11 ᠰᠠᠷ᠎ᠠ᠎ᠶ᠋ᠢᠨ 21 ᠦ ᠡᠳᠦᠷ᠎ᠦᠨ ᠦᠳᠡ᠎ᠶ᠋ᠢᠨ ᠬᠣᠢᠨ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠲᠥᠪ ( ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠰᠡᠳᠬᠦᠯ᠎ᠦᠨ ᠬᠣᠷᠢᠶ᠎ᠠ ) ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠣᠩᠭᠣᠯ ᠰᠤᠳᠤᠯᠤᠯ᠎ᠤᠨ ᠳᠡᠭᠡᠳᠦ ᠰᠤᠷᠭᠠᠭᠤᠯᠢ᠎ᠳᠤ ᠬᠦᠷᠴᠦ᠍ ᠬᠤᠭᠤᠴᠠᠭᠠᠲᠤ ᠰᠡᠳᠬᠦᠯ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ ᠪᠠᠢᠴᠠᠭᠠᠨ ᠰᠤᠳᠤᠯᠤᠯᠲᠠ ᠬᠢᠵᠦ᠍ ᠂ 《 ᠰᠡᠳᠬᠦᠯ᠎ᠢᠶᠡᠷ ᠬᠥᠭᠥᠷᠭᠡ ᠪᠣᠯᠭᠠᠵᠤ ᠰᠤᠷᠤᠯᠴᠠᠯᠭ᠎ᠠ᠎ᠪᠠᠷ ᠬᠦᠴᠦᠨ᠎ᠢᠶᠡᠨ ᠡᠷᠳᠡᠮ ᠱᠢᠨᠵᠢᠯᠡᠭᠡᠨ᠎ᠦ ᠳᠠᠮᠵᠢᠭᠤᠯᠭ᠎ᠠ᠎ᠪᠠᠷ ᠵᠠᠭᠤᠴᠢ ᠪᠣᠯᠭᠠᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ 》 ᠭᠡᠬᠦ᠌ ᠭᠣᠸ᠋ᠯ ᠰᠡᠳᠦᠪᠲᠦ ᠬᠢᠪᠠ

ᠪᠠᠢᠴᠠᠭᠠᠨ ᠰᠤᠳᠤᠯᠬᠤ ᠪᠦᠯᠬᠦᠮ ᠪᠣᠯᠤᠨ ᠬᠠᠮᠢᠶ᠎ᠠ ᠪᠦᠬᠦᠢ ᠲᠤᠰᠭᠠᠶ ᠮᠡᠷᠭᠡᠵᠢᠯᠲᠡᠨ ᠡᠷᠳᠡᠮᠲᠡᠳ ᠲᠤᠰ ᠪᠡᠶ᠎ᠡ᠎ᠶ᠋ᠢᠨ ᠰᠤᠳᠤᠯᠭᠠᠨ᠎ᠤ ᠬᠦᠷᠢᠶ᠎ᠡ ᠪᠣᠯᠤᠨ ᠦᠢᠯᠡᠳᠦᠯᠭᠡ᠎ᠶ᠋ᠢᠨ ᠲᠤᠷᠱᠢᠯᠭ᠎ᠠ᠎ᠲᠠᠶ᠎ᠪᠠᠨ ᠤᠶᠠᠯᠳᠤᠭᠤᠯᠤᠨ ᠂ ᠮᠣᠩᠭᠣᠯ ᠦᠭᠡ ᠬᠡᠯᠡ ᠦᠰᠦᠭ ᠪᠢᠴᠢᠭ᠎ᠦᠨ ᠰᠤᠳᠤᠯᠭᠠᠨ᠎ᠤ ᠪᠠᠢᠳᠠᠯ ᠮᠣᠩᠭᠣᠯ ᠬᠡᠯᠡ 》 ᠰᠡᠳᠬᠦᠯ᠎ᠦᠨ ᠠᠭᠤᠯᠭ᠎ᠠ᠎ᠶ᠋ᠢᠨ ᠱᠢᠨ᠎ᠡ ᠴᠢᠭ᠌ᠯᠡᠯ ᠂ ᠮᠣᠩᠭᠣᠯ ᠬᠡᠯᠡ ᠪᠢᠴᠢᠭ᠎ᠦᠨ ᠡᠷᠳᠡᠮ ᠱᠢᠨᠵᠢᠯᠡᠭᠡᠨ᠎ᠦ ᠦᠷ᠎ᠡ ᠪᠦᠲᠦᠭᠡᠯ᠎ᠢ ᠠᠷᠭ᠎ᠠ ᠵᠠᠮ ᠪᠣᠯᠤᠨ ᠬᠡᠷᠡᠭ᠌ᠯᠡᠭᠡᠨ᠎ᠦ ᠂ ᠡᠷᠳᠡᠮ ᠱᠢᠨᠵᠢᠯᠡᠭᠡᠨ᠎ᠦ ᠳᠠᠮᠵᠢᠭᠤᠯᠭ᠎ᠠ᠎ᠶ᠋ᠢᠨ ᠳᠣᠣᠷᠠᠬᠢ ᠮᠣᠩᠭᠣᠯ ᠬᠡᠯᠡ ᠪᠢᠴᠢᠭ᠎ᠦᠨ ᠬᠤᠭᠤᠴᠠᠭᠠᠲᠤ ᠰᠡᠳᠬᠦᠯ᠎ᠦᠨ ᠵᠠᠭᠤᠴᠢᠯᠠᠭᠤᠷ᠎ᠤᠨ ᠠᠭᠤᠰᠤᠯᠴᠠᠯ᠎ᠤᠨ ᠠᠷᠭ᠎ᠠ ᠪᠤᠳᠤᠯᠭ᠎ᠠ ᠂ ᠮᠣᠩᠭᠣᠯ ᠬᠡᠯᠡ ᠪᠢᠴᠢᠭ᠎ᠦᠨ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠪᠣᠯᠤᠨ ᠬᠤᠭᠤᠴᠠᠭᠠᠲᠤ ᠰᠡᠳᠬᠦᠯ᠎ᠦᠨ ᠦᠢᠯᠡᠳᠦᠯᠭᠡ᠎ᠶ᠋ᠢᠨ ᠭᠦᠨᠵᠡᠭᠡᠢ ᠠᠭᠤᠰᠤᠯᠴᠠᠯ᠎ᠤᠨ ᠬᠡᠪ ᠵᠠᠭ᠍ᠪᠤᠷ ᠂ ᠰᠤᠷᠭᠠᠭᠤᠯᠢ ᠰᠡᠳᠬᠦᠯ ᠬᠣᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠲᠣᠭ᠍ᠲᠠᠴᠠ ᠪᠣᠯᠤᠨ ᠡᠬᠢ ᠪᠠᠶᠠᠯᠢᠭ᠎ᠢ ᠡᠳ᠋ᠯᠡᠬᠦ᠌ ᠪᠠᠢᠭᠤᠯᠤᠯᠲᠠ ᠵᠡᠷᠭᠡ ᠡᠷᠳᠡᠮ ᠱᠢᠨᠵᠢᠯᠡᠭᠡᠨ᠎ᠦ ᠰᠤᠳᠤᠯᠭᠠᠨ ᠪᠣᠯᠤᠨ ᠬᠤᠭᠤᠴᠠᠭᠠᠲᠤ ᠰᠡᠳᠬᠦᠯ᠎ᠦᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠰᠡᠳᠦᠪ᠎ᠦᠨ ᠲᠠᠯ᠎ᠠ᠎ᠪᠠᠷ ᠰᠠᠨᠠᠯ᠎ᠢᠶᠠᠨ ᠬᠠᠮᠲᠤ᠎ᠶ᠋ᠢᠨ ᠲᠠᠨᠢᠯᠲᠠ ᠨᠢᠭ᠍ᠲᠠᠷᠠᠭᠤᠯᠪᠠ ᠃
《ᠮᠣᠩᠭᠣᠯ ᠬᠡᠯᠡ 》 ᠰᠡᠳᠬᠦᠯ ᠡᠷᠳᠡᠮ ᠱᠢᠨᠵᠢᠯᠡᠭᠡᠨ᠎ᠦ ᠣᠷᠣᠨ ᠪᠠᠢᠷᠢ ᠂ ᠰᠤᠷᠭᠠᠭᠤᠯᠢ ᠰᠡᠳᠬᠦᠯ᠎ᠦᠨ ᠬᠠᠮᠵᠢᠯᠴᠠᠭ᠎ᠠ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠶᠡᠬᠡ ᠳᠡᠭᠡᠳᠦ ᠰᠤᠷᠭᠠᠭᠤᠯᠢ᠎ᠶ᠋ᠢᠨ ᠤ ᠳᠠᠪᠠᠭᠤᠯᠢᠭ ᠪᠣᠯᠤᠨ ᠰᠤᠳᠤᠯᠭᠠᠨ᠎ᠤ ᠪᠠᠢᠭᠤᠯᠤᠮᠵᠢ᠎ᠶ᠋ᠢᠨ ᠦᠢᠯᠡᠳᠦᠯᠭᠡ᠎ᠶ᠋ᠢᠨ ᠡᠬᠢ ᠪᠠᠶᠠᠯᠢᠭ᠎ᠢ ᠭᠦᠢᠴᠡᠳ ᠨᠡᠢᠳᠭᠡᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌ ᠬᠥᠭ᠌ᠵᠢᠯᠲᠡ᠎ᠶ᠋ᠢᠨ ᠬᠠᠮᠲᠤᠷᠠᠯ᠎ᠤᠨ ᠬᠦᠴᠦᠨ᠎ᠢ ; ᠠᠭᠤᠯᠭ᠎ᠠ᠎ᠶ᠋ᠢᠨ ᠶᠠᠰᠤ ᠴᠢᠨᠠᠷ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠵᠣᠬᠢᠶᠠᠭ᠍ᠴᠢ᠂ ᠨᠠᠢᠷᠠᠭᠤᠯᠤᠭ᠍ᠴᠢ᠂ ᠤᠩᠱᠢᠭ᠍ᠴᠢ ᠭᠤᠷᠪᠠᠨ ᠲᠠᠯ᠎ᠠ᠎ᠶ᠋ᠢᠨ ᠬᠠᠮᠵᠢᠯᠴᠠᠭ᠍ᠰᠠᠨ ᠡᠷᠳᠡᠮ ᠱᠢᠨᠵᠢᠯᠡᠭᠡᠨ᠎ᠦ ᠠᠮᠢ ᠠᠬᠤᠢ᠎ᠶ᠋ᠢ ᠲᠡᠭᠦᠯᠳᠡᠷᠵᠢᠭᠦᠯᠵᠦ᠍᠂ ᠬᠤᠭᠤᠴᠠᠭᠠᠲᠤ ᠰᠡᠳᠬᠦᠯ᠎ᠦᠨ ᠡᠷᠳᠡᠮ ᠱᠢᠨᠵᠢᠯᠡᠭᠡᠨ᠎ᠦ ᠤᠯᠠᠨ ᠨᠡᠢᠲᠡ᠎ᠶ᠋ᠢ ᠢᠲᠡᠭᠡᠭᠦᠯᠬᠦ᠌ ᠬᠦᠴᠦᠨ᠎ᠢ ᠪᠠᠲᠤᠳᠭᠠᠬᠤ ; ᠠᠭᠤᠯᠭ᠎ᠠ᠎ᠶ᠋ᠢᠨ ᠬᠠᠩᠭᠠᠯᠭ᠎ᠠ᠎ᠶ᠋ᠢᠨ ᠪᠠᠶᠠᠯᠢᠭ᠍ᠵᠢᠭᠤᠯᠵᠤ ᠂ ᠮᠣᠩᠭᠣᠯ ᠦᠭᠡ ᠬᠡᠯᠡ ᠥᠰᠥᠭ ᠪᠢᠴᠢᠭ᠎ᠦᠨ ᠰᠤᠳᠤᠯᠭᠠᠨ᠎ᠤ ᠱᠢᠨ᠎ᠡ ᠬᠦᠷᠢᠶ᠎ᠡ ᠂ ᠱᠢᠨ᠎ᠡ ᠦᠷ᠎ᠡ ᠪᠦᠲᠦᠭᠡᠯ᠎ᠲᠡᠶ ᠤᠶᠠᠯᠳᠤᠭᠤᠯᠤᠨ ᠬᠤᠭᠤᠴᠠᠭᠠᠲᠤ ᠰᠡᠳᠬᠦᠯ᠎ᠦᠨ ᠪᠤᠯᠤᠩ᠎ᠢ ᠥᠷᠭᠡᠳᠭᠡᠵᠦ᠍ ᠂ ᠠᠳᠠᠯᠢ ᠪᠤᠰᠤ ᠡᠷᠳᠡᠮ ᠱᠢᠨᠵᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ; ᠲᠠᠷᠬᠠᠭᠠᠯᠲᠠ᠎ᠶ᠋ᠢᠨ ᠪᠦᠷᠬᠦᠴᠡ᠎ᠶ᠋ᠢᠨ ᠶ᠋ᠢ ᠥᠷᠭᠡᠳᠭᠡᠵᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠤᠬᠠᠭᠤᠯᠭ᠎ᠠ᠎ᠶ᠋ᠢᠨ ᠵᠢᠭ᠍ᠰᠠᠭᠠᠯ᠎ᠢ ᠲᠡᠭᠦᠯᠳᠡᠷᠵᠢᠭᠦᠯᠵᠦ᠍᠂ ᠵᠠᠭᠤᠴᠢᠯᠠᠭᠤᠷ᠎ᠤᠨ ᠠᠭᠤᠰᠤᠯᠴᠠᠯ᠎ᠤᠨ ᠬᠠᠨᠳᠤᠰᠢ᠎ᠶ᠋ᠢ ᠡᠵᠡᠮᠳᠡᠬᠦ᠌᠎ᠳᠦ ᠵᠣᠬᠢᠴᠠᠵᠤ᠂ ᠣᠬᠣᠷ ᠸᠢᠳᠢᠣ᠋᠂ ᠤᠯᠠᠨ ᠨᠡᠢᠲᠡ᠎ᠶ᠋ᠢᠨ ᠳ᠋ᠤᠭᠠᠷ᠂ ᠬᠡᠪᠯᠡᠯ ᠵᠡᠷᠭᠡ ᠱᠢᠨ᠎ᠡ ᠬᠡᠯᠪᠡᠷᠢ᠎ᠶ᠋ᠢᠨ ᠳᠠᠮᠵᠢᠭᠤᠯᠭ᠎ᠠ᠎ᠶ᠋ᠢᠨ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠡᠷᠳᠡᠮ ᠱᠢᠨᠵᠢᠯᠡᠭᠡᠨ᠎ᠦ ᠦᠷ᠎ᠡ ᠪᠦᠲᠦᠭᠡᠯ᠎ᠦᠨ ᠳᠠᠮᠵᠢᠭᠤᠯᠭ᠎ᠠ᠎ᠶ᠋ᠢᠨ ᠬᠦᠴᠦᠨ ᠪᠣᠯᠤᠨ ᠨᠥᠯᠥᠭᠡᠯᠡᠬᠦ᠌ ᠬᠦᠴᠦᠨ᠎ᠢ ; ᠪᠠᠢᠩᠭᠤᠵᠢᠭᠤᠯᠤᠭ᠍ᠰᠠᠨ ᠰᠣᠯᠢᠯᠴᠠᠭᠠᠨ᠎ᠤ ᠲᠠᠪᠴᠠᠩ᠎ᠢ ᠤᠯᠠᠮ ᠨᠢᠭᠡ ᠠᠯᠬᠤᠮ ᠪᠠᠢᠭᠤᠯᠵᠤ ᠂ ᠱᠢᠯᠢᠳᠡᠭ ᠡᠬᠡ ᠪᠢᠴᠢᠭ᠎ᠦᠨ ᠢᠷᠡᠯᠲᠡ᠎ᠶ᠋ᠢᠨ ᠠᠷᠭ᠎ᠠ ᠵᠠᠮ᠎ᠢ ᠥᠷᠭᠡᠳᠭᠡᠨ ᠂ ᠬᠤᠭᠤᠴᠠᠭᠠᠲᠤ ᠰᠡᠳᠬᠦᠯ᠎ᠳᠦ ᠦᠷᠭᠦᠯᠵᠢᠯᠡᠨ ᠬᠥᠭ᠌ᠵᠢᠭᠦᠯᠬᠦ᠌ ᠬᠥᠳᠡᠯᠭᠡᠬᠦ᠌ ᠬᠦᠴᠦᠨ ᠨᠡᠮᠡᠷᠢᠯᠡᠵᠦ᠍ ᠂ 《 ᠮᠣᠩᠭᠣᠯ ᠬᠡᠯᠡ 》 ᠰᠡᠳᠬᠦᠯ᠎ᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠲᠦ ᠨᠠᠩ ᠰᠠᠢᠨ ᠲᠤᠰᠭᠠᠶ ᠮᠡᠷᠭᠡᠵᠢᠯᠲᠡᠨ ᠡᠷᠳᠡᠮᠲᠡᠳ 《 ᠮᠣᠩᠭᠣᠯ ᠬᠡᠯᠡ 》 ᠰᠡᠳᠬᠦᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠠᠯᠢ ᠣᠯᠠᠨ ᠪᠦᠲᠦᠭᠡᠯᠴᠢ ᠴᠢᠨᠠᠷᠲᠠᠶ ᠰᠠᠨᠠᠯ ᠳᠤᠷᠠᠳᠪᠠ ᠃
ᠲᠣᠰ ᠤᠳᠠᠭᠠᠨ᠎ᠤ ᠪᠠᠢᠴᠠᠭᠠᠨ ᠰᠤᠳᠤᠯᠤᠯᠲᠠ ᠨᠢ ᠰᠤᠷᠭᠠᠭᠤᠯᠢ ᠰᠡᠳᠬᠦᠯ ᠬᠣᠶᠠᠷ ᠲᠠᠯ᠎ᠠ᠎ᠳᠤ ᠥᠨᠳᠥᠷ ᠪᠦᠲᠦᠮᠵᠢᠲᠡᠶ ᠡᠷᠳᠡᠮ ᠱᠢᠨᠵᠢᠯᠡᠭᠡᠨ᠎ᠦ ᠰᠣᠯᠢᠯᠴᠠᠭ᠎ᠠ ᠪᠠ ᠬᠠᠮᠲᠤᠷᠠᠯᠴᠠᠭ᠎ᠠ᠎ᠶ᠋ᠢ ᠵᠣᠯᠭᠠᠭᠤᠯᠬᠤ ᠲᠠᠪᠴᠠᠩ᠎ᠢ ᠪᠠᠢᠭᠤᠯᠤᠨ ᠥᠭ᠌ᠴᠦ ᠂ 《 ᠮᠣᠩᠭᠣᠯ ᠬᠡᠯᠡ 》 ᠰᠡᠳᠬᠦᠯ᠎ᠦᠨ ᠬᠥᠭ᠌ᠵᠢᠯᠲᠡ᠎ᠳᠦ ᠱᠢᠨ᠎ᠡ ᠰᠡᠳᠭᠢᠴᠡ ᠂ ᠱᠢᠨ᠎ᠡ ᠠᠷᠭ᠎ᠠ ᠵᠠᠮ᠎ᠢ ᠤᠯᠠᠮ ᠨᠢᠭᠡ ᠠᠯᠬᠤᠮ ᠲᠣᠳᠣᠷᠬᠠᠢᠯᠠᠭ᠍ᠰᠠᠨ ᠪᠠᠢᠨ᠎ᠠ ᠃ ᠳᠠᠷᠠᠭᠠᠴᠢ᠎ᠶ᠋ᠢᠨ ᠠᠯᠬᠤᠮ᠎ᠳᠤ᠂ ᠬᠣᠶᠠᠷ ᠲᠠᠯ᠎ᠠ᠎ᠪᠠᠷ᠎ᠢᠶᠠᠨ ᠲᠤᠰ ᠤᠳᠠᠭ᠎ᠠ᠎ᠶ᠋ᠢᠨ ᠬᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠯ᠎ᠡ ᠵᠦᠢᠯ᠎ᠦᠨ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠡᠷᠳᠡᠮ ᠱᠢᠨᠵᠢᠯᠡᠭᠡᠨ᠎ᠦ ᠰᠤᠳᠤᠯᠭᠠᠨ᠂ ᠬᠤᠭᠤᠴᠠᠭᠠᠲᠤ ᠰᠡᠳᠬᠦᠯ᠎ᠦᠨ ᠪᠠᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠴᠢᠨᠠᠷ ᠰᠠᠢᠲᠠᠢ ᠡᠷᠳᠡᠮ ᠱᠢᠨᠵᠢᠯᠡᠭᠡᠨ᠎ᠦ ᠳᠠᠮᠵᠢᠭᠤᠯᠭ᠎ᠠ᠎ᠪᠠᠷ ᠬᠣᠯᠪᠣᠭᠠᠰᠤ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠰᠣᠶᠣᠯ᠎ᠤᠨ ᠦᠢᠯᠡᠰ᠎ᠦᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ᠃