ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠲᠠᠭ᠋ᠠᠯ》᠎ᠳᠤ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠦᠷᠢᠮ ᠲᠤᠭᠳᠠᠴᠠ ᠵᠢ ᠪᠠᠢ᠌ᠭᠤᠯᠤᠨ ᠪᠦᠷᠢᠨᠰᠢᠭᠦᠯᠵᠤ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭ᠋ᠠᠳᠬᠠᠬᠤ ᠬᠡᠷᠡᠭᠲᠡᠶ》 ᠭᠡᠵᠦ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢᠮᠠᠳᠤᠭ᠋ᠠᠷ ᠪᠥᠬᠥᠳᠡ ᠬᠤᠷᠠᠯ᠎ᠠᠴᠠ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠡᠭᠦᠷᠭᠡ ᠵᠢ ᠨᠡᠡᠭ ᠬᠦᠨᠵᠡᠬᠡᠢ ᠲᠣᠳᠣᠷᠬᠠᠢ᠌ᠯᠠᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠰᠤᠷᠤᠯᠴᠠᠨ ᠲᠤᠭᠤᠰᠢᠯᠠᠭᠤᠯᠬᠤ᠂ ᠦᠨᠳᠦᠰᠦᠲᠡᠨ᠎ᠤ ᠠᠵᠢᠯ᠎ᠤᠨ ᠴᠠᠷᠠᠭ᠎ᠠ ᠬᠦᠷᠢᠶᠡᠨ᠎ᠳᠠᠬᠢ ᠥᠭᠡᠷᠡᠴᠢᠯᠡᠯᠲᠡ ᠵᠢ ᠬᠡᠷᠬᠢᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠬᠡᠷᠬᠢᠨ ᠯᠠᠪᠳᠠᠭᠤᠨ ᠪᠠᠲᠤᠲᠠᠶ ᠠᠬᠢᠭᠤᠯᠬᠤ ᠲᠤᠬᠠᠢ ᠣᠢ᠌ᠷ᠎ᠠ᠎ᠳᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ ᠭᠣᠤ ᠵᠠᠨ ᠱᠧᠩ᠎ᠢ ᠰᠤᠷᠪᠤᠯᠵᠢᠯᠠᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠦᠷᠢᠮ ᠲᠤᠭᠳᠠᠴᠠ ᠵᠢ ᠪᠠᠢ᠌ᠭᠤᠯᠤᠨ ᠪᠦᠷᠢᠨᠰᠢᠬᠦᠯᠬᠦ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠶᠠᠮᠠᠷ ᠶᠠᠮᠠᠷ ᠰᠢᠨ᠎ᠡ ᠵᠢ ᠡᠭᠦᠳᠬᠦ ᠴᠢᠨᠠᠷᠲᠠᠶ ᠠᠵᠢᠯ᠎ᠢ ᠥᠷᠨᠢᠭᠦᠯᠦᠭᠰᠡᠨ ᠪᠣᠶ?
ᠭᠤᠤ ᠵᠠᠨ ᠱᠧᠩ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠰᠢᠨᠵᠢᠯᠡᠨ ᠪᠠᠢ᠌ᠴᠠᠭ᠋ᠠᠬᠤ᠎ᠳᠤ ᠳᠤᠷᠠᠳᠤᠭᠰᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠤᠨ᠎ᠠ᠂ ᠮᠥᠨ ᠴᠦ᠍ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠮᠥᠨ》 ᠭᠡᠬᠦ ᠤᠤᠭ᠋ᠠᠯ ᠡᠭᠦᠳᠦᠯᠲᠡ ᠵᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ ᠵᠢ ᠬᠦᠨᠵᠡᠬᠡᠢ ᠰᠤᠷᠤᠯᠴᠠᠵᠤ ᠨᠠᠷᠢᠯᠢᠭ ᠤᠬᠠᠮᠰᠠᠷᠯᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠨᠡᠢ᠌ᠳᠡᠯᠡᠵᠦ᠂ 28 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠲᠤᠭᠳᠠᠭ᠋ᠠᠵᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠠᠷᠢᠭᠤᠴᠠᠯᠭ᠎ᠠ ᠵᠢᠨ ᠲᠤᠭᠳᠠᠯᠴᠠᠭ᠎ᠠ ᠪᠠ ᠠᠭᠤᠰᠤᠯᠴᠠᠭ᠎ᠠ ᠵᠢ ᠠᠬᠢᠭᠤᠯᠬᠤ ᠳᠦᠷᠢᠮ ᠲᠤᠭᠳᠠᠴᠠ ᠵᠢ ᠪᠠᠢ᠌ᠭᠤᠯᠤᠨ ᠳᠡᠬᠦᠯᠳᠡᠷᠵᠢᠬᠦᠯᠵᠦ᠂ ᠣᠷᠣᠨ ᠳᠠᠶᠠᠭ᠋ᠠᠷ ᠶᠠᠮᠠᠷ ᠠᠵᠢᠯ᠎ᠢ ᠲᠦᠯᠦᠪᠯᠡᠭᠰᠡᠨ ᠴᠦ᠍᠂ ᠶᠠᠮᠠᠷ ᠰᠢᠢᠳᠪᠦᠷᠢ ᠵᠢ ᠭᠠᠷᠭ᠋ᠠᠭᠰᠠᠨ ᠴᠦ᠍᠂ ᠶᠠᠮᠠᠷ ᠠᠵᠢᠯ᠎ᠢ ᠬᠢᠭᠰᠡᠨ ᠴᠦ᠍ ᠢᠮᠠᠭᠳᠠ ᠭᠣᠣᠯ ᠰᠢᠵᠢᠮ᠎ᠲᠠᠢ ᠨᠢᠭᠲᠠ ᠤᠶᠠᠯᠳᠤᠭᠤᠯᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢᠮᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠲᠤᠬᠠᠶ ᠲᠣᠭᠲᠠᠭ᠋ᠠᠯ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠱᠤᠭᠤᠮ᠎ᠢ ᠪᠥᠬᠥ ᠲᠠᠯ᠎ᠠ᠎ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠵᠢ ᠠᠬᠢᠭᠤᠯᠬᠤ ᠲᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠰᠤᠳᠤᠯᠭ᠋ᠠᠨ᠎ᠤ ᠲᠠᠢ᠌ᠯᠪᠤᠷᠢᠯᠠᠯᠲᠠ ᠵᠢ ᠭᠦᠨᠵᠡᠭᠡᠢ᠌ᠷᠡᠭᠦᠯᠬᠦ ᠳᠡᠭᠡᠷ᠎ᠡ ᠬᠦᠴᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠪᠠᠢ᠌ᠩᠭᠤᠵᠢᠭᠰᠠᠨ ᠲᠤᠭᠳᠠᠴᠠ ᠵᠢ ᠪᠠᠢ᠌ᠭᠤᠯᠤᠨ ᠪᠦᠷᠢᠨᠰᠢᠬᠦᠯᠬᠦ ᠳᠡᠭᠡᠷ᠎ᠡ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢ᠌ᠪᠠ᠃
ᠶᠠᠭᠤᠨ᠎ᠤ ᠡᠮᠦᠨ᠎ᠡ᠂ ᠣᠨᠣᠯ᠎ᠤᠨ ᠰᠤᠳᠤᠯᠭ᠋ᠠᠨ ᠵᠶ᠋ᠠᠷ ᠬᠦᠴᠦᠨ ᠨᠡᠮᠡᠷᠢᠯᠡᠬᠦ ᠠᠵᠢᠯᠯᠠᠭ᠎ᠠ ᠵᠢ ᠦᠷᠨᠢᠬᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠢ ᠦᠷᠭᠡᠳᠬᠡᠬᠦ ᠴᠢᠨᠠᠷ᠎ᠢ ᠳᠡᠭᠡᠭᠰᠢᠯᠡᠭᠦᠯᠬᠦ ᠦᠷ᠎ᠡ ᠠᠰᠢᠭ᠎ᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠰᠤᠳᠤᠯᠭ᠋ᠠᠨ᠎ᠤ (ᠪᠤᠯᠪᠠᠰᠤᠷᠠᠭᠤᠯᠬᠤ) ᠰᠠᠭᠤᠷᠢᠨ ᠭᠠᠵᠠᠷ᠎ᠢ 8᠎ᠠᠴᠠ 19 ᠪᠤᠯᠭ᠋ᠠᠨ ᠨᠡᠮᠡᠭᠳᠡᠬᠦᠯᠵᠦ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠥᠪ᠎ᠢ ᠪᠠᠢ᠌ᠭᠤᠯᠵᠤ᠂ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠣᠯᠪᠣᠭ᠎ᠠ ᠵᠢ ᠪᠠᠢ᠌ᠭᠤᠯᠬᠤ᠂ 《ᠰᠤᠳᠤᠯᠭ᠋ᠠᠨ᠎ᠤ ᠲᠥᠪ + ᠰᠠᠭᠤᠷᠢᠨ ᠭᠠᠵᠠᠷ᠎ᠤᠨ ᠬᠣᠯᠪᠣᠭ᠎ᠠ + ᠰᠤᠳᠤᠯᠭ᠋ᠠᠨ᠎ᠤ ᠰᠠᠭᠤᠷᠢᠨ ᠭᠠᠵᠠᠷ》᠎ᠤᠨ ᠠᠵᠢᠯ᠎ᠤᠨ ᠲᠤᠭᠳᠠᠴᠠ ᠵᠢ ᠪᠦᠷᠢᠳᠦᠭᠦᠯᠵᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠣᠳᠤᠯᠭ᠎ᠠ ᠪᠠ ᠤᠬᠠᠭᠤᠯᠭ᠎ᠠ ᠲᠠᠢ᠌ᠯᠪᠤᠷᠢᠯᠠᠯᠲᠠ ᠵᠢ ᠴᠢᠩᠭ᠋ᠠᠳᠬᠠᠵᠤ᠂ 200 ᠭᠠᠷᠤᠶ ᠡᠷᠳᠡᠮ ᠰᠢᠨᠵᠢᠯᠡᠭᠡᠨ᠎ᠤ ᠵᠣᠬᠢᠶᠠᠯ ᠨᠡᠢ᠌ᠳᠡᠯᠡᠬᠦᠯᠵᠦ᠂ 13 ᠳᠡᠪᠳᠡᠷ ᠲᠤᠰᠬᠠᠢ ᠪᠦᠳᠦᠬᠡᠯ ᠬᠡᠪᠯᠡᠬᠦᠯᠵᠦ᠂ ᠳᠡᠭᠡᠳᠦ ᠱᠠᠲᠤᠨ᠎ᠤ ᠤᠳᠤᠷᠢᠳᠤᠯᠭ᠎ᠠ᠎ᠳᠤ ᠴᠣᠬᠤᠪᠤᠷᠢᠯᠠᠭᠳᠠᠭᠰᠠᠨ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠠᠰᠢᠭᠯᠠᠭᠳᠠᠭᠰᠠᠨ ᠪᠠᠢ᠌ᠴᠠᠭ᠋ᠠᠨ ᠰᠤᠳᠤᠯᠤᠯᠲᠠ ᠰᠢᠢᠳᠪᠦᠷᠢᠲᠦ ᠪᠣᠳᠣᠯᠭ᠎ᠠ ᠯᠠᠪᠯᠠᠯᠭ᠎ᠠ ᠮᠡᠳᠡᠭᠦᠯᠦᠯᠲᠡ᠎ᠨᠢ 40 ᠬᠤᠪᠢ ᠪᠤᠶ᠃ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲᠸᠷᠢᠶᠡᠯ· ᠥᠪᠥᠷ ᠮᠣᠩᠭᠣᠯ᠎ᠤᠨ ᠪᠤᠳᠢ》᠎ᠳᠤ ᠨᠢᠬᠡᠨᠳᠡ 774 ᠲᠦᠮᠡᠨ ᠦᠰᠦᠭ᠎ᠤᠨ ᠳᠡᠦᠬᠡᠨ ᠮᠠᠲᠸᠷᠢᠶᠡᠯᠢ ᠨᠠᠢ᠌ᠷᠠᠭᠤᠯᠵᠤ ᠡᠮᠬᠢᠳᠬᠡᠵᠦ ᠣᠷᠤᠭᠤᠯᠤᠭᠰᠠᠨ ᠪᠠ ᠳ᠋ᠠᠢ᠌ᠲ᠋ᠠ ᠬᠥᠮᠥᠷᠭᠡ᠎ᠳᠤ ᠣᠷᠤᠭᠤᠯᠤᠭ᠋ᠠᠳ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠳᠡᠦᠬᠡᠨ ᠮᠠᠲᠸᠷᠢᠶᠠᠯ᠎ᠤᠨ ᠲᠤᠭᠳᠠᠯᠴᠠᠭ᠎ᠠ᠂ ᠦᠭᠡ ᠶᠠᠷᠢᠶᠠᠨ᠎ᠤ ᠲᠤᠭᠳᠠᠯᠴᠠᠭ᠎ᠠ᠂ ᠤᠨᠤᠯ᠎ᠤᠨ ᠲᠤᠭᠳᠠᠯᠴᠠᠭ᠎ᠠ ᠵᠢ ᠪᠠᠢ᠌ᠭᠤᠯᠬᠤ᠎ᠳᠤ ᠬᠦᠴᠦᠨ ᠨᠡᠮᠡᠷᠢᠯᠡᠪᠡ᠃
ᠳᠠᠷᠠᠭ᠋ᠠᠯᠠᠪᠠᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠨᠡᠢ᠌ᠳᠡᠮᠵᠢᠭᠦᠯᠬᠦ ᠠᠵᠢᠯᠯᠠᠭ᠎ᠠ ᠵᠢ ᠦᠷᠨᠢᠬᠦᠯᠵᠦ᠂ ᠪᠥᠬᠥ ᠤᠯᠤᠰ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠠᠵᠢᠯ᠎ᠤᠨ ᠲᠥᠰᠦᠯ᠎ᠢ ᠲᠦᠷᠦᠭᠦᠯᠡᠨ ᠲᠤᠭᠳᠠᠭ᠋ᠠᠨ ᠲᠠᠷᠬᠠᠭ᠋ᠠᠵᠦ᠂ ᠰᠠᠭᠤᠷᠢᠨ ᠭᠠᠵᠠᠷ᠎ᠢ ᠨᠡᠷᠡᠢ᠌ᠳᠬᠦ ᠬᠠᠮᠢᠶᠠᠷᠤᠯᠲᠠ ᠵᠢᠨ ᠠᠷᠭ᠎ᠠ ᠪᠣᠯᠤᠨ ᠦᠨᠡᠯᠡᠨ ᠲᠣᠭᠲᠠᠭ᠋ᠠᠵᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠲᠤᠭᠳᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠣᠳᠣ ᠵᠢᠨ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ ᠪᠣᠯᠤᠨ ᠡᠯ᠎ᠡ ᠱᠠᠲᠤᠨ᠎ᠤ ᠡᠯ᠎ᠡ ᠲᠥᠷᠥᠯ᠎ᠤᠨ ᠮᠦᠽᠧᠶ᠂ ᠦᠵᠡᠰᠬᠦᠯᠡᠩ᠎ᠤᠨ ᠣᠷᠳᠣᠨ᠂ ᠭᠣᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ᠎ᠢ ᠭᠦᠢ᠍ᠴᠡᠳ ᠠᠰᠢᠭᠯᠠᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠦᠷᠦᠭᠦᠦ ᠪᠦᠯᠦᠭ᠎ᠤᠨ 26 ᠬᠥᠮᠦᠵᠢᠯ ᠦᠢᠯᠡᠳᠦᠯᠭᠡ ᠵᠢᠨ ᠰᠠᠭᠤᠷᠢᠨ ᠭᠠᠵᠠᠷ᠎ᠢ ᠨᠡᠷᠡᠢ᠌ᠳᠴᠦ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ᠎ᠲᠠᠭᠠᠨ ᠤᠷᠤᠭᠰᠢᠯᠠᠬᠤ》 ᠭᠣᠤᠯ ᠰᠡᠳᠦᠪᠲᠦ ᠤᠬᠠᠭᠤᠯᠭ᠎ᠠ ᠲᠠᠢ᠌ᠯᠪᠤᠷᠢᠯᠠᠯᠲᠠ ᠪᠠ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠳᠤ ᠦᠢ᠍ᠯᠡᠴᠢᠯᠡᠬᠦ ᠠᠵᠢᠯᠯᠠᠭ᠎ᠠ ᠵᠢ 8249 ᠳᠠᠯᠠᠪᠠᠢ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠠᠭᠤᠴᠢᠯᠠᠭᠤᠷ᠎ᠲᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠲᠤᠰᠬᠠᠶ ᠪᠤᠯᠤᠩ᠎ᠢ ᠲᠣᠬᠢᠷᠠᠭᠤᠯᠬᠤ ᠵᠢ ᠵᠣᠬᠢᠴᠠᠭᠤᠯᠵᠤ᠂ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠳᠣᠲᠣᠭ᠋ᠠᠳᠤ ᠮᠠᠲ᠋ᠧᠷᠢᠶᠠᠯ᠎ᠢ ᠡᠬᠦᠰᠬᠡᠨ ᠪᠠᠢ᠌ᠭᠤᠯᠵᠤ᠂ 《ᠬᠦᠰᠡᠯ ᠵᠡᠭᠦᠳᠦ᠎ᠪᠠᠨ ᠴᠣᠭᠴᠠᠯᠠᠵᠤ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ》 ᠬᠡᠬᠦ 7 ᠪᠦᠯᠦᠭ᠎ᠲᠦ ᠲᠣᠮᠣ ᠬᠡᠯᠪᠡᠷᠢ ᠵᠢᠨ ᠬᠠᠮ ᠵᠠᠭᠤᠴᠢᠯᠠᠭᠤᠷ᠎ᠤᠨ ᠫᠷᠤᠭ᠌ᠷᠠᠮ᠎ᠢ ᠦᠢ᠍ᠯᠡᠳᠴᠦ᠂ ᠦᠵᠡᠭᠰᠡᠨ ᠬᠥᠮᠦᠨ᠎ᠤ ᠲᠣᠭ᠎ᠠ᠎ᠨᠢ 5000 ᠲᠦᠮᠡ᠎ᠳᠤ ᠬᠦᠷᠴᠠᠢ᠃ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠤᠬᠠᠭᠤᠯᠭ᠎ᠠ ᠵᠢᠨ ᠨᠡᠷᠡᠲᠦ ᠳᠡᠮᠳᠡᠭᠳᠦ 《ᠲᠤᠮᠳᠠᠳᠤ ᠵᠢ ᠦᠬᠦᠯᠡᠬᠦᠢ》 ᠵᠢᠨ ᠥᠪᠥᠷ ᠮᠣᠩᠭᠣᠯ᠎ᠤᠨ ᠠᠶᠠᠯᠠᠯ᠎ᠢ ᠶᠡᠬᠡ᠎ᠪᠠᠷ ᠠᠬᠢᠭᠤᠯᠵᠤ᠂ 《ᠵᠢᠷᠭᠤᠭ᠋ᠠᠨ ᠦᠭᠦᠯᠡᠮᠵᠢ ᠵᠢᠨ ᠪᠣᠳᠠᠲᠤ ᠶᠠᠪᠤᠳᠠᠯ ᠪᠠ ᠶᠣᠰᠣ ᠵᠦᠢ》 ᠵᠢ ᠲᠣᠳᠣᠷᠬᠠᠶ ᠶᠠᠷᠢᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠬᠠᠮᠲᠤ ᠨᠡᠢ᠌ᠳᠡ ᠵᠢᠨ ᠤᠬᠠᠮᠰᠠᠷ᠂ ᠡᠵᠡᠨ ᠬᠥᠮᠦᠨ᠎ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠵᠶ᠋ᠠᠨ ᠬᠠᠢ᠌ᠷᠠᠯᠠᠬᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠪᠠᠳᠤ ᠪᠡᠬᠢ ᠪᠤᠢ ᠪᠤᠯᠭ᠋ᠠᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠶᠠᠮᠠᠷ ᠶᠠᠮᠠᠷ ᠠᠵᠢᠯ᠎ᠢ ᠥᠷᠨᠢᠭᠦᠯᠦᠭᠰᠡᠨ ᠪᠣᠶ?
ᠭᠣᠤ ᠵᠠᠨ ᠱᠧᠩ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠨᠢ ᠦᠨᠳᠦᠰᠦᠲᠡᠨ᠎ᠤ ᠪᠦᠯᠬᠦᠮᠳᠡᠯ ᠠᠭᠤᠰᠤᠯᠴᠠᠭ᠎ᠠ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠠᠵᠢᠯ᠎ᠤᠨ ᠲᠠᠰ ᠳᠡᠪᠰᠢᠭᠰᠡᠨ ᠬᠡᠪ᠎ᠢ ᠪᠥᠬᠥ ᠬᠦᠴᠦᠨ ᠵᠶ᠋ᠡᠷ ᠵᠶ᠋ᠡᠨ ᠴᠣᠭᠴᠠᠯᠠᠵᠤ᠂ ᠡᠭᠦᠳᠦᠨ ᠪᠠᠢ᠌ᠭᠤᠯᠬᠤ ᠠᠵᠢᠯ᠎ᠤᠨ 《8 + N᠎ᠳᠤ ᠣᠷᠤᠭᠤᠯᠬᠤ》 ᠵᠢ ᠠᠬᠢᠭᠤᠯᠵᠤ᠂ ᠡᠭᠦᠳᠦᠨ ᠪᠠᠢ᠌ᠭᠤᠯᠬᠤ ᠠᠵᠢᠯ᠎ᠤᠨ 96 ᠭᠣᠤᠯᠳᠠᠯᠭ᠎ᠠ᠎ᠲᠠᠢ ᠲᠥᠷᠥᠯ ᠵᠦᠢᠯ᠎ᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠡᠭᠦᠳᠦᠨ ᠪᠠᠢ᠌ᠭᠤᠯᠬᠤ ᠠᠵᠢᠯ᠎ᠤᠨ 396 ᠨᠡᠷᠡᠲᠦ ᠳᠡᠮᠳᠡᠭ᠎ᠢ ᠰᠠᠨᠠᠭ᠋ᠠᠴᠢᠯᠡᠨ ᠡᠬᠢᠯᠡᠬᠦᠯᠪᠠ᠃ ᠣᠷᠣᠨ ᠪᠦᠰᠡ ᠠᠯᠤᠰᠯᠠᠨ ᠡᠭᠦᠳᠦᠨ ᠪᠠᠢ᠌ᠭᠤᠯᠬᠤ ᠠᠵᠢᠯ᠎ᠤᠨ 165 ᠬᠠᠮᠵᠢᠯᠴᠠᠬᠤ ᠲᠥᠷᠥᠯ ᠵᠦᠢᠯ᠎ᠢ ᠥᠷᠨᠢᠭᠦᠯᠵᠦ᠂ ᠡᠭᠦᠳᠦᠨ ᠪᠠᠢ᠌ᠭᠤᠯᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠨᠡᠢ᠌ᠲᠡ 1167 ᠬᠤᠭᠤᠴᠠᠭ᠎ᠠ ᠡᠷᠭᠢᠯᠡᠵᠦ᠂ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠠᠵᠢᠯᠯᠠᠭ᠎ᠠ ᠵᠢ 113 ᠤᠳᠠᠭ᠎ᠠ ᠥᠷᠨᠢᠭᠦᠯᠵᠦ᠂ ᠡᠭᠦᠳᠦᠨ ᠪᠠᠢ᠌ᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠡᠨᠡ ᠵᠢᠯ᠎ᠤᠨ 9 ᠳ᠋ᠤᠬᠡᠷ ᠰᠠᠷ᠎ᠠ᠎ᠳᠤ ᠪᠥᠬᠥ ᠣᠷᠣᠨ᠎ᠤ 14 ᠬᠠᠮᠲᠤ ᠨᠡᠢ᠌ᠳᠡ ᠪᠠ 17 ᠬᠤᠪᠢ ᠬᠥᠮᠦᠨ᠎ᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠬᠠᠮᠲᠤ ᠨᠡᠢ᠌ᠳᠡ ᠪᠠ ᠵᠢᠱ᠌ᠢᠶᠡᠴᠢ ᠬᠤᠪᠢ ᠬᠥᠮᠦᠨ᠎ᠤ ᠴᠣᠯᠠ ᠵᠢ ᠣᠯᠭᠣᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠦᠢ᠍ᠯᠡ ᠠᠵᠢᠯᠯᠠᠭ᠎ᠠ ᠵᠢᠨ ᠤᠬᠠᠭᠤᠯᠤᠨ ᠲᠠᠢ᠌ᠯᠪᠤᠷᠢᠯᠠᠬᠤ ᠮᠡᠳᠡᠭᠦᠯᠦᠯᠲᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠪᠠᠢ᠌ᠭᠤᠯᠭ᠎ᠠ ᠨᠢᠬᠡᠴᠢ᠎ᠳᠤ ᠣᠷᠣᠭᠤᠯᠬᠤ᠂ ᠠᠵᠤ ᠠᠬᠤᠢ᠌ᠯᠠᠯ ᠪᠠ ᠦᠨᠳᠦᠰᠦᠨ ᠱᠠᠲᠤᠨ᠎ᠤ ᠠᠵᠢᠯ᠎ᠳᠤ ᠣᠷᠣᠭᠤᠯᠬᠤ ᠵᠢ ᠭᠦᠨᠵᠡᠭᠡᠢ ᠥᠷᠨᠢᠭᠦᠯᠵᠦ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠳᠡᠷᠭᠡᠳᠡᠬᠢ ᠦᠯᠢᠭᠡᠷ᠎ᠢ ᠰᠠᠢ᠌ᠲᠤᠷ ᠶᠠᠷᠢᠬᠤ》 ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠡᠷᠬᠢᠯᠡᠵᠦ᠂ ᠬᠥᠮᠦᠨ ᠪᠦᠬᠦᠨ ᠵᠢᠱ᠌ᠢᠶᠡᠴᠢ ᠵᠢ ᠡᠷᠬᠢᠮᠯᠡᠬᠦ᠂ ᠵᠢᠱ᠌ᠢᠶᠡᠴᠢ᠎ᠠᠴᠠ ᠰᠤᠷᠤᠯᠴᠠᠬᠤ᠂ ᠵᠢᠱ᠌ᠢᠶᠡᠴᠢ ᠪᠣᠯᠬᠤ᠎ᠪᠠᠷ ᠴᠢᠷᠮᠠᠢ᠌ᠬᠤ ᠰᠠᠢ᠌ᠨ ᠰᠠᠢ᠌ᠬᠠᠨ ᠨᠡᠢ᠌ᠭᠡᠮ᠎ᠤᠨ ᠠᠬᠤᠢ ᠨᠦᠭᠦᠴᠡᠯ᠎ᠢ ᠢᠳᠡᠪᠬᠢᠲᠡᠢ ᠪᠤᠢ ᠪᠤᠯᠭ᠋ᠠᠪᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠢᠬᠢᠳᠬᠡᠯᠳᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ᠂ ᠵᠢᠭᠤᠯᠴᠢᠯᠠᠯ ᠵᠶ᠋ᠡᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠢᠬᠢᠳᠬᠡᠯᠳᠦ ᠮᠠᠶᠢᠭ᠎ᠤᠨ ᠬᠥᠭᠵᠢᠯᠲᠡ ᠵᠢᠨ 165 ᠲᠥᠷᠥᠯ ᠵᠦᠢᠯ᠎ᠢ ᠪᠥᠲᠥᠭᠡᠨ ᠪᠠᠢ᠌ᠭᠤᠯᠵᠤ᠂ ᠰᠢᠬᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠢ᠌ᠭᠡᠮ᠎ᠤᠨ ᠨᠥᠬᠥᠴᠡᠯ᠎ᠢ ᠢᠳᠡᠪᠬᠢᠲᠡᠶ ᠡᠭᠦᠳᠪᠡ᠃ 60 ᠲᠦᠮᠡ ᠰᠢᠬᠠᠮ ᠵᠠᠯᠠᠭᠤᠴᠤᠳ ᠪᠠᠭ᠋ᠠᠴᠤᠳ᠎ᠢ ᠵᠣᠬᠢᠶᠠᠨ ᠪᠠᠢ᠌ᠭᠤᠯᠵᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢᠨ ᠠᠵᠢᠯᠯᠠᠭ᠎ᠠ᠎ᠳᠤ ᠣᠷᠣᠯᠴᠠᠭᠤᠯᠪᠠ᠃ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠦᠨ᠎ᠡ ᠥᠷᠲᠡᠭ᠎ᠤᠨ ᠠᠭᠤᠯᠤᠭᠳᠠᠬᠤᠨ᠎ᠢ ᠳᠡᠭᠡᠭᠰᠢᠯᠡᠭᠦᠯᠦᠨ ᠨᠡᠮᠡᠭᠳᠡᠭᠦᠯᠬᠦ 6 ᠵᠦᠢᠯ᠎ᠤᠨ ᠠᠵᠢᠯᠯᠠᠭ᠎ᠠ ᠵᠢ ᠥᠷᠨᠢᠭᠦᠯᠵᠦ᠂ ᠬᠤᠪᠢᠰᠬᠠᠯᠴᠢ ᠵᠢᠭᠤᠯᠴᠢᠯᠠᠯ᠂ ᠬᠥᠳᠡᠭᠡ ᠲᠣᠰᠬᠣᠨ᠎ᠤ ᠵᠢᠭᠤᠯᠴᠢᠯᠠᠯ᠂ ᠬᠢᠯᠢ ᠬᠢᠵᠠᠭ᠋ᠠᠷ᠎ᠤᠨ ᠵᠢᠭᠤᠯᠴᠢᠯᠠᠯ᠂ ᠵᠠᠩ ᠦᠢᠯᠡ ᠵᠢᠨ ᠵᠢᠭᠤᠯᠴᠢᠯᠠᠯ ᠵᠡᠷᠭᠡ ᠦᠨᠳᠦᠰᠦᠲᠡᠨ᠎ᠤ ᠪᠦᠯᠬᠦᠮᠳᠡᠯ᠎ᠤᠨ 227 ᠰᠣᠳᠣᠨ ᠱᠤᠭᠤᠮ᠎ᠢ ᠭᠠᠷᠭ᠋ᠠᠵᠤ᠂ 7 ᠲᠥᠷᠥᠯ ᠵᠦᠢᠯ᠎ᠨᠢ ᠤᠯᠤᠰ᠎ᠤᠨ 《ᠭᠤᠷᠪᠠᠨ ᠲᠦᠷᠦᠯ᠎ᠤᠨ ᠲᠦᠯᠦᠪᠯᠡᠭᠡ》 ᠵᠢᠨ ᠰᠢᠯᠢᠳᠡᠭ ᠲᠥᠷᠥᠯ ᠵᠦᠢᠯ᠎ᠳᠤ ᠰᠣᠩᠭᠣᠭᠳᠠᠨ ᠣᠷᠣᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠨ ᠵᠠᠶ᠂ ᠰᠣᠶᠣᠯ᠂ ᠠᠵᠤ ᠠᠬᠤᠶ᠂ ᠨᠡᠢ᠌ᠭᠡᠮ᠂ ᠰᠡᠳᠬᠢᠴᠡ ᠵᠡᠷᠭᠡ᠎ᠳᠤ ᠪᠥᠬᠥ ᠲᠠᠯ᠎ᠠ᠎ᠪᠠᠷ ᠰᠢᠭᠢᠳᠬᠡᠬᠦ ᠵᠢ ᠠᠬᠢᠭᠤᠯᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠄ ᠦᠨᠳᠦᠰᠦᠲᠡᠨ᠎ᠤ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠤᠭᠳᠠᠯᠴᠠᠭ᠎ᠠ ᠵᠢ ᠲᠡᠭᠦᠯᠳᠡᠷᠵᠢᠭᠦᠯᠬᠦ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠶᠠᠮᠠᠷ ᠶᠠᠮᠠᠷ ᠠᠵᠢᠯ᠎ᠢ ᠥᠷᠨᠢᠭᠦᠯᠦᠭᠰᠡᠨ ᠪᠣᠶ?
ᠭᠣᠤ ᠵᠠᠨ ᠱᠧᠩ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》 ᠪᠠ 《ᠵᠠᠰᠠᠭ ᠵᠠᠬᠢᠷᠭ᠋ᠠᠨ᠎ᠤ ᠲᠦᠷᠢᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠤ ᠠᠵᠢᠯ᠎ᠤᠨ ᠵᠦᠭᠯᠡᠭᠦᠷ》᠎ᠢ ᠲᠣᠭᠲᠠᠭ᠋ᠠᠵᠤ᠂ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠲᠦᠷᠢᠮᠵᠢᠯ᠎ᠤᠨ ᠴᠢᠨᠠᠷᠲᠠᠶ 63 ᠬᠤᠪᠢ ᠪᠢᠴᠢᠭ ᠮᠠᠲ᠋ᠧᠷᠢᠶᠠᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠤᠷᠢᠳᠠᠴᠢ ᠬᠢᠨᠠᠨ ᠬᠠᠷᠭᠤᠭᠤᠯᠬᠠ ᠬᠢᠵᠦ᠂ ᠡᠯ᠎ᠡ ᠲᠦᠷᠦᠯ᠎ᠤᠨ ᠠᠵᠢᠯ᠎ᠤᠨ ᠭᠣᠤᠯ ᠱᠤᠭᠤᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠯᠡᠬᠦ ᠵᠢ ᠠᠬᠢᠭᠤᠯᠪᠠ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠵᠢ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠳᠤ ᠤᠷᠤᠭᠤᠯᠬᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠢ ᠲᠣᠤᠷᠵᠢᠭᠤᠯᠤᠭᠰᠠᠨ ᠦᠢᠯᠡᠴᠢᠯᠡᠭᠡ ᠬᠠᠮᠢᠶᠠᠷᠤᠯᠲᠠ᠎ᠳᠤ ᠣᠷᠤᠭᠤᠯᠬᠤ ᠵᠢ ᠵᠢᠯᠤᠭᠤᠳᠤᠨ ᠠᠬᠢᠭᠤᠯᠪᠠ᠃ 《ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》᠂ 《ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠠᠵᠢᠯ᠎ᠢ ᠰᠢᠨ᠎ᠡ ᠡᠭᠦᠳᠦᠯᠲᠡ᠎ᠲᠠᠢ᠎ᠪᠠᠷ ᠥᠷᠨᠢᠭᠦᠯᠵᠦ᠂ ᠪᠥᠬᠥ ᠣᠷᠣᠨ᠎ᠳᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠡᠯ᠎ᠡ ᠲᠥᠷᠥᠯ᠎ᠤᠨ ᠠᠵᠢᠯᠯᠠᠭ᠎ᠠ ᠵᠢ ᠨᠡᠢ᠌ᠲᠡ 3.5 ᠲᠦᠮᠡᠨ ᠤᠳᠠᠭ᠎ᠠ ᠡᠷᠭᠢᠯᠡᠵᠦ᠂ ᠭᠥᠯᠢᠶᠡᠨ ᠠᠪᠤᠭᠰᠠᠳ᠎ᠨᠢ 3000 ᠲᠦᠮᠡᠨ ᠬᠥᠮᠦᠨ ᠤᠳᠠᠭ᠎ᠠ ᠵᠢ ᠳᠠᠪᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ