4 ᠳ᠋ᠦ᠍ᠭᠡᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠨᠢ 2025 ᠣᠨ᠎ᠤ 6 ᠳ᠋ᠤᠭ᠋ᠠᠷ ᠤᠳᠠᠭ᠎ᠠ ᠵᠢᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠢ ᠬᠤᠷᠠᠯᠳᠤᠭᠤᠯᠵᠤ᠂ᠰᠢ ᠵᠢᠨ ᠫᠢᠩ ᠶᠡᠷᠦᠩᠬᠡᠢ ᠱᠦᠵᠢ ᠵᠢᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠪᠡ᠃
ᠬᠤᠷᠠᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠲᠥᠪ ᠤᠨ ᠭᠦᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠪᠥᠬᠥ ᠨᠠᠮ᠎ᠤᠨ ᠭᠡᠰᠢᠭᠦᠨ ᠺᠠᠳ᠋ᠷ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠬᠦᠳᠡᠭ ᠴᠡᠭᠡᠵᠢᠨ᠎ᠳᠤ᠎ᠪᠠᠨ 《ᠬᠣᠶᠠᠷ ᠶᠡᠬᠡ ᠲᠠᠯ᠎ᠠ》 ᠵᠢ ᠪᠠᠭᠲᠠᠭ᠋ᠠᠵᠤ᠂ 《ᠤᠯᠤᠰ᠎ᠤᠨ ᠶᠡᠬᠡ ᠲᠠᠯ᠎ᠠ》 ᠵᠢ ᠪᠤᠳᠤᠵᠤ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠯᠠᠪᠳᠠᠭᠤᠨ ᠪᠠᠳᠤᠳᠠᠢ ᠠᠬᠢᠭᠤᠯᠵᠦ᠂ ᠤᠯᠤᠰ᠎ᠤᠨ ᠶᠡᠷᠦᠩᠬᠡᠢ ᠭᠠᠳᠠᠭ᠋ᠠᠳᠤ ᠬᠠᠷᠢᠯᠴᠠᠭ᠋ᠠᠨ᠎ᠤ ᠶᠡᠬᠡ ᠲᠠᠯ᠎ᠠ᠎ᠳᠤ ᠨᠠᠩ ᠰᠠᠢ᠌ᠲᠤᠷ ᠦᠢ᠍ᠯᠡᠴᠢᠯᠡᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠤᠠᠠᠳᠠᠭ᠋ᠠᠭᠰᠠᠨ》᠎ᠢ ᠡᠷᠡᠰ ᠬᠠᠮᠠᠭ᠋ᠠᠯᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠨᠢᠭᠡᠳᠦᠮᠡᠯ ᠹᠷᠣᠨᠲ᠎ᠤᠨ ᠠᠵᠢᠯ᠎ᠤᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢ᠌ᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠢᠭᠡᠳᠦᠮᠡᠯ ᠹᠷᠣᠨᠲ᠎ᠤᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠰᠢᠵᠦ᠂ ᠲᠥᠪ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠣᠨ᠎ᠤ ᠭᠣᠣᠯᠳᠠᠯᠭ᠎ᠠ᠎ᠲᠠᠢ ᠠᠵᠢᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠵᠥᠪᠯᠡᠯ᠎ᠤᠨ ᠠᠵᠢᠯ᠎ᠤᠨ ᠭᠣᠣᠯᠳᠠᠯᠭ᠎ᠠ᠎ᠲᠠᠢ ᠤᠶᠠᠯᠳᠤᠭᠤᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠬᠠᠤ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠴᠤᠬ᠍ᠴᠠᠯᠠᠵᠦ᠂ ᠣᠨ᠎ᠤ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠲᠤᠬᠠᠢ ᠰᠤᠷᠤᠯᠴᠠᠯᠭ᠎ᠠ ᠬᠥᠮᠦᠵᠢᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠡᠰᠡᠷᠬᠦ ᠲᠠᠯ᠎ᠠ ᠵᠢᠨ ᠨᠡᠢ᠌ᠲᠡᠯᠢᠭ ᠬᠡᠷᠡᠭ᠎ᠤᠨ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ᠎ᠠ ᠰᠡᠳᠬᠢᠯᠭᠡ᠎ᠪᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠤᠯᠤᠰ ᠲᠦᠷᠦ ᠵᠢᠨ ᠬᠠᠷᠢᠭᠤᠴᠠᠯᠭ᠎ᠠ ᠵᠢ ᠤᠯᠠᠮ ᠴᠠᠭ᠋ᠠᠰᠢᠳᠠ ᠪᠤᠳᠠᠳᠠᠢ᠌ᠵᠢᠭᠤᠯᠵᠦ᠂ ᠳᠤᠲᠠᠭᠤᠳᠠᠯ ᠪᠠᠭᠤᠷᠠᠢ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠳᠣᠬᠠᠨ᠎ᠤ ᠠᠵᠢᠯ᠎ᠲᠠᠢ ᠨᠢᠭᠲᠠ ᠤᠶᠠᠯᠳᠤᠭᠤᠯᠵᠤ᠂ ᠰᠤᠷᠤᠯᠴᠠᠵᠦ ᠪᠠᠢ᠌ᠴᠠᠭ᠋ᠠᠨ ᠵᠠᠯᠠᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃