᠨ ᠥᠷᠢ ᠰᠢᠷᠢ ᠨᠡᠯᠢᠶᠡᠳ ᠠᠷᠪᠢᠨ᠂ ᠬᠥᠭᠵᠢᠯᠲᠡ᠎ᠨᠢ ᠬᠠᠷᠢᠴᠠᠩᠭᠤᠶ ᠬᠣᠴᠣᠷᠤᠩᠭᠤᠶ ᠪᠠᠢ᠌ᠨ᠎ᠠ᠃ ᠥᠪᠡᠷᠲᠡᠭᠡᠨ ᠵᠠᠰᠠᠬᠤ ᠣᠷᠣᠨ ᠪᠣᠳᠠᠲᠤ ᠪᠠᠢ᠌ᠳᠠᠯ᠎ᠳᠤ ᠰᠠᠭᠤᠷᠢᠯᠠᠵᠤ᠂ ᠨᠡᠭᠡᠭᠡᠨ ᠬᠥᠭᠵᠢᠭᠦᠯᠬᠦ ᠪᠠ ᠬᠠᠮᠠᠭ᠋ᠠᠯᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠣᠷᠣᠨ ᠪᠦᠰᠡ ᠵᠢᠨ ᠭᠣᠤᠯ ᠴᠣᠭᠴᠠ ᠵᠢᠨ ᠴᠢᠳᠠᠮᠵᠢ ᠵᠢ ᠴᠢᠩᠭ᠋ᠠᠳᠬᠠᠵᠤ᠂ ᠴᠡᠪᠡᠷ ᠡᠨᠧᠷᠭᠢ᠎ᠳᠤ ᠰᠠᠭᠤᠷᠢᠯᠠᠵᠤ᠂ ᠪᠣᠭᠣᠮᠲᠠ ᠵᠢᠨ ᠳᠠᠪᠠᠭᠤᠯᠢᠭ᠎ᠢ ᠪᠠᠳᠠᠷᠠᠭᠤᠯᠵᠤ᠂ ᠠᠵᠤ ᠦᠢᠯᠡᠰ᠎ᠤᠨ ᠪᠠᠢ᠌ᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠨᠡᠭᠡᠭᠡᠨ ᠬᠥᠭᠵᠢᠭᠦᠯᠬᠦ ᠠᠢ᠌ᠵᠠᠮ᠎ᠢ ᠡᠵᠡᠮᠳᠡᠵᠦ᠂ ᠨᠡᠭᠡᠭᠡᠨ ᠬᠥᠭᠵᠢᠭᠦᠯᠬᠦ ᠡᠷᠴᠢᠮ᠎ᠢ ᠪᠠᠲᠤᠯᠠᠵᠤ᠂ ᠬᠢᠯᠢ ᠳᠠᠭ᠋ᠠᠤ ᠵᠢᠨ ᠠᠵᠤ ᠠᠬᠤᠶ ᠵᠢᠨ ᠬᠥᠭᠵᠢᠯᠲᠡ ᠵᠢ ᠵᠦᠶ ᠵᠣᠬᠢᠰᠲᠠᠶ ᠡᠮᠬᠢ ᠵᠢᠷᠤᠮ᠎ᠲᠠᠢ᠎ᠪᠠᠷ ᠠᠬᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠴᠢᠨᠠᠷ ᠰᠠᠢ᠌ᠲᠠᠶ ᠬᠥᠭᠵᠢᠯᠲᠡ ᠵᠢᠨ ᠵᠠᠮ ᠵᠶ᠋ᠠᠷ ᠰᠠᠢ᠌ᠲᠤᠷ ᠵᠠᠮᠨᠠᠪᠠ᠃
ᠲᠠᠪᠤ᠎ᠳᠤ᠂ ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ ᠪᠦᠯᠬᠦᠮᠳᠡᠨ ᠬᠢᠯᠢ ᠬᠢᠵᠠᠭ᠋ᠠᠷ ᠵᠶ᠋ᠠᠨ ᠪᠡᠬᠢᠵᠢᠭᠦᠯᠬᠦ ᠵᠢ ᠪᠠᠶᠠᠯᠡᠬᠦᠯᠪᠠ᠃ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠪᠦᠯᠬᠦᠮᠳᠡᠯ᠎ᠢ ᠬᠠᠮᠠᠭ᠋ᠠᠯᠠᠬᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠢ᠌ᠭ᠋ᠠᠳ ᠡᠷᠡᠰ ᠭᠤᠢ᠌ᠪᠢᠰᠢ ᠥᠬᠡᠶ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ᠎ᠪᠠᠷ ᠠᠵᠢᠯ᠎ᠤᠨ ᠬᠦᠴᠦᠯᠡᠬᠦ ᠴᠡᠭ ᠵᠶ᠋ᠡᠨ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠤᠯ ᠰᠢᠵᠢᠮ᠎ᠤᠨ ᠲᠣᠭᠣᠷᠢᠨ᠎ᠳᠤ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠭᠦᠨᠵᠡᠭᠡᠶ ᠥᠷᠨᠢᠭᠦᠯᠵᠦ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢᠨ ᠬᠣᠩᠭᠢᠯ》᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠢᠭᠲᠠᠷᠠᠯ᠎ᠤᠨ ᠬᠦᠴᠦᠨ ᠲᠥᠪᠯᠡᠷᠡᠩᠭᠦᠶ ᠬᠦᠴᠦᠨ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠦᠨᠡᠨ ᠬᠦ᠌ ᠥᠪᠡᠷᠲᠡᠭᠡᠨ ᠵᠠᠰᠠᠪᠠ᠃
ᠤᠮᠠᠷᠠᠲᠤ ᠵᠢᠨ ᠰᠢᠨ᠎ᠡ ᠰᠣᠨᠢᠨ᠎ᠤ ᠰᠤᠷᠪᠤᠯᠵᠢᠯᠠᠭᠴᠢ᠄ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠠᠴᠠ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠬᠠᠨᠳᠤᠯᠭ᠋ᠠᠲᠤ ᠴᠢᠨᠠᠷᠲᠠᠢ᠂ ᠪᠠᠢ᠌ᠩᠭᠤ ᠵᠢᠨ ᠴᠢᠨᠠᠷᠲᠠᠢ᠎ᠪᠠᠷ ᠣᠯᠠᠨ ᠳᠠᠪᠬᠤᠷᠭ᠎ᠠ᠎ᠠᠴᠠ᠂ ᠣᠯᠠᠨ ᠬᠡᠯᠪᠡᠷᠢ᠎ᠪᠠᠷ ᠥᠷᠨᠢᠭᠦᠯᠬᠦ ᠬᠡᠷᠡᠭᠲᠡᠢ ᠭᠡᠵᠦ ᠳᠤᠷᠠᠳᠪᠠ᠃ ᠵᠢᠯ ᠪᠦᠷᠢ ᠵᠢᠨ 5 ᠳ᠋ᠤᠭ᠋ᠠᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠤᠬᠠᠭᠤᠯᠬᠤ ᠰᠠᠷ᠎ᠠ᠂ 5 ᠳ᠋ᠤᠭ᠋ᠠᠷ ᠰᠠᠷ᠎ᠠ ᠵᠢᠨ ᠬᠠᠮᠤᠭ᠎ᠤᠨ ᠰᠡᠭᠦᠯᠴᠢ ᠵᠢᠨ ᠭᠠᠷᠠᠭ ᠪᠣᠯ ᠦᠨᠳᠦᠰᠦᠲᠡᠨ᠎ᠤ ᠬᠠᠤᠯᠢ᠎ᠪᠠᠷ ᠵᠠᠰᠠᠬᠤ ᠵᠢ ᠤᠬᠠᠭᠤᠯᠬᠤ ᠭᠠᠷᠠᠭ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠠᠴᠠ ᠡᠨᠡ ᠬᠦ᠌ ᠠᠵᠢᠯ᠎ᠢ ᠬᠡᠷᠬᠢᠨ ᠳᠣᠭᠢᠷᠠᠭᠤᠯᠤᠨ ᠪᠠᠢ᠌ᠷᠢᠯᠠᠭᠤᠯᠤᠭᠰᠠᠨ ᠪᠣᠶ? ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠡᠷᠬᠢᠨ ᠥᠷᠨᠢᠭᠦᠯᠦᠭᠰᠡᠨ ᠪᠤᠢ? ᠦᠷ᠎ᠡ ᠪᠦᠲᠦᠮᠵᠢ᠎ᠨᠢ ᠬᠢᠷᠢ ᠵᠡᠷᠭᠡ ᠪᠤᠢ?
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠠᠷᠤᠭ᠎ᠠ ᠰᠦᠨ ᠰᠢᠤᠸᠠᠢ ᠸᠸᠨ᠄ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠰᠠᠢ᠌ᠲᠤᠷ ᠬᠢᠬᠦ ᠪᠣᠯ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠳᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠳᠣᠤᠷ᠎ᠠ ᠪᠢ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠪᠠᠢ᠌ᠳᠠᠯ᠎ᠢ ᠲᠣᠪᠴᠢ ᠲᠠᠨᠢᠯᠴᠠᠭᠤᠯᠤᠶ᠎ᠠ᠃
ᠨᠢᠭᠡ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢᠨ ᠪᠠᠢ᠌ᠳᠠᠯ᠃ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠠᠴᠠ ᠲᠦᠷᠦᠭᠦᠯᠡᠨ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠪᠣᠳᠠᠲᠠᠶ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠮᠵᠢᠯᠴᠠᠨ ᠬᠢᠪᠠ᠃ ᠡᠨᠡ ᠵᠢᠯ ᠭᠣᠤᠯᠳᠠᠭᠤ ᠳᠣᠤᠷᠠᠬᠢ ᠬᠣᠶᠠᠷ ᠲᠠᠯ᠎ᠠ᠎ᠪᠠᠷ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠠ᠄ ᠨᠢᠭᠡ᠎ᠳᠤ ᠠᠵᠢᠯ᠎ᠤᠨ ᠲᠥᠰᠦᠯ᠎ᠢ ᠳᠠᠷᠤᠮᠠᠯᠯᠠᠨ ᠳᠠᠷᠬᠠᠭ᠋ᠠᠪᠠ᠃ 4 ᠳ᠋ᠦ᠍ᠭᠡᠷ ᠰᠠᠷ᠎ᠠ ᠵᠢᠨ ᠳᠤᠮᠳᠠᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ ᠠᠵᠢᠯ᠎ᠤᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ ᠠᠵᠢᠯᠯᠠᠭ᠎ᠠ ᠵᠢᠨ ᠭᠣᠤᠯ ᠰᠡᠳᠦᠪ᠂ ᠤᠬᠠᠭᠤᠯᠬᠤ ᠠᠭᠤᠯᠭ᠎ᠠ᠂ ᠠᠵᠢᠯ᠎ᠤᠨ ᠡᠭᠦᠷᠭᠡ ᠵᠢ ᠲᠣᠳᠣᠷᠬᠠᠢ᠌ᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ 《ᠪᠤᠳᠠᠳᠠᠢ ᠲᠥᠷᠥᠭᠳᠡᠯ᠎ᠲᠠᠢ ᠪᠦᠲᠦᠮᠵᠢᠲᠡᠶ》᠂ 《ᠭᠦᠨᠵᠡᠭᠡᠶ ᠨᠠᠷᠢᠯᠢᠭ ᠪᠣᠳᠠᠲᠠᠶ ᠬᠢᠬᠦ》 ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠱᠠᠭ᠋ᠠᠷᠳᠠᠪᠠ᠃ ᠬᠣᠶᠠᠷ᠎ᠲᠤ᠂ ᠡᠬᠢᠯᠡᠯᠲᠡ ᠵᠢᠨ ᠶᠣᠰᠣᠯᠠᠯ ᠡᠷᠭᠢᠯᠡᠪᠡ᠃4 ᠳ᠋ᠦ᠍ᠭᠡᠷ ᠰᠠᠷ᠎ᠠ ᠵᠢᠨ ᠰᠡᠭᠦᠯᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ ᠪᠤᠭᠤᠲᠤ ᠬᠣᠲᠠ᠎ᠳᠤ ᠡᠬᠢᠯᠡᠯᠲᠡ ᠵᠢᠨ ᠶᠣᠰᠣᠯᠠᠯ ᠡᠷᠭᠢᠯᠡᠵᠦ᠂ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠳᠤ ᠪᠥᠬᠥ ᠲᠠᠯ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠬᠢᠪᠠ᠃ ᠪᠦᠬᠦ ᠣᠷᠣᠨ᠎ᠤ ᠡᠯ᠎ᠡ ᠠᠢ᠌ᠮᠠᠭ ᠬᠣᠲᠠ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠂ ᠥᠪᠡᠷᠲᠡᠭᠡᠨ ᠵᠠᠰᠠᠬᠤ ᠣᠷᠣᠨ᠎ᠤ ᠡᠯ᠎ᠡ ᠨᠢᠭᠡᠴᠢ ᠵᠣᠬᠢᠴᠠᠩᠭᠤᠶ ᠬᠡᠷᠡᠭᠵᠢᠭᠦᠯᠬᠦ ᠲᠥᠰᠦᠯ᠎ᠢ ᠴᠠᠭ ᠲᠤᠬᠠᠶ᠎ᠳᠤᠨᠢ ᠲᠣᠭᠲᠠᠭ᠋ᠠᠵᠤ᠂ ᠨᠠᠷᠢᠨ ᠨᠢᠭᠲᠠ ᠲᠣᠬᠢᠷᠠᠭᠤᠯᠵᠤ᠂ ᠤᠬᠠᠭᠤᠯᠭ᠎ᠠ ᠵᠢᠨ ᠠᠵᠢᠯᠯᠠᠭ᠎ᠠ ᠵᠢ ᠬᠢᠨᠠᠮᠠᠭ᠋ᠠᠶ ᠵᠣᠬᠢᠶᠠᠨ ᠪᠠᠢ᠌ᠭᠤᠯᠤᠨ ᠥᠷᠨᠢᠭᠦᠯᠵᠦ᠂ ᠪᠦᠬᠦ ᠣᠷᠣᠨ᠎ᠢ ᠬᠠᠮᠤᠷᠤᠭᠤᠯᠵᠤ᠂ ᠪᠦᠬᠦ ᠠᠷᠠᠳ᠎ᠢ ᠣᠷᠣᠯᠴᠠᠭᠤᠯᠵᠤ᠂ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠠᠵᠢᠯᠯᠠᠭ᠋ᠠᠨ᠎ᠤ ᠳᠤᠬᠠᠢ ᠤᠢ᠌ᠯᠠᠭ᠋ᠠᠨ ᠮᠡᠳᠡᠬᠦ ᠨᠣᠷᠮ᠎ᠠ ᠵᠢ ᠦᠨᠡᠨ ᠬᠦ᠌ ᠳᠡᠭᠡᠭᠰᠢᠯᠡᠭᠦᠯᠵᠦ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠪᠣᠯᠤᠨ ᠨᠥᠯᠥᠭᠡᠯᠡᠬᠦ ᠬᠦᠴᠦᠨ᠎ᠢ ᠥᠷᠭᠡᠳᠬᠡᠪᠡ᠃
ᠬᠣᠶᠠᠷ᠂ ᠪᠥᠬᠥ ᠣᠷᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠤᠨ ᠣᠯᠤᠭᠰᠠᠨ ᠦᠷ᠎ᠡ ᠪᠦᠲᠦᠮᠵᠢ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠦᠨᠳᠦᠰᠦᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠳᠡᠪᠬᠢᠲᠡᠶ ᠬᠥᠳᠡᠯᠦᠯᠴᠡᠵᠦ᠂ ᠨᠢᠭᠡ ᠴᠢᠭᠯᠡᠯ ᠲᠡᠢ᠌ᠰᠢ ᠬᠠᠮᠵᠢᠯᠴᠠᠵᠤ᠂ ᠨᠢᠭᠡ ᠳᠠᠪᠲᠠᠮᠵᠢ᠎ᠪᠠᠷ ᠬᠠᠮᠲᠤ᠎ᠪᠠᠷ ᠬᠥᠳᠡᠯᠦᠯᠴᠡᠵᠦ᠂ ᠠᠵᠢᠯ᠎ᠤᠨ ᠲᠣᠭᠲᠠᠯᠴᠠᠭ᠎ᠠ ᠵᠢ ᠪᠦᠷᠢᠨᠰᠢᠬᠦᠯᠬᠦ᠂ ᠤᠬᠠᠭᠤᠯᠭ᠎ᠠ ᠵᠢᠨ ᠬᠦᠴᠦᠨ᠎ᠢ ᠨᠢᠭᠲᠠᠷᠠᠭᠤᠯᠬᠤ᠂ ᠠᠵᠢᠯᠯᠠᠭ᠋ᠠᠨ᠎ᠤ ᠬᠡᠯᠪᠡᠷᠢ ᠵᠢ ᠪᠠᠶᠠᠯᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠭᠥᠯᠢᠶᠡᠨ ᠠᠪᠬᠤ᠎ᠳᠤ ᠬᠢᠯᠪᠠᠷ᠂ ᠦᠵᠡᠵᠦ ᠰᠣᠨᠢᠷᠬᠠᠬᠤ ᠳᠤᠷᠠᠲᠠᠶ ᠬᠡᠯᠪᠡᠷᠢ᠎ᠪᠠᠷ᠂ 《ᠰᠦᠯᠵᠢᠶᠡᠨ ᠳᠡᠭᠡᠷᠡᠬᠢ》 ᠪᠠ 《ᠰᠦᠯᠵᠢᠶᠡᠨ ᠭᠠᠳᠠᠨᠠᠬᠢ》 ᠬᠡᠯᠪᠡᠷᠢ᠎ᠪᠠᠷ ᠬᠣᠯᠪᠣᠭ᠋ᠠᠯᠠᠨ ᠬᠥᠳᠡᠯᠦᠯᠴᠡᠵᠦ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠪᠠᠢ᠌ᠭᠤᠯᠭ᠎ᠠ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠰᠤᠮᠤ ᠰᠢᠶᠠᠩ ᠪᠠᠯᠭ᠋ᠠᠰᠤ᠎ᠳᠤ ᠣᠷᠣᠭᠤᠯᠬᠤ᠂ ᠰᠤᠷᠭ᠋ᠠᠭᠤᠯᠢ᠎ᠳᠤ ᠣᠷᠣᠭᠤᠯᠬᠤ᠂ ᠴᠡᠷᠢᠭ ᠠᠩᠭᠢ᠎ᠳᠤ ᠣᠷᠣᠭᠤᠯᠬᠤ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠎ᠲᠤ ᠣᠷᠣᠭᠤᠯᠬᠤ᠂ ᠲᠣᠤᠷ ᠰᠦᠯᠵᠢᠶ᠎ᠡ ᠵᠡᠷᠭᠡ ᠡᠯ᠎ᠡ ᠴᠠᠷᠠᠭ᠎ᠠ ᠬᠦᠷᠢᠶᠡᠨ᠎ᠳᠤ ᠤᠷᠤᠭᠤᠯᠪᠠ᠃ 2023 ᠣᠨ᠎ᠤ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠤ᠂ ᠪᠥᠬᠥ ᠣᠷᠣᠨ᠎ᠤ ᠡᠯ᠎ᠡ ᠰᠠᠯᠠᠭ᠎ᠠ ᠮᠥᠴᠢᠷ ᠨᠢᠭᠡᠴᠢ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠤ ᠭᠠᠴᠠᠭ᠎ᠠ ᠲᠣᠰᠬᠣᠨ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠠᠵᠤ ᠠᠬᠤᠢ᠌ᠯᠠᠯ ᠵᠡᠷᠭᠡ᠎ᠳᠤ ᠭᠦᠨᠵᠡᠭᠡᠢ᠌ᠷᠡᠨ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠵᠤ᠂ ᠬᠠᠤᠯᠢ ᠲᠦᠭᠡᠮᠡᠯᠵᠢᠭᠦᠯᠬᠦ ᠡᠯ᠎ᠡ ᠲᠥᠷᠥᠯ᠎ᠤᠨ ᠨᠣᠮ ᠪᠢᠴᠢᠭ᠂ ᠤᠬᠠᠭᠤᠯᠭ᠎ᠠ ᠵᠢᠨ ᠮᠠᠲ᠋ᠧᠷᠢᠶᠠᠯ᠂ ᠤᠬᠠᠭᠤᠯᠭ᠎ᠠ ᠵᠢᠨ ᠪᠦᠲᠦᠭᠡᠭᠳᠡᠬᠦᠨ᠎ᠢ ᠨᠡᠢ᠌ᠲᠡ 100 ᠭᠠᠷᠤᠶ ᠲᠦᠮᠡᠨ ᠬᠤᠪᠢ (ᠳᠡᠪᠲᠡᠷ) ᠲᠠᠷᠬᠠᠭ᠋ᠠᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠵᠢ 3 ᠲᠦᠮᠡ ᠭᠠᠷᠤᠶ ᠲᠠᠯᠠᠪᠤᠷ ᠤᠳᠠᠭ᠎ᠠ ᠥᠷᠨᠢᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》 ᠵᠢᠡᠷ ᠠᠴᠢᠶᠠᠯᠠᠪᠤᠷᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠌ᠩᠭᠤᠵᠢᠭᠰᠠᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠦᠷᠪᠡ ᠵᠢ ᠬᠠᠮᠳᠤᠳᠬᠠᠬᠤ》᠂ 《ᠲᠠᠪᠤᠨ ᠮᠡᠳᠡᠷᠡᠬᠦᠢ》 ᠵᠢ ᠬᠥᠮᠦᠰ᠎ᠤᠨ ᠰᠡᠳᠬᠢᠯ᠎ᠳᠤ ᠦᠨᠡᠨ ᠬᠦ᠌ ᠬᠠᠳᠠᠩᠰᠢᠭᠤᠯᠪᠠ᠃
ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠪᠣᠯ ᠨᠠᠮ ᠪᠣᠯᠤᠨ ᠤᠯᠤᠰ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠮᠥᠨ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠬᠠᠮᠲᠤ᠎ᠪᠠᠷ ᠠᠬᠢᠭᠤᠯᠬᠤ ᠴᠢᠬᠤᠯᠠ ᠲᠠᠪᠴᠠᠩ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ ᠴᠢᠬᠤᠯᠠ ᠭᠠᠷᠳᠠᠴᠠ ᠮᠥᠨ᠃ ᠥᠪᠡᠷᠲᠡᠭᠡᠨ ᠵᠠᠰᠠᠬᠤ ᠣᠷᠣᠨ ᠡᠨᠡ ᠬᠦ᠌ ᠲᠥᠷᠥᠯ᠎ᠤᠨ ᠠᠵᠢᠯ᠎ᠢ ᠬᠡᠷᠬᠢᠨ ᠠᠬᠢᠭᠤᠯᠤᠭᠰᠠᠨ ᠪᠤᠢ? ᠠᠭᠤᠯᠤᠭᠳᠠᠬᠤᠨ᠎ᠢ ᠭᠦᠨᠵᠡᠭᠡᠢ᠌ᠷᠡᠭᠦᠯᠬᠦ᠂ ᠬᠡᠯᠪᠡᠷᠢ ᠵᠢ ᠪᠠᠶᠠᠯᠢᠭᠵᠢᠭᠤᠯᠬᠤ᠂ ᠰᠢᠨ᠎ᠡ ᠵᠢ ᠡᠭᠦᠳᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠢᠨᠠᠨ ᠪᠠᠢ᠌ᠴᠠᠭ᠋ᠠᠬᠤ ᠭᠠᠵᠠᠷ᠎ᠤᠨ ᠳᠠᠷᠤᠭ᠎ᠠ ᠯᠢ ᡁᠢ ᠲᠢᠶᠠᠨ᠄ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ ᠪᠣᠯ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠶᠡᠷᠦᠩᠬᠡᠶ ᠵᠢᠯᠣᠭᠣᠳᠤᠮᠵᠢ ᠵᠢᠨ ᠴᠢᠨᠠᠷᠲᠠᠶ ᠠᠷᠭ᠎ᠠ ᠬᠡᠮᠵᠢᠶ᠎ᠡ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠬᠤᠯᠠ ᠠᠴᠢᠶᠠᠯᠠᠪᠤᠷᠢ ᠮᠥᠨ᠃ ᠳᠣᠣᠷ᠎ᠠ ᠪᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠲᠤᠬᠠᠢ ᠲᠣᠪᠴᠢ ᠲᠠᠨᠢᠯᠴᠠᠭᠤᠯᠭ᠎ᠠ ᠬᠢᠶ᠎ᠡ᠃
ᠨᠢᠭᠡ᠎ᠳᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠥᠬᠥ ᠲᠠᠯ᠎ᠠ᠎ᠪᠠᠷ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠪᠥᠬᠥ ᠲᠠᠯ᠎ᠠ᠎ᠪᠠᠷ ᠭᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠶ ᠬᠡᠷᠡᠭᠵᠢᠭᠦᠯᠬᠦ ᠰᠠᠨᠠᠯ》᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠬᠥᠭᠵᠢᠯᠲᠡ ᠵᠢᠨ ᠲᠥᠯᠥᠪᠵᠢᠭᠦᠯᠭᠡ (2021—2025 ᠣᠨ) 》 ᠵᠡᠷᠭᠡ ᠪᠢᠴᠢᠭ ᠮᠠᠲ᠋ᠧᠷᠢᠶᠠᠯ᠎ᠢ ᠲᠣᠭᠲᠠᠭ᠋ᠠᠨ ᠨᠡᠢ᠌ᠲᠡᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠳᠤ ᠣᠷᠣᠭᠤᠯᠵᠤ᠂ ᠡᠭᠦᠳᠦᠨ ᠪᠠᠢ᠌ᠭᠤᠯᠬᠤ ᠠᠵᠢᠯ᠎ᠢ ᠪᠥᠬᠥ ᠲᠠᠯ᠎ᠠ᠎ᠪᠠᠷ ᠭᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ᠎ᠳᠤ ᠬᠦᠴᠦᠲᠡᠶ ᠪᠠᠲᠤᠯᠠᠭ᠎ᠠ ᠬᠠᠩᠭ᠋ᠠᠪᠠ᠃
ᠬᠣᠶᠠᠷ᠎ᠲᠤ᠂ ᠭᠣᠣᠯ ᠰᠢᠵᠢᠮ᠎ᠢ ᠪᠠᠲᠤ ᠡᠵᠡᠮᠳᠡᠵᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠵᠤ ᠲᠡᠰ ᠳᠡᠪᠰᠢᠭᠦᠯᠬᠦ᠎ᠪᠠᠷ ᠴᠢᠷᠮᠠᠢ᠌ᠨ ᠠᠵᠢᠯᠯᠠᠪᠠ᠃ ᠠᠭᠤᠯᠤᠭᠳᠠᠬᠤᠨ᠎ᠢ ᠭᠦᠨᠵᠡᠭᠡᠢ᠌ᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠭᠦᠳᠦᠨ ᠪᠠᠢ᠌ᠭᠤᠯᠬᠤ ᠠᠵᠢᠯ᠎ᠤᠨ ᠭᠣᠣᠯ ᠬᠠᠷᠠᠯᠲᠠ ᠪᠠ ᠬᠡᠮᠵᠢᠬᠦ ᠪᠠᠷᠢᠮᠵᠢᠶ᠎ᠠ ᠪᠣᠯᠭ᠋ᠠᠵᠤ᠂ 《ᠠᠭᠤᠰᠤᠯᠴᠠᠬᠤ》 ᠦᠰᠦᠭ᠎ᠤᠨ ᠲᠣᠭᠣᠷᠢᠨ᠎ᠳᠤ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ᠎ᠪᠠᠷ ᠴᠢᠭᠯᠡᠯ ᠪᠣᠯᠭ᠋ᠠᠵᠤ᠂ ᠡᠭᠦᠳᠦᠨ ᠪᠠᠢ᠌ᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠢᠷᠠᠭᠤ ᠠᠯᠳᠠᠷᠲᠤ ᠤᠳᠤᠮᠰᠢᠯ ᠪᠠ ᠬᠤᠪᠢᠰᠬᠠᠯ᠎ᠤᠨ ᠭ᠋ᠸᠨ᠎ᠢ ᠶᠡᠬᠡ᠎ᠪᠠᠷ ᠤᠯᠠᠮᠵᠢᠯᠠᠨ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢ ᠪᠥᠲᠥᠭᠡᠨ ᠪᠠᠢ᠌ᠭᠤᠯᠤᠭᠰᠠᠨ᠂ ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠭᠳᠡᠭᠰᠡᠨ᠂ ᠬᠠᠮᠤᠭ᠎ᠤᠨ ᠭᠣᠶᠣ ᠮᠠᠯᠵᠢᠯ᠎ᠤᠨ ᠲᠠᠯᠠᠪᠠᠶ ᠪᠠᠨ ᠤᠯᠤᠰ᠎ᠤᠨ ᠪᠠᠲᠤᠯᠠᠨ ᠬᠠᠮᠠᠭ᠋ᠠᠯᠠᠯᠲᠠ᠎ᠳᠤ ᠡᠷᠬᠦᠭᠰᠡᠨ ᠵᠡᠷᠭᠡ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠪᠥᠷ ᠮᠣᠩᠭᠣᠯ᠎ᠤᠨ ᠥᠯᠢᠭᠡᠷ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠰᠠᠢ᠌ᠲᠤᠷ ᠶᠠᠷᠢᠪᠠ᠃ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠬᠡᠷᠡᠭᠵᠢᠭᠦᠯᠬᠦ ᠲᠥᠰᠦᠯ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠢᠭᠢᠳᠬᠡᠯᠳᠦ ᠮᠠᠶᠢᠭ᠎ᠤᠨ ᠬᠥᠭᠵᠢᠯᠲᠡ ᠵᠢᠨ ᠬᠡᠷᠡᠭᠵᠢᠭᠦᠯᠬᠦ ᠲᠥᠰᠦᠯ᠂ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠳᠤᠬᠠᠢ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠬᠢᠨᠠᠮᠠᠭ᠋ᠠᠶ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠥᠷᠭᠡᠨ ᠵᠶ᠋ᠡᠷ ᠶᠠᠪᠤᠯᠴᠠᠬᠤ᠂ ᠪᠥᠬᠥ ᠲᠠᠯ᠎ᠠ᠎ᠪᠠᠷ ᠰᠣᠯᠢᠯᠴᠠᠬᠤ᠂ ᠭᠦᠨᠵᠡᠭᠡᠶ ᠠᠭᠤᠰᠤᠯᠴᠠᠬᠤ ᠵᠢ ᠠᠬᠢᠭᠤᠯᠪᠠ᠃ ᠭᠡᠯᠪᠡᠷᠢ ᠵᠢ ᠪᠠᠶᠠᠯᠢᠭᠵᠢᠭᠤᠯᠵᠦ᠂ ᠪᠦᠬᠦ ᠣᠷᠣᠨ᠎ᠤ ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠬᠤ ᠵᠢᠱ᠌ᠢᠢ᠎ᠡ ᠦᠵᠡᠭᠦᠯᠬᠦ ᠴᠡᠭ 1230᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠤᠨ ᠰᠠᠭᠤᠷᠢᠨ ᠭᠠᠵᠠᠷ 331᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ 155᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠵᠡᠭᠦᠯᠭᠡ ᠵᠢᠨ ᠣᠷᠳᠣᠨ 74᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠴᠡᠴᠡᠷᠯᠢᠭ ᠠᠭᠤᠳᠠᠮ ᠲᠠᠯᠠᠪᠠᠢ 84᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ (ᠬᠦᠮᠦᠵᠢᠯ)᠎ᠤ ᠰᠠᠭᠤᠷᠢᠨ ᠭᠠᠵᠠᠷ 46 ᠪᠠᠢ᠌ᠵᠦ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠵᠢ ᠢᠯᠡᠷᠡᠭᠦᠯᠬᠦ ᠴᠢᠬᠤᠯᠠ ᠴᠤᠩᠬᠤᠪᠴᠢ ᠪᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠳᠠᠳᠠᠢ ᠲᠦᠷᠦᠭᠳᠡᠯ᠎ᠲᠠᠢ ᠪᠦᠲᠦᠮᠵᠢᠲᠡᠢ ᠪᠠᠳᠤᠳᠬᠠᠬᠤ ᠴᠢᠬᠤᠯᠠ ᠤᠬᠠᠭᠤᠯᠭ᠎ᠠ ᠬᠥᠮᠦᠵᠢᠯ᠎ᠤᠨ ᠦᠢ᠍ᠯᠡᠳᠦᠯᠭᠡ ᠵᠢᠨ ᠰᠤᠳᠤᠯᠭ᠋ᠠᠨ᠎ᠤ ᠵᠢᠭᠰᠠᠭ᠋ᠠᠯ᠎ᠤᠨ ᠭᠠᠵᠠᠷ ᠪᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠦᠷᠪᠡ ᠵᠢ ᠬᠠᠮᠳᠤᠳᠬᠠᠬᠤ》᠂ 《ᠲᠠᠪᠤᠨ ᠮᠡᠳᠡᠷᠡᠬᠦᠢ》 ᠵᠢᠨ ᠣᠢ᠌ᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠬᠦᠨ᠎ᠠ ᠬᠠᠳᠠᠩᠰᠢᠭᠤᠯᠬᠤ ᠵᠢ ᠠᠬᠢᠭᠤᠯᠪᠠ᠃ ᠠᠷᠭ᠎ᠠ ᠵᠢᠨ ᠬᠤᠪᠢ᠎ᠳᠤ ᠰᠢᠨ᠎ᠡ ᠵᠢ ᠡᠭᠦᠳᠴᠦ᠂ ᠡᠭᠦᠳᠦᠨ ᠪᠠᠢ᠌ᠭᠤᠯᠬᠤ ᠠᠵᠢᠯ᠎ᠢ ᠪᠠᠢ᠌ᠭᠤᠯᠭ᠎ᠠ᠂ ᠰᠤᠷᠭ᠋ᠠᠭᠤᠯᠢ᠂ ᠨᠡᠢ᠌ᠭᠡᠮ ᠲᠣᠭᠣᠷᠢᠭ᠂ ᠠᠵᠤ ᠠᠬᠤᠢ᠌ᠯᠠᠯ᠂ ᠰᠢᠶᠠᠩ ᠪᠠᠯᠭ᠋ᠠᠰᠤ ᠰᠤᠮᠤ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠂ ᠴᠡᠷᠢᠭ ᠠᠩᠭᠢ᠂ ᠰᠦᠯᠵᠢᠶ᠎ᠡ᠎ᠳᠤ ᠣᠷᠣᠭᠤᠯᠬᠤ ᠵᠢ ᠶᠡᠬᠡ᠎ᠪᠠᠷ ᠠᠬᠢᠭᠤᠯᠤᠭᠰᠠᠨ ᠰᠠᠭᠤᠷᠢᠨ ᠳᠡᠭᠡᠷ᠎ᠡ᠂ ᠦᠵᠡᠮᠵᠢ ᠵᠢᠨ ᠣᠷᠣᠨ᠂ ᠬᠤᠳᠠᠯᠳᠤᠭ᠋ᠠᠨ᠎ᠤ ᠲᠠᠯᠠᠪᠤᠷ᠂ 《ᠬᠣᠶᠠᠷ ᠰᠢᠨ᠎ᠡ》 ᠵᠣᠬᠢᠶᠠᠨ ᠪᠠᠢ᠌ᠭᠤᠯᠤᠯᠲᠠ᠂ ᠴᠣᠩᠬᠣᠪᠴᠢ ᠨᠢᠭᠡᠴᠢ ᠵᠡᠷᠭᠡ 《8 + N》᠎ᠳᠤ ᠣᠷᠣᠭᠤᠯᠬᠤ ᠠᠵᠢᠯᠯᠠᠭ᠎ᠠ ᠵᠢ ᠢᠳᠡᠪᠬᠢᠲᠡᠶ ᠦᠷᠨᠢᠬᠦᠯᠪᠠ᠃ ᠬᠣᠯᠪᠣᠭ᠋ᠠᠯᠠᠨ ᠡᠭᠦᠳᠴᠦ ᠬᠠᠮᠲᠤ᠎ᠪᠠᠷ ᠪᠠᠢ᠌ᠭᠤᠯᠬᠤ ᠵᠢ ᠭᠦᠨᠵᠡᠭᠡᠶ ᠥᠷᠨᠢᠭᠦᠯᠵᠦ᠂ ᠴᠠᠬᠢᠯᠭ᠋ᠠᠨ ᠬᠦᠴᠦᠨ᠂ ᠭᠠᠢ᠌ᠯᠢ ᠵᠢᠨ ᠶᠠᠪᠤᠳᠠᠯ᠂ ᠪᠠᠢ᠌ᠴᠠᠭ᠋ᠠᠬᠤ᠂ ᠭᠠᠯ ᠤᠨᠲᠠᠷᠠᠭ᠋ᠠᠬᠤ ᠵᠡᠷᠭᠡ ᠰᠢᠰᠲ᠋ᠧᠮ᠎ᠳᠤ ᠭᠤᠯᠳᠤ ᠴᠢᠭᠯᠡᠯ ᠵᠶ᠋ᠡᠷ ᠠᠬᠢᠭᠤᠯᠵᠤ᠂ ᠡᠯ᠎ᠡ ᠰᠢᠰᠲ᠋ᠧᠮ᠎ᠳᠤ ᠨᠠᠷᠠᠲᠤ ᠲᠡᠮᠳᠡᠭᠲᠦ ᠵᠢ ᠡᠭᠦᠳᠴᠦ᠂ ᠬᠢᠩᠭ᠋ᠠᠨ ᠠᠢ᠌ᠮᠠᠭ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠤᠯᠠᠭ᠋ᠠᠨᠬᠠᠳᠠ ᠬᠣᠲᠠ ᠵᠢᠨ ᠶᠤᠸᠠᠨ ᠪᠤᠤ ᠱᠠᠨ ᠲᠣᠭᠣᠷᠢᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠰᠢᠯᠢ ᠵᠢᠨ ᠭᠣᠤᠯ᠎ᠤᠨ ᠴᠠᠬᠢᠯᠭ᠋ᠠᠨ ᠬᠠᠩᠭ᠋ᠠᠬᠤ ᠺᠣᠮᠫᠠᠨᠢ᠂ ᠣᠷᠳᠣᠰ ᠬᠣᠲᠠ ᠵᠢᠨ ᠬᠠᠩᠭᠢᠨ ᠬᠣᠰᠢᠭᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠡᠷᠭᠡ ᠨᠢᠭᠡ ᠪᠦᠯᠦᠭ ᠠᠵᠢᠯ ᠲᠥᠷᠥᠯ᠎ᠤᠨ ᠨᠡᠢ᠌ᠲᠡᠯᠢᠭ ᠵᠢᠱ᠌ᠢᠶ᠎ᠡ ᠴᠣᠯᠭᠣᠷᠠᠨ ᠭᠠᠷᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠎ᠠ ᠵᠡᠷᠭᠡ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠭᠦᠳᠦᠨ ᠪᠠᠢ᠌ᠭᠤᠯᠬᠤ ᠠᠵᠢᠯ᠎ᠢ ᠵᠠᠯᠠᠭᠤᠴᠤᠳ ᠪᠠᠭ᠋ᠠᠴᠤᠳ᠎ᠤᠨ ᠡᠩᠨᠡᠭᠡ᠎ᠳᠤ ᠣᠷᠣᠬᠤ᠂ ᠭᠡᠷ ᠪᠦᠯᠢ᠎ᠳᠤ ᠣᠷᠣᠬᠤ᠂ ᠠᠵᠢᠯ᠎ᠤᠨ ᠪᠠᠢ᠌ᠷᠢ᠎ᠳᠤ ᠣᠷᠣᠬᠤ ᠵᠢ ᠲᠠᠰᠤᠷᠠᠯᠲᠠ ᠦᠭᠡᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ᠂ ᠦᠨᠳᠦᠰᠦᠲᠡᠨ᠎ᠤ ᠪᠦᠯᠬᠦᠮᠳᠡᠯ᠎ᠤᠨ ᠣᠢ᠌ᠯᠠᠭ᠋ᠠᠭᠳᠠᠬᠤᠨ᠎ᠢ ᠡᠯ᠎ᠡ ᠠᠵᠢᠯ ᠲᠦᠷᠦᠯ᠂ ᠡᠯ᠎ᠡ ᠴᠠᠷᠠᠭ᠎ᠠ ᠬᠦᠷᠢᠶᠡᠨ᠎ᠳᠤ ᠳᠠᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠨᠢᠬᠳᠠᠷᠠᠭᠤᠯᠪᠠ᠃ ᠵᠢᠱ᠌ᠢᠶ᠎ᠡ ᠦᠵᠡᠭᠦᠯᠬᠦ ᠨᠡᠢ᠌ᠲᠡᠯᠢᠭᠢ ᠶᠡᠬᠡ᠎ᠪᠠᠷ ᠬᠥᠮᠦᠵᠢᠭᠦᠯᠦᠨ ᠪᠣᠶ ᠪᠣᠯᠭ᠋ᠠᠵᠤ᠂ ᠪᠥᠬᠥ ᠣᠷᠣᠨ᠎ᠤ 5 ᠠᠢ᠌ᠮᠠᠭ ᠬᠣᠲᠠ᠂ 73 ᠭᠠᠵᠠᠷ ᠣᠷᠣᠨ ᠪᠠ ᠨᠢᠭᠡᠴᠢ ᠵᠢ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠨᠡᠷᠡᠢ᠌ᠳᠴᠦ᠂ 609 ᠭᠠᠵᠠᠷ ᠣᠷᠣᠨ ᠪᠠ ᠨᠢᠭᠡᠴᠢ ᠵᠢ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠨᠡᠷᠡᠢ᠌ᠳᠪᠡ᠃ ᠬᠥᠬᠢᠭᠦᠯᠦᠨ ᠰᠠᠢ᠌ᠰᠢᠶᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 215 ᠬᠠᠮᠲᠤ ᠪᠠ 234 ᠬᠤᠪᠢ ᠬᠥᠮᠦᠨ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠪᠠ ᠬᠤᠪᠢ ᠬᠥᠮᠦᠨ ᠵᠶ᠋ᠡᠷ ᠦᠨᠡᠯᠡᠭᠳᠡᠵᠦ᠂ 2125 ᠬᠠᠮᠲᠤ ᠪᠠ 2842 ᠬᠤᠪᠢ ᠬᠥᠮᠦᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠥᠮᠦᠨ ᠵᠶ᠋ᠡᠷ ᠦᠨᠡᠯᠡᠭᠳᠡᠪᠡ᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠎ᠤᠨ᠎ᠬᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠡᠢ᠌ᠲᠡᠯᠢᠭᠢ ᠴᠢᠷᠮᠠᠢ᠌ᠨ ᠡᠭᠦᠳᠴᠦ᠂ ᠬᠥᠮᠦᠨ ᠪᠦᠬᠦᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠪᠣᠯᠬᠤ᠎ᠪᠠᠷ ᠴᠢᠷᠮᠠᠢ᠌ᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠨᠠᠩ ᠪᠢᠯᠬᠠᠮ᠎ᠠ ᠪᠣᠯᠭ᠋ᠠᠵᠤ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠢ᠌ᠭᠡᠮ ᠵᠢᠷᠤᠮᠲᠤ ᠦᠨᠳᠦᠰᠦᠲᠡᠨ᠎ᠤ ᠬᠠᠷᠢᠴᠠᠭ᠎ᠠ ᠵᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠤᠯᠠᠮ ᠨᠢᠭᠡ ᠠᠯᠬᠤᠮ ᠪᠡᠬᠢᠵᠢᠭᠦᠯᠪᠡ᠃
ᠭᠤᠷᠪᠠ᠎ᠳᠤ᠂ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠴᠠᠭ ᠦᠶ᠎ᠡ ᠵᠢᠨ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠵᠤ ᠨᠡᠷᠡᠢ᠌ᠳᠬᠦ ᠠᠷᠭ᠎ᠠ ᠪᠠ ᠰᠢᠯᠭ᠋ᠠᠨ ᠦᠨᠡᠯᠡᠬᠦ ᠭᠦᠢᠴᠡᠳᠬᠡᠯ ᠲᠣᠭ᠎ᠠ᠎ᠳᠤ ᠵᠠᠰᠠᠪᠤᠷᠢ ᠣᠷᠣᠭᠤᠯᠵᠤ᠂ ᠠᠷᠪᠠᠨ ᠨᠢᠭᠡᠳᠦᠭᠡᠷ ᠪᠦᠯᠦᠭ᠎ᠤᠨ ᠪᠥᠬᠥ ᠤᠯᠤᠰ᠂ ᠶᠢᠰᠦᠳᠦᠭᠡᠷ ᠪᠦᠯᠦᠭ᠎ᠤᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠲᠠᠨᠢᠯᠴᠠᠭᠤᠯᠤᠨ ᠨᠡᠷᠡᠢ᠌ᠳᠬᠦ ᠠᠵᠢᠯ᠎ᠢ ᠰᠠᠢ᠌ᠲᠤᠷ ᠬᠢᠵᠦ᠂ ᠵᠢᠱ᠌ᠢᠶ᠎ᠡ ᠦᠵᠡᠭᠦᠯᠬᠦ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠡᠯ᠎ᠡ ᠲᠥᠷᠥᠯ᠎ᠤᠨ ᠠᠵᠢᠯ᠎ᠤᠨ ᠭᠣᠤᠯ ᠰᠢᠵᠢᠮ ᠪᠣᠯᠭ᠋ᠠᠬᠤ ᠵᠢ ᠠᠬᠢᠭᠤᠯᠵᠤ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ ᠵᠢ ᠢᠳᠡᠪᠬᠢᠲᠡᠢ ᠰᠦᠪᠡᠭᠴᠢᠯᠡᠵᠦ᠂ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠬᠡᠰᠡᠭ ᠭᠠᠵᠠᠷ ᠣᠷᠣᠨ ᠪᠠ ᠨᠢᠭᠡᠴᠢ ᠳᠤ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠳᠡᠮᠵᠢᠪᠠ᠃ ᠡᠭᠦᠳᠦᠨ ᠪᠠᠢ᠌ᠭᠤᠯᠬᠤ ᠠᠵᠢᠯ᠎ᠢ ᠲᠥᠪ᠎ᠲᠤ ᠠᠭᠤᠰᠤᠯᠴᠠᠭᠤᠯᠬᠤ᠂ ᠶᠡᠬᠡ ᠲᠠᠯ᠎ᠠ᠎ᠳᠤ ᠦᠢᠯᠡᠴᠢᠯᠡᠭᠦᠯᠬᠦ ᠵᠢ ᠠᠬᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠴᠢᠷᠮᠠᠢ᠌ᠨ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠥᠲᠥᠭᠡᠨ ᠪᠠᠢ᠌ᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳᠤ ᠠᠤᠭ᠎ᠠ ᠶᠡᠬᠡ ᠬᠦᠴᠦᠨ ᠴᠢᠳᠠᠯ᠎ᠢ ᠨᠢᠬᠳᠠᠷᠠᠭᠤᠯᠪᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠵᠢᠨ ᠫᠢᠩ ᠤᠢ᠍ᠢ᠍ᠷ᠎ᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠥᠷᠥᠯ᠎ᠤᠨ ᠠᠵᠢᠯ᠎ᠤᠨ ᠭᠣᠣᠯ ᠰᠢᠵᠢᠮ ᠮᠥᠨ᠃ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠣᠯ ᠰᠢᠵᠢᠮ᠎ᠢ ᠠᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠪᠦᠬᠦ ᠶᠠᠪᠤᠴᠠ᠎ᠳᠤ ᠬᠡᠷᠬᠢᠨ ᠲᠤᠭᠤᠰᠢᠯᠠᠭᠤᠯᠤᠭᠰᠠᠨ ᠪᠤᠢ?
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠡᠢ᠌ᠭᠡᠮ᠎ᠤᠨ ᠬᠥᠭᠵᠢᠯᠲᠡ ᠵᠢᠨ ᠭᠠᠵᠠᠷ᠎ᠤᠨ ᠳᠡᠳ᠋ ᠳᠠᠷᠤᠭ᠎ᠠ ᠴᠧᠨ ᠭᠠᠩ᠄ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠪᠥᠬᠥ ᠣᠷᠣᠨ᠎ᠤ ᠴᠢᠨᠠᠷᠲᠠᠶ᠂ ᠶᠡᠷᠦᠩᠬᠡᠢ᠌ᠯᠡᠭᠰᠡᠨ ᠴᠢᠨᠠᠷᠲᠠᠶ ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠮᠥᠨ᠂ ᠨᠠᠩ ᠴᠤ᠌ ᠦᠨᠳᠦᠰᠦᠲᠡᠨ᠎ᠤ ᠪᠦᠯᠬᠦᠮᠳᠡᠯ᠎ᠢ ᠳᠡᠯᠭᠡᠨ ᠦᠵᠡᠭᠦᠯᠵᠦ᠂ ᠴᠠᠭ ᠦᠶ᠎ᠡ ᠵᠢᠨ ᠳᠦᠷᠰᠦ ᠪᠠᠢ᠌ᠳᠠᠯ᠎ᠢ ᠬᠥᠲᠥᠯᠥᠨ ᠳᠠᠭ᠋ᠠᠭᠤᠯᠬᠤ ᠦᠨᠳᠦᠰᠦᠲᠡᠨ᠎ᠤ ᠦᠪᠡᠳᠡᠭᠰᠢ ᠴᠤᠭᠯᠠᠭ᠋ᠠᠨ ᠮᠥᠨ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠳᠤ᠄ 《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠳᠥᠷᠪᠡᠨ ᠵᠢᠯ᠎ᠳᠤ ᠨᠢᠭᠡ ᠤᠳᠠᠭ᠎ᠠ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠷᠭᠢᠯᠡᠬᠦ》 ᠵᠤᠷᠪᠤᠰ᠎ᠢ ᠳᠤᠭᠳᠠᠭ᠋ᠠᠵᠦ᠂ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠷᠭᠢᠯᠡᠬᠦ ᠠᠵᠢᠯ ᠪᠤᠯ ᠬᠠᠤᠯᠢ᠎ᠪᠠᠷ ᠲᠣᠭᠲᠠᠭ᠋ᠠᠭᠰᠠᠨ ᠨᠢᠭᠡ ᠵᠦᠢᠯ᠎ᠤᠨ ᠠᠵᠢᠯᠯᠠᠭ᠎ᠠ ᠪᠣᠯᠭ᠋ᠠᠪᠠ᠃
ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ 2023 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 13᠎ᠤ ᠡᠳᠦᠷ ᠪᠣᠯᠲᠠᠯ᠎ᠠ ᠤᠯᠠᠭ᠋ᠠᠨᠴᠠᠪ ᠬᠣᠲᠠ᠎ᠳᠤ ᠠᠮᠵᠢᠯᠲᠠ᠎ᠲᠠᠢ ᠡᠷᠭᠢᠯᠡᠪᠡ᠃ 15 ᠲᠥᠷᠥᠯ᠎ᠤᠨ ᠤᠷᠤᠯᠳᠤᠭ᠋ᠠᠨ ᠪᠠ 4 ᠲᠥᠷᠥᠯ᠎ᠤᠨ ᠲᠣᠭᠯᠠᠯᠲᠠ ᠭᠠᠷᠭ᠋ᠠᠵᠤ᠂ ᠲᠠᠮᠢᠷᠴᠢᠨ᠂ ᠳᠠᠭ᠋ᠠᠭᠤᠯᠤᠭᠴᠢ᠂ ᠳᠠᠰᠬᠠᠯᠵᠢᠭᠤᠯᠤᠭᠴᠢ᠂ ᠬᠢᠨᠠᠭᠴᠢ᠂ ᠦᠨᠳᠦᠰᠦᠲᠡᠨ᠎ᠤ ᠬᠠᠮᠲᠤ ᠵᠢᠨ ᠨᠠᠢ᠌ᠷ᠂ ᠳᠤᠭᠯᠠᠯᠳᠠ ᠦᠵᠡᠬᠦᠯᠭᠡ᠎ᠳᠤ ᠤᠷᠤᠯᠴᠠᠭᠰᠠᠳ 2270 ᠬᠥᠮᠦᠨ᠎ᠳᠤ ᠬᠦᠷᠪᠡ᠃ ᠴᠤᠭᠯᠠᠭ᠋ᠠᠨ᠎ᠤ ᠬᠤᠭᠤᠴᠠᠭ᠋ᠠᠨ᠎ᠳᠤ᠂ ᠡᠯ᠎ᠡ ᠦᠨᠳᠦᠰᠦᠲᠡᠨ᠎ᠤ ᠣᠷᠣᠯᠴᠠᠭᠰᠠᠳ ᠤᠷ᠎ᠠ ᠮᠡᠷᠭᠡᠵᠢᠯ᠎ᠤᠨ ᠤᠷᠤᠯᠳᠤᠭ᠋ᠠᠨ᠂ ᠭᠣᠢ᠌ᠳᠠ ᠰᠠᠢ᠌ᠬᠠᠨ ᠤᠷᠠᠨ ᠰᠠᠢ᠌ᠬᠠᠨ᠎ᠤ ᠲᠣᠭᠯᠠᠯᠲᠠ ᠦᠷᠬᠦᠯᠵᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠪᠡᠳᠡᠭᠰᠢ ᠴᠤᠭᠯᠠᠭ᠋ᠠᠨ ᠪᠣᠯᠵᠠᠢ᠃
ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ 2021 ᠣᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠳᠠᠷᠠᠭ᠎ᠠ ᠡᠷᠭᠢᠯᠡᠭᠰᠡᠨ ᠠᠩᠬᠠᠳᠠᠭᠴᠢ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯᠤᠨ᠎ᠠ᠂ ᠡᠬᠢᠯᠡᠯᠲᠡ ᠵᠢᠨ ᠶᠣᠰᠣᠯᠠᠯ᠎ᠤᠨ ᠪᠦᠲᠦᠭᠡᠯᠴᠢ ᠲᠥᠰᠦᠪᠯᠡᠯ᠂ ᠴᠤᠭᠯᠠᠭ᠋ᠠᠨ᠎ᠤ ᠰᠦᠯᠳᠡ᠂ ᠥᠯᠵᠡᠢ᠌ᠲᠦ ᠠᠮᠢᠲᠠᠨ᠎ᠢ ᠵᠢᠷᠤᠵᠤ ᠲᠥᠯᠥᠪᠯᠡᠬᠦ ᠪᠠ ᠭᠣᠤᠯ ᠰᠡᠳᠦᠪᠲᠦ ᠳᠠᠭᠤᠤ ᠵᠢ ᠵᠣᠬᠢᠶᠠᠨ ᠪᠦᠲᠦᠭᠡᠬᠦ ᠵᠡᠷᠭᠡ ᠲᠠᠯ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠤᠯ ᠰᠢᠵᠢᠮ᠎ᠢ ᠢᠮᠠᠭᠲᠠ ᠳᠤᠭᠤᠰᠢᠯᠠᠭᠤᠯᠵᠡᠢ᠃ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠯᠠᠮ ᠨᠢᠭᠡ ᠠᠯᠬᠤᠮ ᠬᠥᠲᠥᠯᠥᠨ ᠵᠢᠯᠣᠭᠣᠳᠴᠤ ᠪᠠᠢ᠌ᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠳᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠬᠦᠢ ᠵᠢ ᠨᠡᠩ ᠰᠠᠢ᠌ᠨ ᠪᠠᠳᠤᠳᠬᠠᠪᠠ᠃
ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ ᠪᠥᠬᠥ ᠤᠯᠤᠰ᠎ᠤᠨ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠠᠭᠪᠤᠷ ᠵᠶ᠋ᠠᠷ᠂ ᠡᠬᠢᠯᠡᠯᠲᠡ ᠵᠢᠨ ᠶᠣᠰᠣᠯᠠᠯ᠎ᠤᠨ ᠲᠣᠭᠯᠠᠯᠲᠠ ᠪᠠ ᠦᠨᠳᠦᠰᠦᠲᠡᠨ᠎ᠤ ᠬᠠᠮᠲᠤ ᠵᠢᠨ ᠨᠠᠢ᠌ᠷ᠎ᠤᠨ ᠠᠵᠢᠯᠯᠠᠭ᠎ᠠ ᠵᠢ ᠨᠡᠮᠡᠭᠳᠡᠭᠦᠯᠪᠡ᠃ ᠡᠨᠡ ᠬᠣᠶᠠᠷ ᠲᠥᠷᠥᠯ᠎ᠤᠨ ᠠᠵᠢᠯᠯᠠᠭ᠎ᠠ ᠪᠣᠯ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠴᠤᠭᠯᠠᠭ᠋ᠠᠨ᠎ᠤ ᠪᠤᠰᠤᠳ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠠᠴᠠ ᠢᠯᠭ᠋ᠠᠭᠳᠠᠬᠤ ᠴᠢᠬᠤᠯᠠ ᠣᠨᠴᠠᠯᠢᠭ ᠪᠣᠯᠤᠨ᠎ᠠ᠃ ᠡᠬᠢᠯᠡᠯᠲᠡ ᠵᠢᠨ ᠶᠣᠰᠣᠯᠠᠯ᠎ᠤᠨ ᠲᠣᠭᠯᠠᠯᠲᠠ ᠪᠠ ᠦᠨᠳᠦᠰᠦᠲᠡᠨ᠎ᠤ ᠬᠠᠮᠲᠤ ᠵᠢᠨ ᠨᠠᠢ᠌ᠷ ᠵᠶ᠋ᠠᠷ ᠳᠠᠮᠵᠢᠭᠤᠯᠤᠨ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ ᠳᠣᠤᠷ᠎ᠠ ᠲᠤᠬᠠᠶ ᠵᠢᠨ ᠭᠠᠵᠠᠷ᠎ᠲᠤ ᠯᠤᠲᠤ ᠶᠡᠬᠡ ᠬᠤᠪᠢᠷᠠᠯᠲᠠ ᠭᠠᠷᠤᠭᠰᠠᠨ ᠪᠠ ᠦᠨᠳᠦᠰᠦᠲᠡᠨ᠎ᠨᠦᠭᠦᠳ ᠤᠯᠤᠰ ᠵᠶ᠋ᠠᠨ ᠬᠦᠴᠦᠷᠬᠡᠭᠵᠢᠭᠦᠯᠬᠦ ᠰᠢᠨ᠎ᠡ ᠠᠶᠠᠨ᠎ᠳᠤ ᠣᠷᠣᠯᠴᠠᠭᠰᠠᠨ ᠴᠠᠭ ᠦᠶ᠎ᠡ ᠵᠢᠨ ᠳᠦᠷᠰᠦ ᠪᠠᠢ᠌ᠳᠠᠯ᠎ᠢ ᠭᠦᠢᠴᠡᠳ ᠢᠯᠡᠷᠡᠭᠦᠯᠪᠡ᠃
ᠣᠷᠴᠢᠭᠤᠯᠤᠭᠴᠢ᠄ ᠴᠣᠭᠵᠢᠯᠮ᠎ᠠ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ