ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ 《ᠬᠣᠶᠠᠷ ᠲᠣᠭᠲᠠᠴᠠ》 ᠵᠢᠨ ᠪᠦᠷᠢᠯᠳᠦᠭᠦᠨ (ᠬᠣᠯᠪᠣᠭ᠋ᠠᠴᠢᠨ)᠎ᠤ ᠪᠣᠯᠪᠠᠰᠤᠷᠠᠯ᠎ᠤᠨ ᠠᠩᠭᠢ ᠵᠦᠩ ᠨᠡᠨ ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠬᠢᠴᠢᠶᠡᠯ ᠡᠬᠢᠯᠡᠪᠡ
ᠨᠡᠶ᠋ᠢᠲᠡᠯᠡᠭᠰᠡᠨ ᠴᠠᠭ᠄ 2025-04-27

      ᠰᠢ ᠵᠢᠨ ᠫᠢᠩ  ᠶᠡᠷᠦᠩᠬᠡᠢ ᠱᠦᠵᠢ  ᠵᠢᠨ  ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ 《ᠬᠣᠶᠠᠷ ᠲᠣᠭᠲᠠᠴᠠ》 ᠵᠢᠨ ᠳᠠᠪᠠᠭᠤᠯᠢᠭ ᠪᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠠᠬᠢᠭᠤᠯᠵᠤ᠂  ᠦᠨᠳᠦᠰᠦᠲᠡᠨ᠎ᠤ ᠵᠥᠪᠯᠡᠯ᠎ᠤᠨ ᠲᠤᠰᠢᠶᠠᠯ ᠬᠠᠪᠰᠤᠷᠭ᠋ᠠᠭᠰᠠᠨ ᠭᠡᠰᠢᠭᠦᠨ (ᠪᠦᠷᠢᠯᠳᠦᠭᠦᠨ)  ᠪᠣᠯᠣᠨ ᠬᠣᠯᠪᠣᠭ᠋ᠠᠴᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠴᠢᠳᠠᠪᠤᠷᠢ ᠪᠣᠯᠣᠨ ᠬᠡᠪ   ᠪᠤᠯᠪᠠᠰᠤᠷᠠᠯ᠎ᠢ  ᠪᠦᠬᠦ ᠲᠠᠯ᠎ᠠ᠎ᠪᠠᠷ  ᠳᠡᠭᠡᠭᠰᠢᠯᠡᠭᠦᠯᠵᠦ᠂  ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠬᠦᠴᠦᠷᠬᠡᠭ ᠶᠡᠬᠡ  ᠨᠠᠢ᠌ᠯᠡᠮᠡᠯ  ᠬᠦᠴᠦᠨ᠎ᠢ ᠨᠢᠬᠳᠠᠷᠠᠭᠤᠯᠵᠦ᠂  ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂  ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠠᠮᠢᠶᠠᠷᠬᠤ᠂  ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂  ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ  ᠲᠤᠰᠢᠶᠠᠯ  ᠬᠠᠷᠢᠭᠤᠴᠠᠯᠭ᠎ᠠ᠎ᠪᠠᠨ ᠭᠦᠢ᠍ᠴᠡᠳᠬᠡᠬᠦ᠂  ᠡᠯ᠎ᠡ ᠰᠠᠯᠠᠭ᠎ᠠ ᠮᠥᠴᠢᠷ ᠬᠦᠴᠦ᠎ᠪᠠᠨ ᠬᠠᠮᠲᠤᠳᠬᠠᠨ ᠬᠠᠮᠲᠤᠷᠠᠯᠴᠠᠬᠤ᠂  ᠪᠦᠬᠦ ᠨᠡᠢ᠌ᠭᠡᠮ ᠵᠶ᠋ᠡᠷ ᠵᠶ᠋ᠡᠨ ᠬᠠᠮᠳᠤ᠎ᠪᠠᠷ ᠣᠷᠣᠯᠴᠠᠬᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢ᠌ᠷᠢᠰᠢᠯ᠎ᠢ ᠭᠦᠨᠵᠡᠭᠡᠢ᠌ᠷᠡᠭᠦᠯᠬᠦ ᠵᠢ ᠲᠠᠰᠤᠷᠠᠯᠲᠠ ᠦᠭᠡᠢ ᠠᠬᠢᠭᠤᠯᠬᠤ ᠵᠢᠨ ᠲᠦᠯᠦᠭᠡ᠂ 2025 ᠣᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠠᠴᠠ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ 《ᠬᠣᠶᠠᠷ ᠲᠣᠭᠲᠠᠴᠠ》 ᠵᠢᠨ ᠪᠦᠷᠢᠯᠳᠦᠭᠦᠨ (ᠬᠣᠯᠪᠣᠭ᠋ᠠᠴᠢᠨ)᠎ᠤ ᠪᠣᠯᠪᠠᠰᠤᠷᠠᠯ᠎ᠤᠨ ᠠᠩᠭᠢ   ᠵᠦᠩ ᠨᠡᠨ  ᠦᠨᠳᠦᠰᠦᠲᠡᠨ᠎ᠤ ᠶᠡᠬᠡ ᠰᠤᠷᠭ᠋ᠠᠭᠤᠯᠢ᠎ᠳᠤ ᠠᠮᠵᠢᠯᠲᠠ᠎ᠲᠠᠢ  ᠬᠢᠴᠢᠶᠡᠯ  ᠡᠬᠢᠯᠡᠪᠡ᠃ᠬᠢᠴᠢᠶᠡᠯ  ᠡᠬᠢᠯᠡᠬᠦ ᠶᠣᠰᠣᠯᠠᠯ ᠳᠡᠭᠡᠷ᠎ᠡ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠰᠦᠨ ᡁᠢ ᠴᠢᠶᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂  ᠵᠦᠩ ᠨᠡᠨ  ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂  ᠳᠡᠳ᠋ ᠵᠠᠬᠢᠷᠤᠯ ᠮᠠ ᠢᠦᠢ ᠲᠠᠩ ᠪᠠᠶᠠᠷ᠎ᠤᠨ ᠦᠭᠡ ᠬᠡᠯᠡᠵᠦ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂  ᠲᠤᠰᠬᠠᠢ ᠲᠤᠰᠢᠶᠠᠯᠲᠤ ᠭᠡᠰᠢᠭᠦᠨ᠂  ᠬᠣᠶᠠᠳᠤᠭ᠋ᠠᠷ ᠳᠡᠰ ᠎ᠤᠨ ᠲᠣᠭᠣᠷᠢᠨ ᠪᠠᠢ᠌ᠴᠠᠭ᠋ᠠᠭᠴᠢ ᠠᠯᠳᠠ ᠬᠤᠷᠠᠯ ᠡᠷᠭᠢᠯᠡᠪᠡ᠃ 

     图片1.png

      ᠲᠤᠰ ᠤᠳᠠᠭ᠋ᠠᠨ᠎ᠤ ᠪᠣᠯᠪᠠᠰᠤᠷᠠᠯ 4 ᠡᠳᠦᠷ  ᠶᠠᠪᠤᠠᠠᠳᠠᠬᠤ ᠮᠦᠷᠳᠡᠭᠡᠨ  ᠲᠤᠰᠬᠠᠢ ᠮᠡᠷᠭᠡᠵᠢᠯᠲᠡᠨ ᠲᠠᠢ᠌ᠯᠤᠮᠵᠢ ᠬᠢᠬᠦ᠂  ᠲᠤᠬᠠᠢ ᠵᠢᠨ ᠲᠠᠯᠠᠪᠤᠷ᠎ᠲᠤ ᠵᠢᠭ᠋ᠠᠨ ᠰᠤᠷᠭ᠋ᠠᠬᠤ ᠵᠡᠷᠭᠡ ᠬᠡᠯᠪᠡᠷᠢ ᠎ᠪᠠᠷ 《ᠰᠢ ᠵᠢᠨ ᠫᠢᠩ  ᠶᠡᠷᠦᠩᠬᠡᠢ ᠱᠦᠵᠢ  ᠵᠢᠨ  ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠬᠤ》᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ ᠵᠢᠴᠢ ᠦᠢ᠍ᠯᠡᠳᠦᠯᠭᠡ ᠵᠢᠨ ᠱᠠᠭ᠋ᠠᠷᠳᠠᠯᠭ᠎ᠠ》᠂ 《〈ᠬᠣᠶᠠᠷ ᠲᠣᠭᠲᠠᠴᠠ〉  ᠵᠢᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠦ᠂  ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ》᠂ 《ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢ ᠡᠵᠡᠮᠳᠡᠬᠦ ᠪᠠ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠤᠳᠤᠯᠤᠨ ᠮᠠᠭ᠋ᠠᠳᠯᠠᠬᠤ ᠴᠢᠳᠠᠪᠤᠷᠢ ᠵᠢ ᠳᠡᠭᠡᠭᠰᠢᠯᠡᠭᠦᠯᠬᠦ》᠂ 《ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ  ᠶᠤᠰᠤ᠎ᠪᠠᠷ  ᠵᠠᠰᠠᠬᠤ ᠵᠢ ᠪᠠᠷᠢᠮᠲᠠᠯᠠᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》᠂ 《ᠰᠣᠶᠣᠯ᠎ᠤᠨ ᠥᠪ ᠵᠶ᠋ᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠯᠢᠭᠡᠷ᠎ᠢ ᠰᠠᠢ᠌ᠲᠤᠷ ᠶᠠᠷᠢᠬᠤ》  ᠵᠡᠷᠭᠡ ᠠᠭᠤᠯᠭ᠎ᠠ ᠵᠢ ᠭᠦᠨᠵᠡᠭᠡᠢ ᠰᠤᠷᠤᠯᠴᠠᠨ   ᠰᠤᠯᠢᠯᠴᠠᠬᠤ ᠪᠤᠯᠤᠨ᠎ᠠ᠃ 

图片2.png

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠠᠵᠢᠯ᠎ᠤᠨ ᠵᠣᠬᠢᠴᠠᠭᠤᠯᠬᠤ ᠲᠣᠭᠲᠠᠴᠠ ᠵᠢᠨ ᠪᠦᠷᠢᠯᠳᠦᠭᠦᠨ (ᠬᠣᠯᠪᠣᠭ᠋ᠠᠴᠢᠨ)᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠲᠤᠰᠢᠶᠠᠯ ᠬᠠᠪᠰᠤᠷᠭ᠋ᠠᠭᠰᠠᠨ ᠭᠡᠰᠢᠭᠦᠨ (ᠬᠣᠯᠪᠣᠭ᠋ᠠᠴᠢᠨ)  ᠵᠢᠴᠢ ᠬᠤᠯᠪᠤᠬᠳᠠᠯ ᠪᠦᠬᠦᠢ ᠠᠵᠢᠯᠲᠠᠨ 50 ᠰᠢᠬᠠᠮ ᠬᠥᠮᠥᠨ ᠪᠣᠯᠪᠠᠰᠤᠷᠠᠯ᠎ᠳᠤ ᠣᠷᠣᠯᠴᠠᠵᠠᠢ᠃ 

     

 

 

ᠢᠷᠡᠯᠲᠡ᠄ ᠵᠤᠬᠢᠴᠠᠭᠤᠯᠤᠨ ᠠᠬᠢᠭᠤᠯᠬᠤ ᠭᠠᠵᠠᠷ