《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠨ ᠶᠠᠮᠤᠨ ᠵᠥᠪᠯᠡᠯ᠎ᠤᠨ 〈ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠬᠦ ᠲᠤᠬᠠᠶ ᠰᠠᠨᠠᠯ〉᠎ᠤᠨ ᠲᠥᠰᠦᠯ》᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠤᠨ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠠᠴᠠ ᠵᠢᠭ᠋ᠠᠨ ᠵᠢᠯᠣᠭᠣᠳᠴᠤ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠪᠠᠭ᠋ᠠᠴᠤᠳ᠎ᠤᠨ ᠠᠵᠢᠯ᠎ᠤᠨ ᠵᠥᠪᠯᠡᠯ᠎ᠠᠴᠠ ᠬᠠᠮᠲᠤᠷᠠᠨ ᠡᠷᠭᠢᠯᠡᠭᠰᠡᠨ 2025 ᠣᠨ᠎ᠤ ᠪᠥᠬᠥ ᠤᠯᠤᠰ᠎ᠤᠨ ᠲᠠᠪᠤᠨ ᠥᠪᠡᠷᠲᠡᠭᠡᠨ ᠵᠠᠰᠠᠬᠤ ᠣᠷᠣᠨ᠎ᠤ 《6·1》᠎ᠤ ᠣᠨᠴᠠᠭ᠋ᠠᠶ ᠫᠷᠤᠭ᠌ᠷᠠᠮ᠎ᠢ ᠶᠠᠭ ᠶᠠᠭ᠋ᠠᠷᠠᠯᠲᠠᠶ ᠪᠡᠯᠡᠳᠬᠡᠵᠦ ᠪᠣᠶ᠃
ᠲᠣᠰ ᠤᠳᠠᠭ᠎ᠠ ᠵᠢᠨ ᠣᠨᠴᠠᠭ᠋ᠠᠶ ᠫᠷᠤᠭ᠌ᠷᠠᠮ᠎ᠨᠢ ᠦᠨᠳᠦᠰᠦᠲᠡᠨ᠎ᠨᠦᠭᠦᠳ᠎ᠤᠨ ᠪᠠᠭ᠋ᠠᠴᠤᠳ ᠬᠡᠦᠬᠡᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠲᠠᠪᠴᠠᠩ᠎ᠢ ᠬᠦᠴᠦᠯᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠪᠠᠭ᠋ᠠᠴᠤᠳ ᠬᠡᠦᠬᠡᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠥᠬᠥ ᠲᠠᠯ᠎ᠠ ᠵᠢᠨ ᠰᠣᠯᠢᠯᠴᠠᠭ᠎ᠠ᠂ ᠭᠦᠨ ᠭᠦᠨᠵᠡᠭᠡᠢ ᠠᠭᠤᠰᠤᠯᠴᠠᠭ᠎ᠠ ᠵᠢ ᠠᠬᠢᠭᠤᠯᠵᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ᠎ᠳᠤ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠨ᠎ᠠ᠃