ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ 6 ᠳ᠋ᠤᠭ᠋ᠠᠷ ᠰᠠᠷ᠎ᠠ ᠵᠢᠨ 6᠎ᠤ ᠡᠳᠦᠷ ᠤᠯᠠᠭ᠋ᠠᠨᠬᠠᠳᠠ ᠬᠣᠲᠠ ᠵᠢᠨ ᠪᠡᠶ᠎ᠡ ᠵᠢᠨ ᠲᠠᠮᠢᠷ᠎ᠤᠨ ᠲᠥᠪ᠎ᠲᠤ ᠶᠠᠪᠤᠭᠳᠠᠪᠠ᠃ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠵᠢ ᠲᠠᠮᠢᠷᠴᠢᠨ᠂ ᠮᠠᠯᠴᠢᠨ ᠲᠠᠷᠢᠶᠠᠴᠢᠨ᠂ ᠠᠵᠤ ᠠᠬᠤᠢ᠌ᠯᠠᠯᠲᠠᠨ᠂ ᠪᠠᠭᠰᠢ᠂ ᠡᠮᠴᠢ ᠵᠡᠷᠭᠡ ᠠᠳᠠᠯᠢ ᠪᠤᠰᠤ ᠠᠵᠢᠯ ᠲᠥᠷᠥᠯ᠎ᠤᠨ 21 ᠭᠠᠯ ᠪᠠᠮᠪᠠᠷᠴᠢᠨ ᠬᠠᠮᠲᠤ᠎ᠪᠠᠷ ᠪᠡᠶᠡᠯᠡᠭᠦᠯᠵᠦ᠂ ᠳᠠᠮᠵᠢᠭᠤᠯᠬᠤ ᠪᠥᠬᠥ ᠶᠠᠪᠤᠴᠠ᠎ᠨᠢ ᠪᠠᠷᠤᠭ ᠨᠢᠭᠡ ᠴᠠᠭ ᠬᠡᠷᠡᠭᠰᠡᠵᠦ᠂ ᠳᠠᠮᠵᠢᠭᠤᠯᠬᠤ ᠵᠠᠮ ᠱᠤᠭᠤᠮ᠎ᠤᠨ ᠪᠥᠬᠥ ᠣᠷᠳᠣᠨ᠎ᠢ ᠪᠠᠷᠤᠭ 4.6 ᠺᠢᠯᠣᠮᠧᠲᠷ ᠪᠣᠯᠤᠨ᠎ᠠ᠃


ᠠᠵᠢᠯᠯᠠᠭ᠎ᠠ ᠡᠬᠢᠯᠡᠬᠦ᠎ᠠᠴᠠ ᠡᠮᠦᠨ᠎ᠡ᠂ ᠲᠤᠬᠠᠢ ᠵᠢᠨ ᠲᠠᠯᠠᠪᠠᠢ᠎ᠳᠤ ᠯᠤᠤᠳᠤ ᠪᠦᠵᠢᠭ᠂ ᠪᠠ ᠳ᠋ᠤᠸᠠᠨ ᠪᠤᠯᠪᠠᠰᠤᠷᠠᠯ᠂ ᠠᠭᠤᠳᠠᠮ ᠲᠠᠯᠠᠪᠠᠢ ᠵᠢᠨ ᠪᠥᠵᠢᠭ ᠵᠡᠷᠭᠡ ᠭᠣᠢ᠌ᠳᠠ ᠰᠠᠢ᠌ᠬᠠᠨ ᠲᠣᠭᠯᠠᠯᠲᠠ ᠭᠠᠷᠭ᠋ᠠᠵᠤ᠂ ᠤᠳᠠᠯ ᠦᠭᠡᠢ ᠡᠬᠢᠯᠡᠬᠦ ᠭᠡᠵᠦ ᠪᠠᠢ᠌ᠭ᠎ᠠ ᠭᠠᠯ ᠪᠠᠮᠪᠠᠷ ᠳᠠᠮᠵᠢᠭᠤᠯᠬᠤ ᠠᠵᠢᠯᠯᠠᠭ᠎ᠠ᠎ᠳᠤ ᠦᠳᠬᠡᠨ ᠵᠤᠵᠠᠭ᠋ᠠᠨ ᠠᠬᠤᠢ ᠨᠦᠬᠦᠴᠡᠯ ᠢ ᠨᠡᠮᠡᠷᠢᠯᠡᠵᠦ᠂ ᠭᠠᠯ ᠪᠠᠮᠪᠠᠷᠴᠢᠳᠢ ᠤᠤᠬᠠᠢ᠌ᠯᠡᠨ ᠬᠦᠭᠵᠢᠬᠡᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠳᠥᠷᠪᠡᠨ ᠵᠢᠯ᠎ᠳᠤ ᠨᠢᠭᠡ ᠤᠳᠠᠭ᠎ᠠ ᠡᠷᠬᠢᠯᠡᠳᠡᠭ᠂ 1985 ᠣᠨ᠎ᠠᠴᠠ ᠡᠬᠢᠯᠡᠨ ᠨᠢᠭᠡᠨᠲᠡ ᠠᠷᠪᠠᠨ ᠬᠤᠭᠤᠴᠠᠭ᠎ᠠ ᠠᠮᠵᠢᠯᠲᠠ᠎ᠲᠠᠢ ᠡᠷᠬᠢᠯᠡᠪᠡ᠃ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠮᠠᠨ᠎ᠤ ᠣᠷᠣᠨ᠎ᠤ ᠬᠡᠪ ᠪᠠᠷᠢᠮᠵᠢᠶ᠎ᠠ᠎ᠪᠠᠷ ᠬᠠᠮᠤᠭ᠎ᠤᠨ ᠦᠨᠳᠦᠷ᠂ ᠬᠡᠪᠴᠢᠶ᠎ᠡ᠎ᠪᠠᠷ ᠬᠠᠮᠤᠭ᠎ᠤᠨ ᠶᠡᠬᠡ ᠶᠡᠷᠦᠩᠬᠡᠢ᠌ᠯᠡᠭᠰᠡᠨ ᠴᠢᠨᠠᠷᠲᠠᠶ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠠᠢ᠌ᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠳᠡᠯᠭᠡᠨ ᠦᠵᠡᠭᠦᠯᠬᠦ ᠴᠢᠬᠤᠯᠠ ᠲᠠᠪᠴᠠᠩ ᠶᠤᠮ ᠃ ᠲᠣᠰ ᠬᠤᠭᠤᠴᠠᠭ᠋ᠠᠨ᠎ᠤ ᠲᠠᠮᠢᠷ᠎ᠤᠨ ᠴᠤᠭᠯᠠᠭ᠋ᠠᠨ᠎ᠨᠢ 《ᠦᠨᠳᠦᠰᠦᠲᠡᠨ᠎ᠤ ᠪᠦᠯᠬᠦᠮᠳᠡᠯ᠎ᠤᠨ ᠦᠪᠡᠳᠡᠭᠰᠢ ᠴᠤᠭᠯᠠᠭ᠋ᠠᠨ· ᠣᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ》 ᠵᠶ᠋ᠠᠷ ᠪᠠᠢ᠌ᠷᠢ ᠲᠣᠭᠲᠠᠭ᠋ᠠᠯᠲᠠ ᠪᠣᠯᠭ᠋ᠠᠵᠤ᠂ 《ᠬᠠᠰ ᠯᠤᠤ ᠵᠢᠨ ᠥᠯᠥᠭᠡᠢ ᠨᠤᠲᠤᠭ᠎ᠲᠤ ᠪᠤᠯᠵᠤᠵᠤ · ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠴᠣᠭᠴᠠᠯᠠᠬᠤ 》᠎ᠪᠠᠷ ᠭᠣᠤᠯ ᠰᠡᠳᠦᠪ ᠪᠣᠯᠭ᠋ᠠᠪᠠ᠃ 《ᠡᠷᠡᠯᠬᠡᠭᠯᠡᠨ ᠤᠷᠤᠭᠰᠢᠯᠠᠬᠤ》᠎ᠪᠠᠷ ᠬᠤᠷᠠᠯ᠎ᠤᠨ ᠰᠦᠯᠳᠡ᠂ 《ᠤᠯᠠᠭ᠋ᠠᠨ ᠯᠤᠤ》᠎ᠪᠠᠷ ᠥᠯᠵᠡᠢ᠌ᠲᠦ ᠡᠳ᠋ ᠪᠤᠯᠭ᠋ᠠᠵᠤ᠂ 《ᠬᠡᠷᠡᠯ ᠰᠠᠴᠤᠷᠠᠩᠭᠤᠶ ᠦᠢᠯᠡᠰ᠎ᠢ ᠬᠠᠮᠲᠤ᠎ᠪᠠᠷ ᠴᠣᠭᠴᠠᠯᠠᠶ᠎ᠠ》 ᠭᠡᠳᠡᠭ ᠭᠣᠤᠯ ᠰᠡᠳᠦᠪᠲᠦ ᠠᠶᠠᠲᠠᠢ᠃ 《ᠪᠦᠯᠬᠦᠮᠳᠡᠨ ᠳᠠᠪᠰᠢᠬᠤ᠂ ᠡᠶ᠎ᠡ ᠵᠣᠬᠢᠴᠠᠩᠭᠤᠶ ᠭᠣᠢ᠌ᠳᠠ ᠰᠠᠢ᠌ᠬᠠᠨ᠂ ᠠᠷᠪᠢᠴᠢ ᠭᠠᠮᠲᠠᠶ ᠪᠣᠳᠠᠲᠠᠶ ᠵᠢ ᠡᠷᠬᠢᠮᠯᠡᠬᠦ᠂ ᠠᠮᠤᠷ ᠲᠦᠪᠰᠢᠨ ᠡᠮᠬᠢ ᠵᠢᠷᠤᠮ᠎ᠲᠠᠢ》 ᠤᠷᠤᠯᠳᠤᠭ᠋ᠠᠨ ᠡᠷᠭᠢᠯᠡᠬᠦ ᠵᠣᠷᠢᠯᠲᠠ ᠶᠣᠰᠣᠭ᠋ᠠᠷ᠂ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠨᠢ 7 ᠳ᠋ᠤᠭ᠋ᠠᠷ ᠰᠠᠷ᠎ᠠ ᠵᠢᠨ 26᠎ᠤ ᠡᠳᠦᠷ ᠡᠬᠢᠯᠡᠬᠦ ᠶᠣᠰᠣᠯᠠᠯ ᠶᠠᠪᠤᠭᠳᠠᠭᠤᠯᠬᠤ ᠪᠣᠯᠤᠨ᠎ᠠ᠃ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠨᠡᠢ᠌ᠲᠡ 18 ᠤᠷᠤᠯᠳᠤᠭ᠋ᠠᠨ᠎ᠤ ᠲᠥᠷᠥᠯ ᠵᠦᠢᠯ᠂ 12 ᠲᠣᠭᠯᠠᠯᠲᠠ ᠵᠢᠨ ᠲᠥᠷᠥᠯ ᠵᠦᠢᠯ ᠲᠣᠬᠢᠷᠠᠭᠤᠯᠵᠤ᠂ ᠤᠷᠤᠯᠳᠤᠭ᠋ᠠᠨ᠎ᠤ ᠲᠥᠷᠥᠯ ᠵᠦᠢᠯ᠎ᠨᠢ ᠬᠠᠮᠤᠭ᠎ᠤᠨ ᠪᠦᠷᠢᠨ ᠳᠡᠬᠦᠯᠳᠡᠷ᠂ ᠤᠷᠤᠯᠳᠤᠭ᠋ᠠᠨ᠎ᠳᠤ ᠣᠷᠣᠯᠴᠠᠭᠰᠠᠨ ᠬᠥᠮᠦᠨ᠎ᠤ ᠲᠣᠭ᠎ᠠ ᠨᠢ ᠬᠠᠮᠤᠭ᠎ᠤᠨ ᠣᠯᠠᠨ᠂ ᠠᠭᠤᠯᠭ᠎ᠠ ᠬᠡᠯᠪᠡᠷᠢ᠎ᠨᠢ ᠬᠠᠮᠤᠭ᠎ᠤᠨ ᠪᠠᠶᠠᠯᠢᠭ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯᠬᠤ ᠪᠣᠯᠤᠨ᠎ᠠ᠃