ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-30

      4 ᠳ᠋ᠦ᠍ᠭᠡᠷ ᠰᠠᠷ᠎ᠠ ᠵᠢᠨ 7᠎ᠤ ᠡᠳᠦᠷ᠂  ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ ᠎ᠨᠢ 2025 ᠣᠨ᠎ᠤ 5 ᠳ᠋ᠤᠭ᠋ᠠᠷ ᠤᠳᠠᠭ᠎ᠠ ᠵᠢᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ᠰᠢ ᠵᠢᠨ ᠫᠢᠩ  ᠶᠡᠷᠦᠩᠬᠡᠢ ᠱᠦᠵᠢ ᠵᠢᠨ  ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ ᠪᠤᠯᠤᠨ ᠵᠣᠬᠢᠶᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠪᠢᠴᠢᠭ ᠮᠠᠲᠸᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂  ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂  ᠭᠣᠣᠯ ᠳᠤᠭᠤᠢ᠌ᠯᠠᠩ᠎ᠤᠨ ᠪᠦᠷᠢᠯᠳᠦᠭᠦᠨ ᠨᠠᠷ ᠰᠢ ᠵᠢᠨ ᠫᠢᠩ  ᠶᠡᠷᠦᠩᠬᠡᠢ ᠱᠦᠵᠢ  ᠵᠢᠨ  ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠦᠪᠡᠷ᠎ᠤᠨ ᠠᠵᠢᠯ᠎ᠲᠠᠢ᠎ᠪᠠᠨ ᠤᠶᠠᠯᠳᠤᠭᠤᠯᠵᠤ᠂  ᠣᠯᠣᠯᠲᠠ ᠲᠥᠷᠥᠭᠳᠡᠯ ᠵᠶ᠋ᠡᠨ ᠰᠣᠯᠢᠯᠴᠠᠵᠤ᠂  ᠰᠡᠳᠬᠢᠮᠵᠢ ᠠᠷᠭ᠎ᠠ ᠬᠡᠮᠵᠢᠶ᠎ᠡ ᠵᠢ ᠲᠤᠷᠠᠳᠪᠠ᠃ 

      ᠬᠤᠷᠠᠯ᠎ᠠᠴᠠ  ᠰᠤᠷᠲᠠᠯ᠎ᠤᠨ ᠪᠠᠢ᠌ᠭᠤᠯᠤᠯᠲᠠ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠠᠬᠢᠭᠤᠯᠬᠤ ᠵᠢᠨ ᠪᠣᠳᠠᠲᠤ ᠬᠡᠷᠡᠭᠴᠡᠭᠡ ᠮᠥᠨ᠂ ᠰᠢ ᠵᠢᠨ ᠫᠢᠩ  ᠶᠡᠷᠦᠩᠬᠡᠢ ᠱᠦᠵᠢ ᠵᠢᠨ  ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂  ᠲᠥᠪ ᠬᠤᠷᠢᠶ᠎ᠡ ᠵᠢᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠭᠣᠣᠯ ᠴᠢᠬᠤᠯᠠ ᠠᠭᠤᠯᠭ᠎ᠠ ᠵᠢ ᠭᠦᠨᠵᠡᠭᠡᠢ ᠲᠠᠨᠢᠵᠤ᠂  ᠲᠥᠪ ᠬᠤᠷᠢᠶ᠎ᠡ ᠵᠢᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠡᠭᠦᠷᠭᠡ ᠬᠠᠷᠢᠭᠤᠴᠠᠯᠭ᠎ᠠ᠎ᠳᠤ᠎ᠪᠠᠨ  ᠦᠨᠡᠨ ᠬᠦ᠌ ᠠᠭᠤᠰᠤᠯᠴᠠᠭᠤᠯᠵᠦ᠂  ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠵᠤ᠂  ᠴᠢᠩᠭ᠎ᠠ ᠬᠦᠭ ᠠᠶᠠᠰ᠂  ᠴᠢᠩᠭ᠎ᠠ ᠠᠷᠭ᠎ᠠ ᠬᠡᠮᠵᠢᠶ᠎ᠡ᠂  ᠴᠢᠩᠭ᠎ᠠ ᠠᠭᠤᠷ ᠠᠮᠢᠰᠬᠤᠯ ᠵᠶ᠋ᠠᠷ ᠰᠤᠷᠤᠯᠴᠠᠯᠭ᠎ᠠ ᠬᠥᠮᠦᠵᠢᠯ᠎ᠤᠨ ᠴᠢᠨᠠᠷ ᠰᠠᠢ᠌ᠲᠠᠢ ᠥᠷᠨᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 

      ᠬᠤᠷᠠᠯ᠎ᠠᠴᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂  ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠲᠦᠷᠦᠭᠦᠯᠡᠨ ᠠᠬᠢᠭᠤᠯᠬᠤ ᠬᠡᠷᠡᠭᠲᠡᠢ᠃  ᠠᠰᠠᠭᠤᠳᠠᠯ᠎ᠢ ᠪᠠᠢ᠌ᠴᠠᠭ᠋ᠠᠨ ᠳᠡᠯᠭᠡᠬᠦ ᠵᠢ ᠰᠠᠢ᠌ᠲᠤᠷ ᠠᠳᠬᠤᠵᠤ᠂  ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂  ᠲᠣᠭᠣᠷᠢᠨ ᠪᠠᠢ᠌ᠴᠠᠭ᠋ᠠᠬᠤ ᠴᠠᠭᠳᠠᠨ ᠪᠠᠢ᠌ᠴᠠᠭ᠋ᠠᠬᠤ᠂  ᠬᠢᠨᠠᠨ ᠪᠤᠳᠤᠬᠤ ᠬᠢᠨᠠᠯᠲᠠ ᠲᠠᠯᠪᠢᠬᠤ᠂  ᠡᠳ᠋᠎ᠤᠨ ᠶᠠᠪᠤᠳᠠᠯ᠎ᠢ ᠨᠢᠭᠲᠠᠯᠠᠨ ᠪᠤᠳᠤᠵᠦ ᠬᠢᠨᠠᠯᠲᠠ ᠲᠠᠯᠪᠢᠬᠤ᠂  ᠱᠠᠯᠠᠪᠳᠠᠭᠤᠯᠤᠨ ᠪᠠᠢ᠌ᠴᠠᠭ᠋ᠠᠬᠤ᠂  ᠪᠠᠢ᠌ᠴᠠᠭ᠋ᠠᠨ ᠰᠤᠳᠤᠯᠤᠯᠲᠠ ᠬᠢᠬᠦ᠂  ᠵᠠᠬᠢᠳᠠᠯ ᠰᠣᠷᠪᠤᠯᠵᠢᠯᠠᠭ᠎ᠠ᠎ᠳᠤ ᠬᠠᠷᠢᠭᠤ ᠲᠤᠰᠬᠠᠬᠤ ᠵᠡᠷᠭᠡ ᠠᠷᠭ᠎ᠠ ᠵᠠᠮ᠎ᠢ ᠭᠦᠢ᠍ᠴᠡᠳ ᠭᠡᠷᠡᠭᠯᠡᠵᠦ᠂  ᠥᠪᠡᠷ ᠵᠶ᠋ᠡᠨ ᠡᠷᠢᠬᠦ᠂  ᠤᠯᠠᠨ ᠲᠦᠮᠡᠨ ᠳᠤᠷᠠᠳᠬᠤ᠂  ᠳᠡᠭᠡᠳᠦ ᠱᠠᠳᠤ᠎ᠠᠴᠠ  ᠲᠤᠷᠠᠳᠬᠤ᠂  ᠬᠠᠮᠲᠤ᠎ᠪᠠᠷ ᠵᠦᠪᠯᠡᠬᠦ ᠵᠡᠷᠭᠡ ᠠᠷᠭ᠎ᠠ ᠭᠡᠯᠪᠡᠷᠢ᠎ᠪᠠᠷ ᠲᠠᠮᠵᠢᠭᠤᠯᠵᠦ ᠠᠰᠠᠭᠤᠳᠠᠯ᠎ᠢ ᠵᠥᠪ ᠣᠨᠣᠪᠴᠢᠲᠠᠢ ᠪᠦᠷᠢᠨ ᠡᠷᠢᠵᠦ ᠣᠯᠬᠤ ᠬᠡᠷᠡᠭᠲᠡᠢ᠃  ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂  ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂  ᠬᠤᠷᠠᠯ᠎ᠤᠨ ᠰᠤᠷᠲᠠᠯ᠂  ᠵᠣᠬᠢᠶᠠᠯ᠎ᠤᠨ ᠰᠤᠷᠲᠠᠯ᠂  ᠶᠠᠷᠢᠶᠠᠨ᠎ᠤ ᠰᠤᠷᠲᠠᠯ᠎ᠢ ᠦᠨᠡᠨ ᠬᠦ᠌ ᠰᠠᠢ᠌ᠵᠢᠷᠠᠭᠤᠯᠬᠤ ᠬᠡᠷᠡᠭᠲᠡᠢ᠃  ᠰᠤᠷᠤᠯᠴᠠᠵᠦ ᠬᠡᠷᠡᠭᠯᠡᠬᠦ ᠵᠢ ᠤᠶᠠᠯᠳᠤᠭᠤᠯᠵᠤ ᠪᠣᠳᠠᠲᠠᠢ ᠠᠵᠢᠯᠯᠠᠵᠤ ᠪᠠᠳᠤᠳᠠᠢ ᠦᠢ᠍ᠯᠡᠳᠦᠯᠭᠡᠵᠢᠬᠦᠯᠵᠦ᠂  ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠴᠢᠩᠭ᠎ᠠ ᠬᠠᠷᠢᠭᠤᠴᠠᠯᠭ᠎ᠠ ᠪᠣᠯᠭ᠋ᠠᠨ ᠤᠯᠠᠷᠢᠭᠤᠯᠵᠦ᠂  ᠬᠥᠭᠵᠢᠯᠲᠡ ᠵᠢ ᠠᠬᠢᠭᠤᠯᠬᠤ ᠰᠠᠢ᠌ᠨ ᠦᠷ᠎ᠡ ᠪᠦᠲᠦᠮᠵᠢ ᠪᠣᠯᠭ᠋ᠠᠨ ᠤᠯᠠᠷᠢᠭᠤᠯᠵᠦ᠂  ᠠᠵᠢᠯ ᠬᠢᠵᠦ ᠦᠢ᠍ᠯᠡᠰ ᠪᠣᠰᠬᠠᠬᠤ ᠴᠤᠭ ᠪᠠᠳᠠᠷᠠᠩᠭᠤᠢ ᠲᠡᠮᠡᠴᠡᠯ᠎ᠤᠨ ᠵᠣᠷᠢᠭ ᠪᠣᠯᠭ᠋ᠠᠨ ᠤᠯᠠᠷᠢᠭᠤᠯᠵᠦ᠂  ᠡᠯ᠎ᠡ ᠵᠦᠢ᠍ᠯ᠎ᠤᠨ ᠠᠵᠢᠯ᠎ᠢ ᠤᠷᠤᠭᠰᠢ ᠳᠠᠪᠰᠢᠭᠤᠯᠵᠤ᠂  ᠰᠤᠷᠲᠠᠯ᠎ᠤᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ 

 

 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠤᠷᠢᠶ᠎ᠠ (ᠠᠵᠢᠯᠳᠠᠨ᠎ᠤ ᠶᠠᠪᠤᠳᠠᠯ᠎ᠤᠨ ᠭᠠᠵᠠᠷ)