2023 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ 8᠎ᠤ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ᠎ᠳᠤ᠎ᠪᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠤᠯ ᠰᠢᠵᠢᠮ ᠮᠥᠨ᠂ ᠮᠥᠨ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠤᠯ ᠰᠢᠵᠢᠮ ᠮᠥᠨ᠃ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠤᠯᠤᠰ ᠲᠦᠷᠦ ᠵᠢᠨ ᠪᠥᠲᠦᠭᠡᠨ ᠪᠠᠢ᠌ᠭᠤᠯᠤᠯᠲᠠ᠂ ᠰᠣᠶᠣᠯ᠎ᠤᠨ ᠪᠥᠲᠦᠭᠡᠨ ᠪᠠᠢ᠌ᠭᠤᠯᠤᠯᠲᠠ᠂ ᠨᠡᠢ᠌ᠭᠡᠮ᠎ᠤᠨ ᠪᠥᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠥᠲᠦᠭᠡᠨ ᠪᠠᠢ᠌ᠭᠤᠯᠤᠯᠲᠠ ᠪᠠ ᠨᠠᠮ᠎ᠤᠨ ᠪᠥᠲᠦᠭᠡᠨ ᠪᠠᠢ᠌ᠭᠤᠯᠤᠯᠲᠠ ᠵᠡᠷᠭᠡ ᠵᠢ ᠴᠥᠮ ᠡᠨᠡ ᠬᠦ᠌ ᠭᠣᠣᠯ ᠰᠢᠵᠢᠮ᠎ᠤᠨ ᠲᠤᠭᠤᠷᠢᠨ᠎ᠳᠤ ᠨᠢᠭᠲᠠ ᠤᠶᠠᠯᠳᠤᠭᠤᠯᠵᠤ ᠥᠴᠦᠬᠡᠨ ᠴᠦ᠍ ᠬᠡᠯᠪᠡᠢ᠌ᠯᠭᠡᠬᠦ ᠦᠬᠡᠢ ᠪᠠᠢ᠌ᠬᠤ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠨᠡᠢ᠌ᠲᠡᠯᠡᠭᠰᠡᠨ ᠴᠦ᠍ ᠲᠡᠷᠡ᠂ ᠲᠦᠷᠦ ᠵᠢᠨ ᠪᠤᠳᠤᠯᠭ᠎ᠠ ᠠᠷᠭ᠎ᠠ ᠬᠡᠮᠵᠢᠢ᠎ᠡ ᠲᠣᠭᠲᠠᠭᠰᠠᠨ ᠴᠦ᠍ ᠲᠡᠷᠡ᠂ ᠴᠥᠮ ᠳᠤᠮᠳᠠᠳᠤ ᠵᠢᠨ ᠦᠨᠳᠦᠰᠦᠲᠡᠨ᠎ᠤ ᠨᠡᠢ᠌ᠲᠡᠯᠢᠭ ᠴᠢᠨᠠᠷ᠎ᠢ ᠴᠢᠩᠭ᠋ᠠᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ ᠵᠢ ᠪᠣᠳᠣᠯᠬᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠬᠦ᠌ ᠴᠢᠬᠤᠯᠠ ᠱᠠᠭ᠋ᠠᠷᠳᠠᠯᠭ᠎ᠠ᠎ᠨᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠵᠢᠴᠢ ᠦᠨᠳᠦᠰᠦᠲᠡᠨ᠎ᠤ ᠭᠠᠵᠠᠷ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠨ ᠡᠯ᠎ᠡ ᠲᠦᠷᠦᠯ᠎ᠤᠨ ᠠᠵᠢᠯ ᠵᠶ᠋ᠠᠨ ᠰᠠᠢ᠌ᠲᠤᠷ ᠬᠢᠬᠦ᠎ᠳᠤ ᠦᠵᠡᠯ ᠰᠠᠨᠠᠭ᠋ᠠᠨ᠎ᠤ ᠲᠣᠭ ᠳᠠᠯᠪᠠᠭ᠎ᠠ ᠵᠢ ᠪᠤᠰᠬᠠᠵᠤ᠂ ᠲᠡᠮᠡᠴᠡᠬᠦ ᠬᠠᠷᠠᠯᠲᠠ ᠵᠢ ᠲᠣᠳᠣᠷᠬᠠᠢ᠌ᠯᠠᠵᠤ᠂ ᠠᠵᠢᠯᠯᠠᠭ᠋ᠠᠨ᠎ᠤ ᠵᠦᠭᠯᠡᠭᠦᠷ᠎ᠢ ᠬᠠᠩᠭ᠋ᠠᠭᠰᠠᠨ ᠪᠠᠢ᠌ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠵᠢ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠣᠭᠲᠠᠭ᠋ᠠᠨ ᠨᠡᠢ᠌ᠲᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠴᠢᠩᠭ᠋ᠠᠳᠬᠠᠬᠤ ᠪᠣᠳᠠᠲᠠᠶ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠤᠯᠤᠰ᠎ᠤᠨ ᠤᠮᠠᠷᠠᠲᠤ ᠬᠢᠯᠢ ᠵᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ᠎ᠢ ᠬᠠᠮᠲᠤ᠎ᠪᠠᠷ ᠴᠤᠭᠴᠠᠯᠠᠬᠤ ᠬᠡᠷᠡᠭᠳᠡᠢ᠃
ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠵᠢ ᠪᠠᠷᠢᠮᠳᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠲᠡᠭᠦᠯᠳᠡᠷᠵᠢᠭᠦᠯᠪᠡ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠲᠣᠮᠣ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠵᠡᠷᠭᠡ ᠣᠢ᠌ᠯᠠᠭ᠋ᠠᠭᠳᠠᠬᠤᠨ᠎ᠢ ᠴᠢᠬᠤᠯᠠᠴᠢᠯᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠠ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠣᠯ ᠰᠢᠵᠢᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠴᠢᠨᠠᠭᠰᠢᠳᠠ ᠥᠷᠭᠡᠳᠭᠡᠬᠦ ᠬᠡᠷᠡᠭᠲᠡᠢ ᠭᠡᠵᠦ ᠳᠤᠳᠤᠷᠬᠠᠢ ᠳᠤᠷᠠᠳᠴᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠠᠯᠤᠰ ᠬᠡᠲᠦ ᠵᠢᠨ ᠲᠡᠦᠬᠡᠨ ᠬᠠᠷᠠᠭ᠋ᠠᠰᠤ ᠪᠠ ᠪᠥᠮᠪᠥᠷᠴᠡᠭ᠎ᠢ ᠬᠠᠮᠤᠷᠬᠤ ᠥᠷᠭᠡᠨ ᠬᠠᠷᠠᠭ᠋ᠠᠰᠤ᠎ᠠᠴᠠ ᠡᠷᠲᠡᠨ ᠡᠳᠦᠭᠡ ᠵᠢᠨ ᠬᠤᠪᠢᠷᠠᠯᠲᠠ᠂ ᠴᠠᠭ ᠦᠶ᠎ᠡ ᠵᠢᠨ ᠪᠠᠢ᠌ᠳᠠᠯ᠎ᠢ ᠠᠵᠢᠭᠯᠠᠨ ᠰᠢᠨᠵᠢᠯᠡᠵᠦ ᠪᠠᠢ᠌ᠭ᠋ᠠᠳ ᠪᠦᠲᠦᠭᠡᠯᠴᠢ ᠴᠢᠨᠠᠷᠲᠠᠶ᠎ᠪᠠᠷ ᠳᠤᠷᠠᠳᠤᠭᠰᠠᠨ ᠴᠢᠬᠤᠯᠠ ᠶᠡᠬᠡ ᠤᠤᠭ᠋ᠠᠯ ᠴᠢᠨᠠᠷᠲᠠᠶ ᠨᠤᠲᠠᠯᠠᠯᠲᠠ ᠮᠥᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠮᠠᠨ᠎ᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ ᠴᠢᠨᠠᠭᠰᠢᠯᠠᠪᠠᠯ ᠡᠯ᠎ᠡ ᠲᠦᠷᠦᠯ᠎ᠤᠨ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠬᠠᠢ ᠳᠤᠷᠠᠳᠤᠯᠭ᠎ᠠ ᠭᠠᠷᠭ᠋ᠠᠭᠰᠠᠨ 9 ᠵᠢᠯ ᠭᠠᠷᠤᠢ ᠵᠢᠨ ᠲᠤᠷᠰᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠢ᠌ᠯᠠᠭ᠋ᠠᠭᠳᠠᠬᠤᠨ ᠬᠥᠮᠦᠰ᠎ᠤᠨ ᠰᠡᠳᠬᠢᠯ᠎ᠳᠤ ᠠᠯᠬᠤᠮ ᠠᠯᠬᠤᠮ ᠵᠶ᠋ᠠᠷ ᠬᠦᠨᠵᠡᠬᠡᠢ᠌ᠷᠡᠬᠦ ᠵᠢᠨ ᠬᠠᠮᠳᠤ᠂ ᠦᠢ᠍ᠯᠡᠳᠦᠯᠭᠡ ᠴᠦ᠍ ᠲᠠᠰᠤᠷᠠᠯᠳᠠ ᠦᠭᠡᠢ ᠥᠷᠭᠡᠵᠢᠨ ᠭᠦᠨᠵᠡᠭᠡᠢ᠌ᠷᠡᠪᠡ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠨᠠᠮ᠎ᠤᠨ ᠲᠦᠷᠢᠮ᠎ᠳᠤ ᠪᠢᠴᠢᠨ ᠣᠷᠣᠭᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠵᠣᠷᠢᠭ ᠰᠠᠨᠠᠭ᠎ᠠ ᠪᠠ ᠦᠨᠳᠦᠰᠦᠨ ᠵᠢᠷᠤᠮᠯᠠᠯ ᠪᠣᠯᠭ᠋ᠠᠪᠠ᠃ 2018 ᠣᠨ᠎ᠳᠤ 《ᠳᠤᠮᠳᠠᠳᠤ ᠵᠢᠨ ᠦᠨᠳᠦᠰᠦᠲᠡᠨ》᠎ᠢ ᠠᠩᠬ᠎ᠠ ᠤᠳᠠᠭ᠎ᠠ ᠦᠨᠳᠦᠰᠦᠨ ᠬᠠᠤᠯᠢ᠎ᠳᠤ ᠪᠢᠴᠢᠵᠦ ᠤᠷᠤᠭᠤᠯᠤᠭᠰᠠᠨ᠎ᠨᠢ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠷᠭ᠎ᠠ ᠪᠤᠳᠤᠯᠭ᠎ᠠ ᠵᠢᠨ ᠦᠨᠳᠦᠰᠦᠲᠡᠨ᠎ᠤ ᠴᠠᠷᠠᠭ᠎ᠠ ᠬᠦᠷᠢᠶᠡᠨ᠎ᠳᠠᠬᠢ ᠴᠢᠬᠤᠯᠠ ᠶᠡᠬᠡ ᠦᠢ᠍ᠯᠡᠳᠦᠯᠭᠡ ᠪᠣᠯᠤᠨ᠎ᠠ᠂ ᠦᠨᠳᠦᠰᠦ ᠪᠣᠯᠬᠤ ᠶᠡᠬᠡ ᠬᠠᠤᠯᠢ ᠵᠢᠨ ᠦᠨᠳᠦᠷᠴᠡ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠠᠤᠯᠢᠵᠢᠯᠲᠠ᠎ᠳᠤ ᠰᠠᠭᠤᠷᠢ ᠪᠠ ᠦᠨᠳᠦᠰᠦᠯᠡᠯ ᠬᠠᠩᠭ᠋ᠠᠵᠠᠢ᠃ ᠡᠳᠡᠭᠡᠷ ᠴᠢᠬᠤᠯᠠ ᠶᠡᠬᠡ ᠠᠷᠭ᠎ᠠ ᠬᠡᠮᠵᠢᠶ᠎ᠡ᠎ᠨᠢ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ᠎ᠤᠨ ᠬᠠᠤᠯᠢᠵᠢᠯᠲᠠ ᠵᠢᠨ ᠰᠢᠨ᠎ᠡ ᠦᠢ᠍ᠯᠡᠳᠦᠯᠭᠡ ᠵᠢ ᠡᠬᠢᠯᠡᠭᠦᠯᠦᠭᠰᠡᠨ ᠪᠠᠢ᠌ᠨ᠎ᠠ᠃ ᠡᠭᠦᠨ᠎ᠤ ᠳᠠᠭ᠋ᠠᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠬᠠᠤᠯᠢ ᠲᠣᠭᠲᠠᠭ᠋ᠠᠬᠤ ᠬᠠᠤᠯᠢ᠂ ᠡᠬᠡ ᠣᠷᠣᠨᠴᠢ ᠦᠵᠡᠯ᠎ᠤᠨ ᠬᠥᠮᠦᠵᠢᠯ᠎ᠤᠨ ᠬᠠᠤᠯᠢ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠬᠤ ᠬᠠᠤᠯᠢ᠂ ᠡᠬᠡ ᠬᠠᠭᠤᠷᠠᠶ ᠵᠢᠨ ᠤᠯᠤᠰ᠎ᠤᠨ ᠬᠢᠯᠢ ᠵᠢᠨ ᠬᠠᠤᠯᠢ᠂ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ᠂ ᠬᠡᠷ ᠪᠦᠯᠢ ᠵᠢᠨ ᠬᠥᠮᠦᠵᠢᠯ᠎ᠢ ᠠᠬᠢᠭᠤᠯᠬᠤ ᠬᠠᠤᠯᠢ ᠵᠡᠷᠭᠡ 6 ᠬᠠᠤᠯᠢ᠎ᠳᠤ ᠪᠢᠴᠢᠵᠦ ᠣᠷᠣᠭᠤᠯᠪᠠ᠃ ᠬᠠᠤᠯᠢ᠎ᠳᠤ ᠲᠣᠭᠲᠠᠭ᠋ᠠᠭᠰᠠᠨ ᠵᠠᠷᠴᠢᠮ ᠵᠶ᠋ᠠᠷ ᠳᠠᠮᠵᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠬᠠᠮᠤᠭ᠎ᠤᠨ ᠰᠢᠨ᠎ᠡ ᠣᠨᠣᠯ᠎ᠤᠨ ᠦᠷ᠎ᠡ ᠪᠦᠲᠦᠭᠡᠯ᠎ᠢ ᠤᠯᠤᠰ᠎ᠤᠨ ᠬᠠᠤᠯᠢ ᠴᠠᠭ᠋ᠠᠵᠠ ᠪᠣᠯᠭ᠋ᠠᠨ ᠤᠯᠠᠷᠢᠭᠤᠯᠵᠤ᠂ ᠬᠠᠤᠯᠢ ᠴᠠᠭ᠋ᠠᠵᠠ ᠵᠢᠨ 《ᠦᠨᠳᠦᠰᠦ ᠵᠢ ᠪᠡᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠲᠦ᠎ᠳᠤ ᠠᠰᠢᠭᠲᠠᠶ ᠪᠠᠢ᠌ᠯᠭ᠋ᠠᠬᠤ》 ᠪᠠᠲᠤᠯᠠᠭ᠎ᠠ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠶᠣᠰᠣᠭ᠋ᠠᠷ ᠲᠥᠷᠥ ᠪᠠᠷᠢᠬᠤ ᠵᠣᠭᠰᠣᠴᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ ᠱᠠᠭ᠋ᠠᠷᠳᠠᠯᠭ᠎ᠠ ᠵᠢ ᠰᠢᠰᠲ᠋ᠧᠮ᠎ᠲᠠᠢ ᠢᠯᠡᠷᠡᠭᠦᠯᠬᠦ ᠬᠡᠷᠡᠭᠳᠡᠢ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠤᠯᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠬᠢᠷᠢ ᠳᠦᠪᠰᠢᠨ ᠢᠯᠡᠳᠲᠡ ᠳᠡᠭᠡᠭᠰᠢᠯᠡᠪᠡ
ᠶᠡᠷᠦᠩᠬᠡᠢ ᠱᠦᠵᠢ ᠰᠢ ᠵᠢᠨ ᠫᠢᠩ᠂ ᠭᠠᠭᠴᠠ ᠬᠦ᠌ ᠬᠠᠤᠯᠢ ᠴᠠᠭ᠋ᠠᠵᠠ ᠵᠢᠨ ᠢᠲᠡᠭᠡᠯ ᠪᠢᠰᠢᠷᠡᠯ᠎ᠢ ᠪᠤᠢ ᠪᠣᠯᠭ᠋ᠠᠪᠠᠯ ᠰᠠᠶᠢ ᠦᠨᠳᠦᠰᠦᠲᠡᠨ᠎ᠨᠦᠭᠦᠳ᠎ᠤᠨ ᠤᠯᠠᠨ ᠲᠦᠮᠡᠨ ᠤᠬᠠᠮᠰᠠᠷ᠎ᠠᠴᠠ᠎ᠪᠠᠨ ᠬᠠᠤᠯᠢ ᠶᠣᠰᠣᠭ᠋ᠠᠷ ᠬᠡᠷᠡᠭ ᠶᠠᠪᠤᠳᠠᠯ ᠪᠦᠲᠦᠭᠡᠵᠦ᠂ ᠦᠨᠳᠦᠰᠦᠲᠡᠨ᠎ᠤ ᠪᠦᠯᠬᠦᠮᠳᠡᠯ ᠰᠠᠶᠢ ᠪᠠᠲᠤᠯᠠᠭ᠎ᠠ᠎ᠲᠠᠢ ᠪᠤᠯᠵᠤ᠂ ᠦᠨᠳᠦᠰᠦᠲᠡᠨ᠎ᠤ ᠬᠠᠷᠢᠴᠠᠭ᠎ᠠ ᠰᠠᠶᠢ ᠪᠠᠲᠤ ᠪᠡᠬᠢ ᠪᠤᠯᠵᠤ ᠴᠢᠳᠠᠨ᠎ᠠ ᠭᠡᠵᠦ ᠴᠢᠬᠤᠯᠠᠴᠢᠯᠠᠪᠠ᠃ ᠡᠨᠡ ᠵᠢᠯ᠎ᠤᠨ 10 ᠳ᠋ᠤᠭ᠋ᠠᠷ ᠰᠠᠷ᠎ᠠ ᠵᠢᠨ 27᠎ᠤ ᠡᠳᠦᠷ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠶᠡᠷᠦᠩᠬᠡᠢ ᠱᠦᠵᠢ ᠰᠢ ᠵᠢᠨ ᠫᠢᠩ᠂ 《ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠪᠦᠷᠢᠨᠰᠢᠬᠦᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ》 ᠬᠡᠵᠦ ᠳᠠᠬᠢᠨᠳᠠ ᠴᠢᠬᠤᠯᠠᠴᠢᠯᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠲᠣᠭᠲᠠᠯᠴᠠᠭ᠎ᠠ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠬᠡᠷᠡᠭᠵᠢᠭᠦᠯᠦᠭᠰᠡᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠪᠣᠯᠤᠨ᠎ᠠ᠂ ᠣᠷᠳᠣ ᠬᠤᠭᠤᠴᠠᠭ᠋ᠠᠨ᠎ᠤ ᠲᠤᠷᠰᠢ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠡᠯᠪᠡᠭ ᠪᠠᠶᠠᠯᠢᠭ ᠲᠤᠷᠰᠢᠯᠭ᠎ᠠ ᠵᠢ ᠬᠤᠷᠠᠮᠳᠤᠭᠤᠯᠵᠠᠶ᠃ ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠶᠡᠬᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠬᠡᠵᠢᠬᠦᠯᠵᠦ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠤ ᠠᠵᠢᠯ᠎ᠢ ᠨᠠᠷᠢᠨ ᠨᠢᠮᠪᠠᠶ ᠰᠠᠢ᠌ᠲᠤᠷ ᠬᠢᠵᠦ᠂ ᠦᠨᠳᠦᠰᠦᠲᠡᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠠᠯᠢ ᠣᠯᠠᠨ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠮᠠᠨ᠎ᠤ ᠣᠷᠣᠨ᠎ᠤ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠳᠤᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠭᠰᠡᠨ᠂ ᠬᠠᠮᠲᠤ᠎ᠪᠠᠷ ᠴᠡᠴᠡᠭᠯᠡᠨ ᠬᠥᠭᠵᠢᠭᠰᠡᠨ ᠰᠠᠢ᠍ᠢ᠍ᠨ ᠰᠠᠢ᠌ᠬᠠᠨ ᠪᠠᠢ᠌ᠳᠠᠯ᠎ᠢ ᠪᠤᠢ ᠪᠤᠯᠭ᠋ᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠢᠡᠨ ᠦᠷᠭᠦᠯᠵᠢᠯᠡᠨ ᠬᠠᠮᠠᠭ᠋ᠠᠯᠠᠪᠠ᠃ 2021 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠤᠨ ᠬᠣᠭᠣᠰᠣᠨ᠎ᠢ ᠨᠦᠬᠦᠪᠤᠷᠢᠯᠠᠵᠦ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠯ᠎ᠡ ᠲᠦᠷᠦᠯ᠎ᠤᠨ ᠠᠵᠢᠯ᠎ᠳᠤ ᠪᠦᠬᠦ ᠲᠠᠯ᠎ᠠ᠎ᠪᠠᠷ ᠢᠯᠡᠷᠡᠭᠦᠯᠵᠦ᠂ ᠦᠨᠳᠦᠰᠦᠲᠡᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠠᠵᠢᠯ᠎ᠤᠨ ᠱᠠᠭ᠋ᠠᠷᠳᠠᠯᠭ᠎ᠠ ᠵᠢ ᠬᠠᠤᠯᠢ ᠴᠠᠭ᠋ᠠᠵᠠ ᠵᠢᠨ ᠪᠠᠷᠢᠮᠲᠠᠯᠠᠯ ᠪᠣᠯᠭ᠋ᠠᠨ ᠳᠡᠭᠡᠭᠰᠢᠯᠡᠭᠦᠯᠵᠦ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ᠂ ᠠᠭᠤᠤ ᠶᠡᠬᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ᠠᠵᠢᠯᠯᠠᠭ᠋ᠠᠨ᠎ᠤ ᠬᠥᠳᠡᠯᠭᠡᠬᠦ ᠬᠦᠴᠦᠨ ᠪᠤᠯᠭ᠋ᠠᠨ ᠤᠯᠠᠷᠢᠭᠤᠯᠬᠤ ᠴᠢᠬᠤᠯᠠ ᠠᠷᠭ᠎ᠠ ᠠᠪᠴᠠᠯ ᠶᠤᠮ᠃ 2023 ᠣᠨ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠢ᠌ᠳᠠᠪᠤᠷᠢᠵᠢᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠵᠢ ᠠᠬᠢᠭᠤᠯᠬᠤ ᠲᠦᠷᠢᠮ》 ᠵᠡᠷᠭᠡ ᠪᠥᠬᠥ ᠲᠠᠯ᠎ᠠ ᠵᠢᠨ ᠴᠢᠨᠠᠷᠲᠠᠶ ᠶᠡᠷᠦᠩᠬᠡᠢ᠌ᠯᠡᠭᠰᠡᠨ ᠴᠢᠨᠠᠷᠲᠠᠶ 6 ᠴᠢᠬᠤᠯᠠ ᠬᠠᠤᠯᠢ ᠲᠣᠭᠲᠠᠭ᠋ᠠᠯ᠎ᠢ ᠵᠡᠷᠭᠡ᠎ᠪᠠᠷ ᠲᠣᠭᠲᠠᠭ᠋ᠠᠨ ᠨᠡᠢ᠌ᠲᠡᠯᠡᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢ᠌ᠨ ᠪᠡᠶᠡᠯᠡᠭᠦᠯᠬᠦ᠎ᠳᠤ ᠪᠠᠲᠤ ᠪᠠᠬᠢ ᠬᠠᠤᠯᠢ ᠲᠦᠷᠢᠮ᠎ᠤᠨ ᠪᠠᠲᠤᠯᠠᠭ᠎ᠠ ᠬᠠᠩᠭ᠋ᠠᠪᠠ᠃ 2024 ᠣᠨ᠎ᠠᠴᠠ ᠡᠬᠢᠯᠡᠨ ᠬᠡᠷᠡᠭᠵᠢᠭᠦᠯᠦᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠦᠷᠢᠮ》᠎ᠨᠢ ᠬᠠᠤᠯᠢ᠎ᠳᠤ ᠲᠣᠭᠲᠠᠭ᠋ᠠᠭᠰᠠᠨ ᠲᠠᠰ ᠳᠠᠷᠠᠭ᠋ᠠᠯᠠᠯ ᠵᠶ᠋ᠠᠷ ᠨᠠᠮ᠎ᠤᠨ ᠬᠢᠯᠢ ᠬᠢᠵᠠᠭ᠋ᠠᠷ ᠣᠷᠣᠨ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ ᠵᠢᠨ ᠵᠣᠷᠢᠭ ᠰᠠᠨᠠᠭ᠎ᠠ ᠪᠣᠯᠭ᠋ᠠᠨ ᠤᠯᠠᠷᠢᠭᠤᠯᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃ ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠠᠴᠠ ᠠᠢ᠌ᠮᠠᠭ ᠬᠣᠲᠠ ᠬᠦᠷᠲᠡᠯᠡᠬᠢ ᠪᠣᠶ ᠪᠥᠬᠥᠶ ᠲᠣᠭᠲᠠᠭ᠋ᠠᠭᠰᠠᠨ ᠪᠠ ᠵᠠᠰᠠᠪᠤᠷᠢ ᠣᠷᠣᠭᠤᠯᠤᠭᠰᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠪᠠᠢ᠌ᠴᠠᠭ᠋ᠠᠨ ᠰᠤᠳᠤᠯᠵᠤ ᠲᠤᠭᠤᠷᠪᠢᠬᠤ᠎ᠠᠴᠠ ᠠᠪᠤᠭ᠋ᠠᠳ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠬᠦᠷᠲᠡᠯ᠎ᠡ᠂ ᠴᠢᠨᠠᠭᠰᠢᠯᠠᠪᠠᠯ ᠬᠢᠨᠠᠨ ᠵᠥᠪᠯᠡᠵᠦ ᠪᠠᠲᠤᠯᠠᠭᠤᠯᠬᠤ᠎ᠪᠠᠷ ᠳᠡᠪᠰᠢᠭᠦᠯᠬᠦ ᠬᠦᠷᠲᠡᠯ᠎ᠡ ᠴᠥᠮ ᠳᠤᠮᠳᠠᠳᠤ ᠵᠢᠨ ᠦᠨᠳᠦᠰᠦᠲᠡᠨ᠎ᠤ ᠨᠡᠢ᠌ᠲᠡᠯᠢᠭ ᠴᠢᠨᠠᠷ᠎ᠢ ᠴᠢᠩᠭ᠋ᠠᠳᠬᠠᠬᠤ ᠵᠢ ᠠᠩᠬᠠᠷᠴᠤ᠂ ᠪᠣᠶ ᠪᠥᠬᠥᠶ ᠠᠵᠢᠯ᠎ᠢ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠡᠨᠡ ᠬᠦ᠌ ᠭᠣᠤᠯ ᠰᠢᠵᠢᠮ ᠲᠡᠢ᠌ᠰᠢ ᠲᠥᠪᠯᠡᠷᠡᠭᠦᠯᠦᠨ ᠬᠦᠴᠦᠯᠡᠬᠦ ᠵᠢ ᠠᠬᠢᠭᠤᠯᠪᠠ᠃ 2023 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠲᠣ ᠵᠢᠨ ᠬᠡᠷᠡᠭᠵᠢᠭᠦᠯᠵᠦ ᠪᠠᠢ᠌ᠭ᠎ᠠ ᠬᠦᠴᠦᠨ ᠪᠥᠬᠥᠶ 175 ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠵᠡᠷᠭᠡ 3 ᠥᠪᠡᠷᠲᠡᠭᠡᠨ ᠵᠠᠰᠠᠬᠤ ᠬᠣᠰᠢᠭᠤᠨ᠎ᠤ ᠲᠣᠭᠲᠠᠭ᠋ᠠᠭᠰᠠᠨ 3 ᠥᠪᠡᠷᠲᠡᠭᠡᠨ ᠵᠠᠰᠠᠬᠤ ᠲᠦᠷᠢᠮ᠂ 22 ᠲᠤᠰᠬᠠᠶ ᠲᠦᠷᠢᠮ᠎ᠨᠢ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠦᠨᠡᠨ ᠬᠦ᠌ ᠢᠯᠡᠷᠡᠭᠦᠯᠵᠦ᠂ ᠬᠠᠤᠯᠢ ᠴᠠᠭ᠋ᠠᠵᠠ᠎ᠪᠠᠷ ᠦᠨᠳᠦᠰᠦᠲᠡᠨ᠎ᠤ ᠪᠦᠯᠬᠦᠮᠳᠡᠯ᠎ᠢ ᠪᠠᠲᠤᠯᠠᠵᠤ᠂ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠪᠠ᠃
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠪᠠᠳᠤᠳᠬᠠᠬᠤ ᠵᠢᠨ ᠬᠠᠤᠯᠢ ᠳᠦᠷᠢᠮ᠎ᠤᠨ ᠪᠠᠢ᠌ᠭᠤᠯᠤᠯᠲᠠ ᠵᠢ ᠲᠦᠷᠬᠡᠳᠬᠡᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠬᠠᠤᠯᠢ ᠴᠠᠭ᠋ᠠᠵᠠ ᠵᠢᠨ ᠲᠤᠯᠭ᠋ᠠᠭᠤᠷᠢᠯᠠᠯ ᠬᠠᠩᠭ᠋ᠠᠪᠠ
ᠰᠠᠢ᠍ᠢ᠍ᠨ ᠬᠠᠤᠯᠢ ᠪᠣᠯ ᠴᠢᠳᠠᠮᠠᠭ᠋ᠠᠢ ᠵᠠᠰᠠᠬᠤ ᠵᠢᠨ ᠰᠠᠭᠤᠷᠢ ᠮᠥᠨ᠃ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠵᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠬᠠᠤᠯᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠠᠤᠯᠢ᠎ᠪᠠᠷ ᠵᠠᠰᠠᠬᠤ ᠵᠢ ᠦᠨᠳᠦᠰᠦᠲᠡᠨ᠎ᠤ ᠠᠵᠢᠯ᠎ᠤᠨ ᠡᠯ᠎ᠡ ᠴᠠᠷᠠᠭ᠎ᠠ ᠬᠦᠷᠢᠶ᠎ᠡ ᠪᠠ ᠭᠣᠭᠴᠣᠭ᠎ᠠ ᠨᠢᠬᠡ ᠪᠦᠷᠢ᠎ᠳᠤ ᠲᠤᠭᠤᠰᠢᠯᠠᠭᠤᠯᠵᠤ᠂ ᠬᠠᠤᠯᠢ᠎ᠪᠠᠷ ᠵᠠᠰᠠᠬᠤ ᠵᠠᠮ ᠵᠶ᠋ᠠᠷ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠵᠤ᠂ ᠨᠡᠢ᠌ᠭᠡᠮ ᠵᠢᠷᠤᠮ᠎ᠤᠨ ᠬᠠᠤᠯᠢ ᠲᠦᠷᠢᠮ᠎ᠤᠨ ᠨᠢᠭᠡᠳᠦᠯ ᠪᠠ ᠬᠠᠤᠯᠢ᠎ᠪᠠᠷ ᠵᠠᠰᠠᠬᠤ ᠵᠢᠨ ᠨᠡᠷ᠎ᠡ ᠬᠦᠨᠳᠦ ᠵᠢ ᠬᠠᠮᠠᠭ᠋ᠠᠯᠠᠵᠤ᠂ ᠦᠨᠳᠦᠰᠦᠲᠡᠨ᠎ᠤ ᠠᠵᠢᠯ᠎ᠤᠨ ᠬᠠᠤᠯᠢ ᠴᠠᠭ᠋ᠠᠵᠠ ᠪᠠ ᠬᠠᠤᠯᠢ᠎ᠪᠠᠷ ᠵᠠᠰᠠᠬᠤ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠵᠢᠷᠤᠮᠯᠠᠬᠤ ᠬᠠᠤᠯᠢ᠎ᠲᠠᠢ ᠪᠠᠢ᠌ᠬᠤ ᠪᠣᠯ ᠤᠯᠤᠰ ᠵᠶ᠋ᠠᠨ ᠬᠠᠤᠯᠢ᠎ᠪᠠᠷ ᠵᠠᠰᠠᠬᠤ ᠪᠠ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠵᠢ ᠠᠬᠢᠭᠤᠯᠬᠤ ᠵᠢᠨ ᠦᠨᠳᠦᠰᠦᠨ ᠤᠷᠢᠲᠠᠯ ᠮᠥᠨ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠠᠮ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠮᠤᠵᠢ ᠵᠢᠨ ᠳᠡᠰ᠎ᠤᠨ ᠠᠩᠬᠠᠳᠠᠭᠴᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠢ ᠪᠠᠢ᠌ᠭᠤᠯᠪᠠ᠃ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠬᠠᠤᠯᠢ ᠳᠦᠷᠢᠮ᠎ᠤᠨ ᠪᠠᠢ᠌ᠭᠤᠯᠤᠯᠲᠠ ᠤᠯᠠᠮ ᠪᠦᠷᠢᠨ ᠲᠡᠭᠦᠯᠳᠡᠷ ᠪᠣᠯᠬᠤ ᠲᠤᠲᠤᠮ ᠡᠬᠡ ᠣᠷᠣᠨ᠎ᠤ ᠨᠢᠭᠡᠳᠦᠯ ᠪᠠ ᠬᠢᠯᠢ ᠬᠢᠵᠠᠭ᠋ᠠᠷ᠎ᠤᠨ ᠪᠡᠬᠢᠵᠢᠯᠲᠡᠳᠤ ᠤᠯᠠᠮ ᠠᠰᠢᠭᠲᠠᠢ ᠶᠤᠮ᠂ ᠦᠨᠳᠦᠰᠦᠲᠡᠨ᠎ᠤ ᠪᠦᠯᠬᠦᠮᠳᠡᠯ ᠪᠠ ᠨᠡᠢ᠌ᠭᠡᠮ᠎ᠤᠨ ᠲᠣᠭᠲᠠᠭᠤᠨ ᠪᠠᠢ᠌ᠳᠠᠯ᠎ᠳᠤ ᠤᠯᠠᠮ ᠠᠰᠢᠭᠲᠠᠢ ᠶᠤᠮ᠂ ᠤᠯᠤᠰ ᠣᠷᠣᠨ᠎ᠤ ᠡᠭᠦᠷᠢᠳᠡ ᠵᠠᠰᠠᠵᠤ ᠥᠨᠢᠳᠡ ᠲᠦᠪᠰᠢᠷᠡᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠴᠡᠴᠡᠭᠯᠡᠨ ᠬᠥᠭᠵᠢᠬᠦ᠎ᠳᠤ ᠤᠯᠠᠮ ᠠᠰᠢᠭᠲᠠᠢ ᠶᠤᠮ ᠭᠡᠳᠡᠭ᠎ᠢ ᠤᠷᠲᠤ ᠬᠤᠭᠤᠴᠠᠭ᠋ᠠᠨ᠎ᠤ ᠦᠨᠳᠦᠰᠦᠲᠡᠨ᠎ᠤ ᠠᠵᠢᠯ᠎ᠤᠨ ᠦᠢ᠍ᠯᠡᠳᠦᠯᠭᠡ ᠭᠦᠢ᠍ᠴᠡᠳ ᠭᠡᠷᠡᠴᠢᠯᠡᠭᠰᠡᠨ ᠪᠠᠢ᠌ᠨ᠎ᠠ᠃ ᠤᠢ᠍ᠢ᠍ᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠢ ᠠᠯᠢ ᠤᠯᠠᠨ ᠬᠠᠤᠯᠢ ᠲᠦᠷᠢᠮ᠎ᠢ ᠲᠣᠭᠲᠠᠭ᠋ᠠᠵᠤ᠂ ᠬᠠᠤᠯᠢ᠎ᠪᠠᠷ ᠵᠠᠰᠠᠬᠤ ᠵᠠᠮ ᠵᠶ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠨ 《ᠠᠤᠭ᠎ᠠ ᠲᠥᠰᠦᠪ᠎ᠢ ᠡᠴᠦᠰ᠎ᠲᠤᠨᠢ ᠲᠤᠯᠲᠠᠯ᠎ᠠ ᠵᠢᠷᠤᠭᠯᠠᠬᠤ》 ᠵᠢ ᠪᠠᠲᠤᠯᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ ᠰᠠᠢ᠌ᠵᠢᠷᠠᠭᠤᠯᠵᠤ᠂ ᠦᠨᠳᠦᠰᠦᠲᠡᠨ᠎ᠨᠦᠭᠦᠳ᠎ᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮᠳᠤ ᠦᠵᠡᠯ᠎ᠳᠤ ᠡᠷᠡᠰ ᠪᠠᠳᠤ ᠳᠡᠭᠡᠳᠦ ᠬᠡᠮᠵᠢᠶᠡᠨ᠎ᠤ ᠮᠡᠳᠡᠷᠡᠬᠦᠢ᠎ᠲᠠᠢ ᠪᠠᠢ᠌ᠬᠤ ᠵᠢ ᠠᠬᠢᠭᠤᠯᠵᠤ᠂ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠢ᠌ᠬᠤ ᠵᠢ ᠪᠠᠷᠢᠮᠳᠠᠯᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠵᠡᠨ ᠰᠠᠭᠤᠵᠤ ᠡᠷᠬᠡ ᠮᠡᠳᠡᠵᠦ᠂ ᠲᠥᠷᠥ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠳᠤ ᠣᠷᠣᠯᠴᠠᠬᠤ ᠵᠢ ᠪᠠᠳᠤᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠲᠠᠯ᠎ᠠ᠎ᠪᠠᠷ ᠡᠯ᠎ᠡ ᠦᠨᠳᠦᠰᠦᠲᠡᠨ᠎ᠤ ᠠᠵᠤ ᠠᠬᠤᠶ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠡᠮᠵᠢᠵᠤ᠂ ᠬᠠᠮᠲᠤ᠎ᠪᠠᠷ ᠬᠦᠭᠵᠢᠵᠦ ᠬᠠᠮᠳᠤ᠎ᠪᠠᠷ ᠪᠠᠶᠠᠵᠢᠬᠤ ᠵᠡᠷᠭᠡ ᠵᠢ ᠪᠡᠶᠡᠯᠡᠭᠦᠯᠬᠦ ᠳᠠᠯ᠎ᠠ᠎ᠪᠠᠷ ᠤᠯᠤᠰ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠲᠤᠭᠤᠰᠢᠯᠠᠭᠤᠯᠤᠨ ᠨᠠᠢ᠌ᠳᠠᠪᠤᠷᠵᠢᠭᠤᠯᠬᠤ᠂ ᠦᠨᠳᠦᠰᠦᠲᠡᠨ᠎ᠤ ᠪᠦᠯᠬᠦᠮᠳᠡᠯ ᠪᠠ ᠦᠨᠳᠦᠰᠦᠲᠡᠨ᠎ᠨᠦᠭᠦᠳ᠎ᠤᠨ ᠡᠷᠬᠡᠲᠦ ᠠᠷᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠳᠤᠯᠠᠬᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ᠂ ᠦᠨᠳᠦᠰᠦᠲᠡᠨ᠎ᠤ ᠪᠦᠯᠬᠦᠮᠳᠡᠯ᠎ᠢ ᠨᠥᠯᠥᠭᠡᠯᠡᠬᠦ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠲᠣᠬᠢᠲᠠᠢ ᠰᠢᠢ᠍ᠳᠪᠦᠷᠢᠯᠡᠬᠦ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢ ᠬᠠᠤᠯᠢ᠎ᠪᠠᠷ ᠵᠠᠰᠠᠬᠤ ᠵᠠᠮ ᠵᠶ᠋ᠠᠷ ᠬᠡᠷᠡᠭᠵᠢᠭᠦᠯᠬᠦ ᠵᠢ ᠦᠨᠡᠨ ᠬᠦ᠌ ᠪᠠᠳᠤᠯᠠᠬᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠰᠢᠨ᠎ᠡ ᠡᠭᠦᠳᠦᠯᠲᠡ᠎ᠲᠠᠢ᠎ᠪᠠᠷ ᠬᠥᠭᠵᠢᠭᠰᠡᠨ ᠦᠷ᠎ᠡ ᠪᠦᠲᠦᠭᠡᠯ᠎ᠢ ᠤᠯᠤᠰ᠎ᠤᠨ ᠬᠠᠤᠯᠢ ᠴᠠᠭ᠋ᠠᠵᠠ᠎ᠳᠤ ᠢᠯᠡᠷᠡᠭᠦᠯᠬᠦ ᠵᠢ ᠠᠬᠢᠭᠤᠯᠬᠤ ᠵᠢ ᠳᠤᠯᠭ᠋ᠠᠮ ᠬᠦᠰᠡᠨ ᠬᠦᠯᠢᠶᠡᠵᠦ ᠪᠠᠢ᠌ᠭ᠎ᠠ ᠵᠢ ᠦᠢ᠍ᠯᠡᠳᠦᠯᠭᠡ ᠵᠢᠨ ᠳᠤᠮᠳᠠ ᠪᠢᠳᠠ ᠭᠦᠨᠵᠡᠭᠡᠢ ᠤᠢ᠌ᠯᠠᠭ᠋ᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠠᠤᠯᠢ ᠳᠦᠷᠢᠮ᠎ᠤᠨ ᠪᠦᠲᠦᠭᠡᠨ ᠪᠠᠢ᠌ᠭᠤᠯᠤᠯᠲᠠ᠎ᠪᠠᠷ ᠳᠠᠮᠵᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠢᠨᠵᠢᠯᠡᠬᠦ ᠤᠬᠠᠭ᠋ᠠᠨᠴᠢ ᠪᠦᠷᠢᠨ ᠲᠡᠭᠦᠯᠳᠡᠷ ᠣᠨᠣᠯ᠎ᠤᠨ ᠰᠢᠰᠲ᠋ᠧᠮ᠎ᠢ ᠤᠯᠠᠮ ᠨᠢᠭᠡ ᠠᠯᠬᠤᠮ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠲᠠᠰᠤᠷᠠᠯᠲᠠ ᠦᠭᠡᠢ ᠪᠦᠲᠦᠭᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠨᠡᠢ᠌ᠭᠡᠮ ᠵᠢᠷᠤᠮᠲᠤ ᠣᠳᠣᠬᠢᠴᠢᠯᠠᠯᠲᠠ ᠳᠡᠢ᠌ᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠬᠤ ᠰᠢᠨ᠎ᠡ ᠠᠶᠠᠨ ᠵᠠᠮ᠎ᠳᠤ᠂ ᠬᠠᠤᠯᠢ ᠴᠠᠭ᠋ᠠᠵᠠ ᠵᠢᠨ ᠬᠡᠯᠪᠡᠷᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠨᠡᠢ᠌ᠭᠡᠮ ᠵᠢᠷᠤᠮᠲᠤ ᠪᠠᠢ᠌ᠭᠤᠯᠤᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠬᠥᠭᠵᠢᠨ ᠲᠠᠪᠰᠢᠬᠤ ᠵᠢᠨ ᠨᠠᠢ᠌ᠳᠠᠪᠤᠷᠢᠲᠠᠢ ᠪᠠᠲᠤᠯᠠᠭ᠎ᠠ ᠮᠥᠨ ᠭᠡᠳᠡᠭ᠎ᠢ᠂ ᠳᠤᠮᠳᠠᠳᠤ ᠵᠢᠨ ᠦᠨᠳᠦᠰᠦᠲᠡᠨ ᠪᠣᠯ ᠠᠤᠭ᠎ᠠ ᠶᠡᠬᠡ ᠮᠡᠳᠡᠷᠡᠬᠦᠢ ᠪᠠ ᠨᠢᠭᠲᠠᠷᠠᠯ᠎ᠤᠨ ᠬᠦᠴᠦᠨ᠎ᠲᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠭᠡᠳᠡᠭ᠎ᠢ᠂ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠵᠥᠪ ᠵᠠᠮ᠎ᠤᠨ ᠢᠯᠡᠷᠬᠡᠶ ᠳᠠᠪᠠᠭᠤᠯᠢᠭ ᠴᠢᠨᠠᠷ ᠵᠡᠷᠭᠡ ᠵᠢ ᠲᠣᠳᠣᠷᠬᠠᠶ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠡᠪᠳᠡᠷᠡᠰᠢ ᠦᠭᠡᠢ ᠪᠠᠲᠤ ᠪᠡᠬᠢ ᠪᠤᠯᠭ᠋ᠠᠬᠤ ᠬᠡᠷᠡᠭᠳᠡᠢ᠃
ᠬᠠᠤᠯᠢ ᠵᠠᠷᠯᠠᠯ᠎ᠢ ᠬᠡᠷᠡᠭᠵᠢᠭᠦᠯᠦᠪᠡᠰᠦ ᠤᠯᠤᠰ ᠬᠦᠷᠦᠨ ᠲᠦᠪᠰᠢᠷᠡᠵᠦ᠂ ᠬᠠᠤᠯᠢ ᠵᠠᠷᠯᠠᠯ ᠰᠤᠯᠠᠷᠠᠪᠠᠰᠤ ᠤᠯᠤᠰ ᠬᠦᠷᠦᠨ ᠰᠠᠮᠠᠭᠤᠷᠠᠮᠤᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠠᠤᠯᠢ ᠲᠦᠷᠢᠮ᠎ᠤᠨ ᠪᠦᠲᠦᠭᠡᠨ ᠪᠠᠢ᠌ᠭᠤᠯᠤᠯᠲᠠ ᠪᠣᠯ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠬᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠬᠠᠤᠯᠢ ᠴᠠᠭ᠋ᠠᠵᠠ᠎ᠪᠠᠷ ᠪᠠᠲᠤᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠠᠤᠯᠢ᠎ᠪᠠᠷ ᠵᠠᠰᠠᠬᠤ ᠰᠠᠭᠤᠷᠢ ᠵᠢ ᠪᠡᠬᠢᠵᠢᠬᠦᠯᠬᠦ ᠵᠢᠨ ᠴᠢᠬᠤᠯᠠ ᠠᠷᠭ᠎ᠠ ᠬᠡᠮᠵᠢᠢ᠎ᠡ ᠮᠥᠨ᠂ ᠲᠡᠷᠡ᠎ᠨᠢ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠥ ᠲᠠᠯ᠎ᠠ᠎ᠪᠠᠷ ᠪᠦᠳᠤᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠥ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠬᠠᠤᠯᠢ ᠲᠦᠷᠢᠮ᠎ᠤᠨ ᠪᠠᠲᠤᠯᠠᠭ᠎ᠠ ᠬᠠᠩᠭ᠋ᠠᠬᠤ᠎ᠨᠢ ᠯᠠᠪᠲᠠᠢ ᠶᠤᠮ᠃
(ᠵᠣᠬᠢᠶᠠᠭᠴᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠤ ᠵᠠᠨ ᠱᠧᠩ)
ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ