7 ᠳ᠋ᠤᠭ᠋ᠠᠷ ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠨᠠᠮ᠎ᠤᠨ ᠤᠳᠤᠷᠢᠳᠬᠤ ᠳᠤᠭᠤᠢ᠌ᠯᠠᠩ᠎ᠤᠨ 2025 ᠣᠨ᠎ᠤ 11 ᠳ᠋ᠦ᠍ᠭᠡᠷ ᠤᠳᠠᠭ᠎ᠠ ᠵᠢᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠵᠢᠴᠢ ᠲᠥᠪ᠎ᠤᠨ ᠨᠠᠢᠮᠠᠨ ᠵᠣᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠲᠤᠰᠬᠠᠶ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠂ ᠬᠤᠷᠠᠯ᠎ᠠᠴᠠ ᠰᠢ ᠵᠢᠨ ᠫᠢᠩ ᠶᠡᠷᠦᠩᠬᠡᠶ ᠱᠦᠵᠢ ᠶᠢᠨ ᠣᠢ᠌ᠷ᠎ᠠ ᠵᠢᠨ ᠬᠤᠭᠤᠴᠠᠭ᠋ᠠᠨ᠎ᠤ ᠲᠤᠷᠰᠢᠬᠢ ᠴᠢᠬᠤᠯᠠ ᠶᠠᠷᠢᠶ᠎ᠠ᠂ ᠵᠣᠬᠢᠶᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠲᠤᠰᠬᠠᠶ ᠠᠩᠭᠢ ᠵᠢᠨ ᠬᠣᠯᠪᠣᠭᠳᠠᠯ ᠪᠥᠬᠥᠶ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠭᠰᠡᠨ ᠪᠥᠭᠡᠳ 《 ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠶ ᠵᠥᠪ ᠦᠵᠡᠯᠲᠡ ᠵᠢ ᠪᠣᠶ ᠪᠣᠯᠭ᠋ᠠᠨ ᠦᠢᠯᠡᠳᠦᠯᠭᠡᠵᠢᠭᠦᠯᠬᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ》 ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
ᠬᠤᠷᠠᠯ᠎ᠠᠴᠠ᠂ ᠰᠤᠷᠲᠠᠯ᠎ᠤᠨ ᠪᠠᠢ᠌ᠭᠤᠯᠤᠯᠲᠠ ᠪᠣᠯ ᠨᠠᠮ᠎ᠤᠨ ᠪᠠᠢ᠌ᠭᠤᠯᠤᠯᠲᠠ ᠵᠢᠨ ᠥᠨᠢᠳᠡ ᠵᠢᠨ ᠰᠡᠳᠦᠪ ᠮᠥᠨ ᠲᠤᠯᠠ ᠡᠷᠬᠡᠪᠰᠢ ᠬᠠᠳᠠᠭ᠋ᠠᠰᠦ ᠬᠠᠳᠠᠬᠤ ᠵᠣᠷᠢᠭ ᠰᠠᠨᠠᠭ᠎ᠠ᠎ᠪᠠᠷ ᠴᠥᠬᠥᠷᠡᠰᠢ ᠦᠭᠡᠢ ᠪᠠᠢ᠌ᠩᠭᠤ ᠠᠳᠬᠤᠬᠤ ᠬᠡᠷᠡᠭᠲᠡᠢ᠃ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠨᠠᠮᠴᠢ ᠴᠢᠨᠠᠷ ᠪᠠ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠬᠠᠷᠢᠯᠴᠠᠨ ᠨᠡᠪᠲᠡᠷᠡᠯᠴᠡᠭᠦᠯᠬᠦ ᠵᠢ ᠪᠠᠷᠢᠮᠲᠠᠯᠠᠵᠤ᠂ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠢ᠎ᠡ᠂ ᠴᠢᠩᠭ᠎ᠠ ᠠᠬᠤᠢ ᠣᠷᠴᠢᠨ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠴᠢᠷᠮᠠᠢ᠌ᠨ ᠪᠤᠢ ᠪᠣᠯᠭ᠋ᠠᠬᠤ ᠬᠡᠷᠡᠭᠲᠡᠢ᠃ ᠲᠥᠪ᠎ᠤᠨ ᠨᠠᠢ᠍ᠮᠠᠨ ᠵᠣᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠴᠢᠩᠭ᠎ᠠ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ ᠵᠤᠷᠢᠭᠳᠠᠢ ᠳᠡᠮᠡᠴᠡᠬᠦ ᠣᠪᠣᠷ ᠰᠤᠷᠳᠠᠯ ᠵᠶ᠋ᠠᠷ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠵᠣᠷᠢᠭ ᠵᠶ᠋ᠠᠷ ᠴᠡᠭᠴᠡᠯᠡᠨ ᠰᠠᠢ᠌ᠵᠢᠷᠠᠭᠤᠯᠬᠤ ᠵᠢ ᠰᠠᠢ᠌ᠲᠤᠷ ᠠᠳᠬᠤᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠳᠦᠮᠵᠢ᠎ᠶᠢ ᠦᠨᠡᠨ ᠬᠦ᠌ ᠨᠠᠢ᠌ᠳᠠᠪᠤᠷᠢᠵᠢᠭᠤᠯᠵᠤ ᠪᠦᠲᠦᠮᠵᠢ ᠲᠠᠢ ᠪᠣᠯᠬᠤ᠎ᠶᠢ ᠪᠠᠲᠤᠯᠠᠬᠤ ᠬᠡᠷᠡᠭᠲᠡᠢ ᠬᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ ᠰᠢ ᠵᠢᠨ ᠫᠢᠩ ᠶᠡᠷᠦᠩᠬᠡᠢ ᠱᠦᠵᠢ᠎ᠶᠢᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ ᠵᠢ ᠪᠤᠢ ᠪᠣᠯᠭ᠋ᠠᠬᠤ ᠪᠠ ᠦᠢ᠍ᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠵᠢᠴᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ ᠲᠡᠭᠦᠨ᠎ᠤ ᠲᠤᠢ᠌ᠯ᠎ᠤᠨ ᠴᠢᠬᠤᠯᠠ ᠴᠢᠨᠠᠷ ᠪᠣᠯᠤᠨ ᠪᠣᠳᠠᠲᠤ ᠲᠤᠯᠭ᠋ᠠᠮ ᠴᠢᠨᠠᠷ᠎ᠢ ᠭᠦᠨᠵᠡᠭᠡᠢ ᠤᠢ᠌ᠯᠠᠭ᠋ᠠᠵᠤ᠂ ᠦᠵᠡᠯ ᠰᠠᠨᠠᠭ᠋ᠠᠨ᠎ᠤ ᠦᠨᠳᠦᠰᠦ ᠰᠤᠷᠪᠤᠯᠵᠢ᠎ᠠᠴᠠ ᠭᠠᠷᠳᠠᠵᠤ᠂ ᠦᠨᠳᠦᠰᠦ ᠡᠭᠦᠰᠦᠯ᠎ᠠᠴᠠ᠎ᠨᠢ ᠴᠡᠭᠴᠡᠯᠡᠨ ᠵᠠᠰᠠᠵᠤ᠂ ᠦᠨᠳᠦᠰᠦ ᠵᠢ ᠪᠡᠬᠢᠵᠢᠭᠦᠯᠦᠨ ᠰᠠᠭᠤᠷᠢ ᠵᠢ ᠪᠠᠲᠤᠳᠬᠠᠵᠤ᠂ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠵᠥᠪ ᠴᠢᠭᠯᠡᠯ ᠵᠶ᠋ᠡᠷ ᠯᠠᠪᠳᠠᠭᠤᠨ ᠪᠠᠲᠤᠲᠠᠢ ᠠᠬᠢᠬᠤ ᠵᠢ ᠪᠠᠲᠤᠯᠠᠵᠤ᠂ ᠤᠨᠢᠨ ᠳᠡᠭᠡᠷ᠎ᠡ᠎ᠨᠢ ᠲᠥᠪᠯᠡᠷᠡᠭᠦᠯᠵᠦ᠂ ᠲᠦᠪ ᠭᠣᠣᠯᠴᠢ ᠪᠠᠢ᠌ᠬᠤ ᠬᠡᠷᠡᠭᠲᠡᠢ᠃ ᠲᠥᠪ᠎ᠤᠨ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠣᠭᠲᠠᠭ᠋ᠠᠯ᠎ᠤᠳ》᠎ᠢ ᠴᠢᠩᠭ᠎ᠠ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠠᠵᠢᠯ᠎ᠢ ᠰᠢᠰᠲ᠋ᠧᠮ᠎ᠲᠠᠢ ᠭᠦᠨᠵᠡᠭᠡᠶ ᠥᠷᠨᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠰᠢᠨ᠎ᠡ ᠢᠯᠡᠷᠡᠯ᠂ ᠰᠢᠨ᠎ᠡ ᠬᠤᠪᠢᠷᠠᠯᠲᠠ ᠵᠢ ᠴᠢᠩᠭ᠎ᠠ ᠠᠩᠬᠠᠷᠴᠤ᠂ ᠣᠨᠣᠪᠴᠢᠲᠠᠶ᠎ᠪᠠᠷ ᠢᠯᠭ᠋ᠠᠨ ᠲᠠᠨᠢᠬᠤ ᠴᠢᠳᠠᠪᠤᠷᠢ᠎ᠪᠠᠨ ᠴᠢᠩᠭ᠋ᠠᠳᠬᠠᠵᠤ᠂ ᠪᠦᠲᠦᠮᠵᠢᠲᠡᠶ ᠵᠠᠰᠠᠯᠲᠠ ᠵᠢᠨ ᠠᠷᠭ᠎ᠠ ᠪᠠᠷᠢᠯ᠎ᠢ ᠬᠡᠷᠡᠭᠵᠢᠭᠦᠯᠬᠦ ᠬᠡᠷᠡᠭᠲᠡᠶ᠃ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》 ᠵᠡᠷᠭᠡ ᠲᠣᠪᠣᠢ᠌ᠮ᠎ᠠ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠪᠢᠴᠢᠭ ᠮᠠᠲ᠋ᠧᠷᠢᠶᠠᠯᠬᠤᠷᠠᠯᠢ ᠴᠣᠮᠬᠠᠳᠬᠠᠬᠤ᠎ᠶᠢ ᠴᠢᠩᠭ᠎ᠠ ᠪᠣᠳᠠᠲᠠᠶ ᠠᠬᠢᠭᠤᠯᠵᠤ᠂ ᠪᠢᠴᠢᠭ ᠮᠠᠲᠸᠷᠢᠶᠠᠯ᠎ᠤᠨ ᠰᠤᠷᠲᠠᠯ ᠬᠤᠷᠠᠯ᠎ᠤᠨ ᠰᠤᠷᠲᠠᠯ᠎ᠢ ᠶᠡᠬᠡ᠎ᠪᠠᠷ ᠰᠠᠢ᠌ᠵᠢᠷᠠᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠠᠵᠢᠯ ᠬᠢᠵᠦ ᠦᠢᠯᠡᠰ ᠴᠣᠭᠴᠠᠯᠠᠬᠤ ᠵᠢ ᠨᠥᠯᠥᠭᠡᠯᠡᠵᠦ ᠪᠠᠢ᠌ᠭ᠎ᠠ ᠠᠯᠢᠪᠠ ᠬᠠᠷᠰᠢ ᠰᠠᠭ᠋ᠠᠳ᠎ᠢ ᠦᠨᠡᠨ ᠬᠦ᠌ ᠠᠷᠢᠯᠭ᠋ᠠᠬᠤ ᠬᠡᠷᠡᠭᠲᠡᠶ᠃ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠶ ᠵᠥᠪ ᠦᠵᠡᠯᠲᠡ ᠵᠢ ᠪᠠᠲᠤ ᠪᠣᠶ ᠪᠣᠯᠭ᠋ᠠᠬᠤ ᠵᠢᠨ ᠬᠠᠮᠲᠤ ᠢᠳᠡᠪᠬᠢᠲᠡᠶ ᠦᠢᠯᠡᠳᠦᠯᠭᠡᠵᠢᠭᠦᠯᠵᠦ᠂ ᠣᠯᠠᠨ ᠲᠦᠮᠡᠨ᠎ᠤ ᠰᠠᠨᠳᠤᠷᠴᠦ ᠬᠦᠴᠢᠷᠳᠡᠵᠦ ᠪᠠᠴᠢᠮᠳᠠᠵᠦ ᠬᠦᠰᠡᠵᠦ ᠪᠠᠢ᠌ᠭ᠎ᠠ ᠠᠰᠠᠭᠤᠳᠠᠯ᠎ᠢ ᠰᠡᠳᠬᠢᠯ ᠳᠡᠯᠪᠢᠨ ᠬᠦᠴᠦᠯᠡᠨ ᠰᠢᠢᠳᠪᠦᠷᠢᠯᠡᠵᠦ᠂ ᠢᠮᠠᠭᠲᠠ 《ᠵᠠᠰᠠᠭ᠎ᠤᠨ ᠠᠵᠢᠯ᠎ᠤᠨ ᠪᠦᠳᠦᠮᠵᠢ ᠵᠢ ᠬᠡᠨ᠎ᠤ ᠲᠥᠯᠥᠭᠡ ᠪᠣᠶ ᠪᠣᠯᠭ᠋ᠠᠬᠤ᠂ ᠶᠠᠮᠠᠷ ᠶᠠᠩᠵᠤ ᠵᠢᠨ ᠵᠠᠰᠠᠭ᠎ᠤᠨ ᠠᠵᠢᠯ᠎ᠤᠨ ᠪᠦᠳᠦᠮᠵᠢ ᠵᠢ ᠪᠣᠶ ᠪᠣᠯᠭ᠋ᠠᠬᠤ᠂ ᠶᠠᠭᠤᠨ᠎ᠳᠤ ᠲᠦᠰᠢᠭᠯᠡᠨ ᠵᠠᠰᠠᠭ᠎ᠤᠨ ᠠᠵᠢᠯ᠎ᠤᠨ ᠪᠦᠳᠦᠮᠵᠢ ᠵᠢ ᠪᠣᠶ ᠪᠣᠯᠭ᠋ᠠᠬᠤ》 ᠴᠠᠭ ᠦᠶ᠎ᠡ ᠵᠢᠨ ᠰᠢᠯᠭ᠋ᠠᠯᠲᠠ ᠵᠢᠨ ᠬᠠᠭᠤᠳᠠᠰᠤ ᠵᠢ ᠢᠮᠬᠠᠲᠠ ᠰᠠᠢ᠌ᠲᠤᠷ ᠬᠠᠷᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠤᠯ ᠰᠢᠵᠢᠮ᠎ᠢ ᠴᠢᠩᠭ᠎ᠠ ᠡᠵᠡᠮᠳᠡᠵᠦ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃