ᠣᠢ᠌ᠷ᠎ᠠ ᠵᠢᠨ ᠵᠢᠯ᠂ ᠪᠠᠷᠠᠭᠤᠨ ᠦᠵᠦᠮᠦᠴᠢᠨ ᠬᠣᠰᠢᠭᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠵᠤ᠂ ᠪᠠᠢ᠌ᠭ᠋ᠠᠯᠢ ᠵᠢᠨ ᠥᠪᠡᠷᠮᠢᠴᠡ ᠥᠩᠭᠡ ᠦᠵᠡᠮᠵᠢ᠂ ᠰᠣᠶᠣᠯ ᠢᠷᠭᠡᠨᠰᠢᠯ᠎ᠤᠨ ᠠᠭᠤᠯᠤᠭᠳᠠᠬᠤᠨ ᠪᠣᠯᠤᠨ ᠣᠯᠠᠨ ᠡᠰᠢᠵᠢᠨ ᠠᠭᠤᠰᠤᠯᠴᠠᠭᠰᠠᠨ ᠦᠨᠳᠦᠰᠦᠲᠡᠨ᠎ᠤ ᠰᠣᠶᠣᠯ᠎ᠳᠤ ᠲᠦᠰᠢᠭᠯᠡᠵᠦ᠂ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠠᠮ᠎ᠢ ᠳᠡᠪᠢᠰᠪᠡ᠃
ᠠᠮᠢ ᠠᠬᠤᠢ ᠵᠢᠨ ᠲᠠᠯ᠎ᠠ ᠨᠤᠲᠤᠭ᠎ᠤᠨ ᠦᠵᠡᠮᠵᠢ ᠵᠢᠨ ᠵᠠᠮ᠎ᠢ ᠴᠤᠭᠴᠠᠯᠠᠵᠤ᠂ ᠵᠢᠭᠤᠯᠴᠢᠯᠠᠯ᠎ᠢ ᠬᠦᠭᠵᠢᠭᠦᠯᠪᠡ᠃
《ᠬᠥᠳᠡᠭᠡ ᠲᠣᠰᠬᠣᠨ᠎ᠤ ᠳᠥᠷᠪᠡᠨ ᠰᠠᠢ᠌ᠨᠲᠠᠢ ᠵᠠᠮ》᠎ᠤᠨ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠶᠡᠬᠡ᠎ᠪᠠᠷ ᠬᠡᠷᠡᠭᠵᠢᠬᠦᠯᠵᠦ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠬᠢᠭᠡᠳ ᠮᠠᠯᠵᠢᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ ᠪᠠ ᠰᠢᠨ᠎ᠡ ᠮᠠᠯᠵᠢᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢ ᠤᠶᠠᠯᠳᠤᠭᠤᠯᠵᠤ᠂ 2.5 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ᠂ 160 ᠺᠢᠯᠣᠮᠧᠲᠷ᠎ᠤᠨ ᠮᠤᠬᠤᠷ ᠵᠠᠮ᠎ᠢ ᠨᠡᠪᠳᠡᠷᠡᠬᠦᠯᠵᠦ᠂ 6 ᠦᠵᠡᠮᠵᠢ ᠵᠢᠨ ᠣᠷᠣᠨ᠎ᠢ ᠬᠤᠯᠪᠤᠵᠤ᠂ 1 ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ 22 ᠲᠠᠯ᠎ᠠ ᠨᠤᠲᠤᠭ᠎ᠤᠨ ᠠᠷᠠᠳ᠎ᠤᠨ ᠠᠢ᠌ᠯ ᠪᠠᠭᠤᠳᠠᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭᠤᠯᠴᠢᠯᠠᠯ᠎ᠤᠨ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠂ ᠰᠣᠶᠣᠯ᠎ᠤᠨ ᠭᠣᠤᠯ ᠰᠡᠳᠦᠪᠲᠦ ᠥᠷᠲᠡᠭᠡ ᠵᠡᠷᠭᠡ᠎ᠳᠤ ᠵᠠᠮ ᠨᠡᠪᠲᠡᠷᠡᠭᠦᠯᠵᠡᠢ᠃ 《ᠵᠠᠮ᠎ᠢ ᠦᠵᠡᠮᠵᠢ ᠵᠢᠨ ᠤᠷᠤᠨ᠎ᠳᠤ ᠨᠡᠪᠲᠡᠷᠡᠭᠦᠯᠬᠦ》᠂ 《ᠵᠠᠮ ᠵᠶ᠋ᠠᠷ ᠦᠵᠡᠮᠵᠢ ᠵᠢᠨ ᠣᠷᠤᠨ᠎ᠢ ᠬᠡᠯᠬᠢᠭᠰᠡᠨ》 ᠬᠠᠮᠤᠭ᠎ᠤᠨ ᠭᠣᠶᠣ ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠰᠣᠳᠣᠨ ᠵᠢᠭᠤᠯᠴᠢᠯᠠᠯ᠎ᠤᠨ ᠱᠤᠭᠤᠮ᠎ᠢ ᠪᠥᠲᠥᠭᠡᠨ ᠪᠠᠢ᠌ᠭᠤᠯᠤᠭ᠋ᠠᠳ ᠳᠥᠷᠪᠡᠨ ᠵᠦᠭ ᠨᠠᠢᠮᠠᠨ ᠵᠣᠪᠬᠢᠰ᠎ᠲᠤ ᠨᠡᠪᠲᠡᠷᠡᠭᠰᠡᠨ᠂ ᠵᠠᠮ ᠦᠵᠡᠮᠵᠢ ᠬᠣᠣᠰᠯᠠᠭᠰᠠᠨ ᠵᠠᠮ ᠲᠡᠭᠡᠭᠡᠪᠦᠷᠢ ᠵᠢᠨ ᠲᠣᠤᠷ ᠰᠦᠯᠵᠢᠶ᠎ᠡ ᠵᠢ ᠪᠣᠢ ᠪᠣᠯᠭ᠋ᠠᠵᠠᠢ᠃ 《ᠲᠠᠯ᠎ᠠ ᠨᠤᠲᠤᠭ᠎ᠤᠨ 99 ᠨᠣᠮᠧᠷᠲᠤ ᠵᠠᠰᠠᠮᠠᠯ ᠵᠠᠮ》᠎ᠤᠨ ᠪᠥᠬᠥ ᠰᠦᠯᠵᠢᠶᠡᠨ ᠳᠡᠭᠡᠷᠡᠬᠢ ᠳᠠᠷᠤᠮ᠎ᠤᠨ ᠲᠣᠭ᠎ᠠ ᠪᠠ ᠤᠩᠰᠢᠭᠰᠠᠨ ᠬᠦᠮᠦᠨ᠎ᠤ ᠲᠤᠭ᠎ᠠ᠎ᠨᠢ 1500 ᠲᠦᠮᠡᠨ ᠤᠳᠠᠭ᠎ᠠ ᠵᠢ ᠳᠠᠪᠠᠪᠠ᠂ 《99 ᠨᠣᠮᠧᠷᠲᠤ ᠵᠠᠰᠠᠮᠠᠯ ᠵᠠᠮ》 ᠭᠡᠬᠦ ᠣᠬᠣᠷ ᠵᠦᠴᠦᠭᠡ᠎ᠨᠢ ᠥᠪᠡᠷᠲᠡᠭᠡᠨ ᠵᠠᠰᠠᠬᠤ ᠣᠷᠣᠨ᠎ᠤ 《ᠣᠬᠣᠷ ᠵᠦᠴᠦᠭᠡ᠎ᠪᠠᠷ ᠵᠢᠭᠤᠯᠴᠢᠯᠠᠬᠤ》 ᠲᠠᠨᠢᠯᠴᠠᠭᠤᠯᠭ᠎ᠠ ᠵᠢᠨ ᠵᠦᠴᠦᠭᠡ᠎ᠳᠤ ᠰᠤᠩᠭᠤᠭᠳᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠤᠭ᠋ᠠᠴᠠᠭᠰᠠᠳ᠎ᠤᠨ ᠲᠠᠯ᠎ᠠ ᠨᠤᠲᠤᠭ ᠵᠶ᠋ᠠᠷ ᠲᠣᠭᠣᠷᠢᠨ ᠵᠤᠭ᠋ᠠᠴᠠᠬᠤ ᠦᠶ᠎ᠠ᠎ᠳᠤ ᠵᠠᠪᠠᠯ ᠬᠦᠷᠬᠦ ᠭᠠᠵᠠᠷ ᠪᠤᠯᠤᠭᠰᠠᠨ ᠪᠠᠢ᠌ᠨ᠎ᠠ᠃




ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠵᠤ᠂ ᠵᠠᠮ᠎ᠲᠠᠢ ᠪᠣᠯᠤᠭ᠋ᠠᠳ ᠠᠷᠠᠳ ᠪᠠᠶᠠᠵᠢᠪᠠ᠃
ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》᠎ᠤᠨ ᠪᠥᠲᠥᠭᠡᠨ ᠪᠠᠢ᠌ᠭᠤᠯᠤᠯᠲᠠ᠎ᠨᠢ ᠮᠠᠯᠵᠢᠬᠤ ᠣᠷᠣᠨ᠎ᠤ ᠵᠠᠮ ᠱᠤᠭᠤᠮ᠎ᠤᠨ ᠪᠥᠲᠥᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠮ ᠳᠠᠭ᠋ᠠᠤ ᠮᠠᠯᠴᠢᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠳᠤ ᠲᠤᠢ᠌ᠯ᠎ᠤᠨ ᠶᠡᠬᠡ ᠲᠥᠬᠥᠮ ᠦᠵᠡᠭᠦᠯᠦᠭᠰᠡᠨ ᠪᠥᠭᠡᠳ ᠣᠷᠣᠨ ᠪᠦᠰᠡ ᠵᠢᠨ ᠰᠣᠶᠣᠯ᠂ ᠵᠢᠭᠤᠯᠴᠢᠯᠠᠯ᠂ ᠤᠨᠴᠠᠯᠢᠭᠳᠤ ᠠᠵᠤ ᠦᠢᠯᠡᠰ ᠵᠡᠷᠭᠡ ᠡᠬᠢ ᠪᠠᠶᠠᠯᠢᠭ᠎ᠢ ᠪᠦᠲᠦᠮᠵᠢᠲᠡᠶ ᠠᠰᠢᠭᠯᠠᠵᠤ᠂ ᠵᠠᠮ ᠳᠠᠭ᠋ᠠᠤ 5 ᠰᠤᠮᠤ ᠪᠠᠯᠭ᠋ᠠᠰᠤᠨ᠎ᠤ ᠠᠵᠤ ᠦᠢᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢ ᠰᠢᠭᠤᠳ ᠳᠠᠢ᠌ᠴᠢᠯᠠᠭᠰᠠᠨ ᠪᠠᠢ᠌ᠨ᠎ᠠ᠃ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠨᠴᠠᠯᠢᠭᠲᠤ ᠠᠢ᠌ᠯ ᠲᠣᠰᠬᠣᠨ᠂ ᠤᠯᠤᠰ᠎ᠤᠨ ᠲᠠᠰ᠎ᠤᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠬᠥᠳᠡᠭᠡ ᠲᠣᠰᠬᠣᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠳᠣᠨ ᠲᠠᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ᠂ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ ᠵᠡᠷᠭᠡ ᠵᠢᠨ ᠨᠦᠯᠦᠬᠡᠯᠡᠯ ᠵᠢᠡᠷ ᠵᠠᠮ ᠳᠠᠭ᠋ᠠᠤ ᠣᠯᠠᠨ ᠲᠦᠮᠡᠨ᠎ᠢ ᠳᠠᠢ᠌ᠴᠢᠯᠠᠨ 《ᠬᠡᠷ ᠪᠦᠯᠢ ᠵᠢᠨ ᠮᠠᠯᠵᠢᠯ᠎ᠤᠨ ᠲᠠᠯᠠᠪᠠᠶ + ᠵᠢᠭᠤᠯᠴᠢᠯᠠᠯ》᠂ 《ᠠᠷᠠᠳ᠎ᠤᠨ ᠵᠠᠩ ᠦᠢᠯᠡ + ᠠᠷᠠᠳ᠎ᠤᠨ ᠠᠢ᠌ᠯ ᠪᠠᠭᠤᠳᠠᠯ》᠂ 《ᠪᠣᠳᠠᠰ᠎ᠤᠨ ᠪᠤᠰᠤ ᠰᠣᠶᠣᠯ᠎ᠤᠨ ᠥᠪ + ᠰᠣᠶᠣᠯ᠎ᠤᠨ ᠪᠡᠶᠡᠴᠢ ᠣᠢ᠌ᠯᠠᠭ᠋ᠠᠯᠲᠠ》 ᠵᠡᠷᠭᠡ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠥᠷᠭᠡᠨ ᠬᠡᠪᠴᠢᠶ᠎ᠠ᠎ᠪᠠᠷ ᠤᠷᠤᠯᠴᠠᠳᠠᠭ᠂ ᠭᠦᠨᠵᠡᠭᠡᠶ ᠤᠢ᠌ᠯᠠᠭ᠋ᠠᠳᠠᠭ ᠲᠠᠯ᠎ᠠ ᠨᠤᠲᠤᠭ᠎ᠤᠨ ᠣᠨᠴᠠᠯᠢᠭᠲᠤ ᠵᠢᠭᠤᠯᠴᠢᠯᠠᠯ᠎ᠤᠨ ᠦᠢᠯᠡᠴᠢᠯᠡᠭᠡ᠂ ᠲᠠᠯ᠎ᠠ ᠨᠤᠲᠤᠭ᠎ᠤᠨ ᠠᠷᠠᠳ᠎ᠤᠨ ᠠᠢ᠌ᠯ ᠪᠠᠭᠤᠳᠠᠯ ᠵᠡᠷᠭᠡ ᠬᠠᠮᠢᠶ᠎ᠠ ᠪᠥᠬᠥᠶ ᠠᠵᠤ ᠦᠢᠯᠡᠰ᠎ᠢ ᠬᠥᠭᠵᠢᠭᠦᠯᠵᠦ᠂ ᠤᠷᠤᠯᠭ᠎ᠠ ᠵᠢ᠎ᠨᠢ ᠨᠡᠮᠡᠭᠳᠡᠬᠦᠯᠪᠠ᠃ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠬᠣᠰᠢᠭᠤᠨ᠎ᠤ ᠵᠢᠭᠤᠯᠴᠢᠯᠠᠯ᠎ᠤᠨ ᠣᠷᠣᠯᠭ᠎ᠠ ᠵᠢ 6.85 ᠳ᠋ᠦᠩᠰᠢᠭᠤᠷ ᠲᠥᠭᠥᠷᠢᠭ ᠨᠡᠮᠡᠭᠳᠡᠭᠦᠯᠵᠦ᠂ ᠵᠠᠮ ᠳᠠᠭ᠋ᠠᠤ ᠰᠠᠭᠤᠷᠢᠰᠢᠭ᠎ᠠ ᠲᠦᠮᠡ ᠭᠠᠷᠤᠶ ᠮᠠᠯᠴᠢᠳ᠎ᠤᠨ ᠵᠢᠯ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢ ᠦᠷᠭᠦᠯᠵᠢᠯᠡᠨ ᠨᠡᠮᠡᠭᠳᠡᠪᠡ᠃



ᠵᠠᠩ ᠦᠢ᠍ᠯᠡ ᠰᠣᠶᠣᠯ᠎ᠤᠨ ᠦᠵᠡᠭᠦᠯᠭᠡ ᠵᠢᠨ ᠵᠠᠮ᠎ᠢ ᠴᠣᠭᠴᠠᠯᠠᠵᠤ᠂ ᠵᠠᠮ᠎ᠲᠠᠢ ᠪᠣᠯᠤᠭ᠋ᠠᠳ ᠰᠤᠶᠤᠯ ᠪᠠᠳᠠᠷᠠᠪᠠ᠃
ᠲᠠᠯ᠎ᠠ ᠨᠤᠲᠤᠭ᠎ᠤᠨ 《99 ᠨᠣᠮᠧᠷᠲᠤ ᠵᠠᠰᠠᠮᠠᠯ ᠵᠠᠮ》 ᠳᠠᠭ᠋ᠠᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ ᠰᠠᠭᠤᠷᠢᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠠᠭᠤᠷᠢᠨ ᠭᠠᠵᠠᠷ᠂ ᠲᠠᠯ᠎ᠠ ᠨᠤᠲᠤᠭ᠎ᠤᠨ ᠠᠷᠠᠳ᠎ᠤᠨ ᠠᠢ᠌ᠯ ᠪᠠᠭᠤᠳᠠᠯ ᠵᠡᠷᠭᠡ ᠵᠢ ᠪᠠᠢ᠌ᠭᠤᠯᠵᠤ᠂ 《ᠬᠤᠪᠢᠰᠬᠠᠯ᠎ᠤᠨ ᠰᠤᠳᠤᠯᠤᠨ ᠰᠤᠷᠤᠯᠴᠠᠬᠤ + ᠠᠷᠠᠳ᠎ᠤᠨ ᠵᠠᠩ ᠦᠢ᠍ᠯᠡ ᠵᠢ ᠪᠡᠶᠡᠴᠢᠯᠡᠨ ᠣᠢ᠌ᠯᠠᠭ᠋ᠠᠬᠤ + ᠪᠡᠶ᠎ᠡ ᠵᠢᠨ ᠲᠠᠮᠢᠷ᠎ᠤᠨ ᠬᠥᠳᠡᠯᠭᠡᠭᠡᠨ》᠎ᠲᠠᠢ ᠵᠢᠭᠤᠯᠴᠢᠯᠠᠯ ᠵᠶ᠋ᠠᠷ ᠳᠠᠮᠵᠢᠭᠤᠯᠵᠤ᠂ ᠡᠯ᠎ᠡ ᠦᠨᠳᠦᠰᠦᠲᠡᠨ᠎ᠤ ᠵᠤᠭ᠋ᠠᠴᠠᠭᠰᠠᠳ᠎ᠲᠤ ᠲᠠᠯ᠎ᠠ ᠨᠤᠲᠤᠭ᠎ᠤᠨ ᠰᠣᠶᠣᠯ᠎ᠢ ᠮᠡᠳᠡᠷᠡᠭᠦᠯᠵᠡᠢ᠂ 《ᠪᠢ ᠮᠤᠩᠭᠤᠯ ᠮᠤᠷᠢ᠎ᠲᠠᠢ᠎ᠪᠠᠨ》 ᠭᠡᠬᠦ ᠰᠤᠳᠤᠯᠤᠨ ᠰᠤᠷᠤᠯᠴᠠᠬᠤ ᠵᠠᠮ ᠱᠤᠭᠤᠮ᠎ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠦᠯᠦᠭ 《ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠣᠳᠣᠨ ᠵᠠᠮ ᠱᠤᠭᠤᠮ》᠎ᠤᠨ ᠲᠦᠷᠦᠯ ᠵᠦᠢ᠍ᠯ᠎ᠳᠤ ᠰᠣᠩᠭᠣᠭᠳᠠᠪᠠ᠃ ᠦᠨᠳᠦᠰᠦᠲᠡᠨ᠎ᠤ ᠰᠣᠶᠣᠯ ᠪᠠ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠥᠭᠵᠢᠭᠦᠯᠵᠦ᠂ 《ᠨᠠᠭ᠋ᠠᠳᠤᠮ᠎ᠤᠨ ᠪᠤᠯᠵᠤᠭ᠎ᠠ》᠂ ᠦᠵᠦᠮᠦᠴᠢᠨ ᠰᠠᠭ᠋ᠠᠷᠠᠯ ᠠᠳᠤᠭᠤᠨ᠎ᠤ ᠰᠣᠶᠣᠯ᠎ᠤᠨ ᠨᠠᠢ᠌ᠷ᠂ ᠮᠣᠩᠭᠣᠯ ᠮᠣᠷᠢᠨ᠎ᠤ ᠬᠠᠮᠲᠤᠷᠠᠭᠰᠠᠨ ᠤᠷᠤᠯᠳᠤᠭ᠋ᠠᠨ᠂ ᠪᠣᠳᠠᠰ᠎ᠤᠨ ᠪᠤᠰᠤ ᠰᠣᠶᠣᠯ᠎ᠤᠨ ᠨᠠᠢ᠌ᠷ ᠵᠡᠷᠭᠡ ᠦᠨᠳᠦᠰᠦᠲᠡᠨ᠎ᠨᠦᠭᠦᠳ᠎ᠤᠨ ᠬᠠᠮᠳᠤ᠎ᠪᠠᠷ ᠡᠳ᠋ᠯᠡᠬᠦ ᠪᠠᠶᠠᠷ ᠳᠤᠷᠠᠰᠬᠠᠯ᠎ᠤᠨ ᠲᠥᠷᠥᠯ ᠲᠡᠮᠳᠡᠭ᠎ᠢ ᠵᠢ ᠪᠥᠬᠥ ᠬᠦᠴᠦᠨ ᠵᠶ᠋ᠡᠷ ᠪᠣᠶ ᠪᠣᠯᠭ᠋ᠠᠵᠤ᠂ 《99 ᠨᠤᠮᠸᠷᠳᠦ ᠵᠠᠰᠠᠮᠠᠯ ᠵᠠᠮ᠎ᠢ ᠳᠤᠭᠤᠯᠬᠤ》 ᠰᠢᠷᠢᠰ ᠰᠣᠶᠣᠯ ᠵᠢᠭᠤᠯᠴᠢᠯᠠᠯ᠎ᠤᠨ ᠤᠷᠤᠯᠳᠤᠭ᠋ᠠᠨ᠎ᠤ ᠠᠵᠢᠯᠯᠠᠭ᠎ᠠ ᠵᠢ 30 ᠭᠠᠷᠤᠶ ᠲᠠᠯᠠᠪᠠᠶ ᠤᠳᠠᠭ᠎ᠠ ᠥᠷᠨᠢᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪ᠎ᠤᠨ ᠲᠣᠭᠣᠷᠢᠨ᠎ᠳᠤ 《ᠦᠵᠦᠮᠦᠴᠢᠨ ᠰᠠᠭ᠋ᠠᠷᠠᠯ ᠠᠳᠤᠭᠤ》 ᠵᠡᠷᠭᠡ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠣᠯ ᠵᠢᠷᠭ᠋ᠠᠯᠲᠤ ᠭᠡᠷ ᠣᠷᠣᠨ》 ᠭᠡᠬᠦ ᠭᠣᠣᠯ ᠰᠡᠳᠦᠪᠲᠦ ᠦᠳᠡᠰᠢᠯᠡᠭᠡ ᠵᠢ ᠡᠷᠬᠢᠯᠡᠵᠦ᠂ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠦᠵᠦᠮᠦᠴᠢᠨ ᠬᠤᠷᠢᠮ᠎ᠤᠨ ᠶᠣᠰᠣᠯᠠᠯ᠎ᠤᠨ ᠦᠵᠡᠭᠳᠡᠯᠲᠦ ᠵᠦᠴᠦᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠣᠶᠣᠯ᠎ᠤᠨ ᠦᠵᠡᠭᠦᠯᠭᠡ ᠵᠡᠷᠭᠡ ᠠᠵᠢᠯᠯᠠᠭ᠎ᠠ ᠵᠢ ᠡᠷᠬᠢᠯᠡᠭᠡᠳ ᠵᠢᠭᠤᠯᠴᠢᠯᠠᠯ᠎ᠳᠤ ᠰᠣᠶᠣᠯ᠎ᠤᠨ ᠵᠢᠭᠦᠷ᠎ᠢ ᠤᠷᠭᠤᠭᠤᠯᠵᠤ᠂ ᠳᠤᠮᠳᠠᠳᠤ ᠵᠢᠨ ᠥᠪᠡᠷᠮᠢᠴᠡ ᠰᠣᠶᠣᠯ ᠵᠢᠭᠤᠯᠴᠢᠯᠠᠯ᠎ᠤᠨ ᠪᠡᠶᠡᠴᠢᠯᠡᠨ ᠤᠢ᠌ᠯᠠᠭ᠋ᠠᠬᠤ ᠭᠠᠵᠠᠷ ᠪᠤᠯᠤᠭᠰᠠᠨ ᠪᠠᠢ᠌ᠨ᠎ᠠ᠃




ᠨᠡᠭᠡᠭᠡᠯᠲᠡᠲᠡᠢ ᠪᠠᠭᠲᠠᠭ᠋ᠠᠮᠵᠢᠲᠠᠢ ᠡᠶ᠎ᠡ ᠵᠣᠬᠢᠴᠠᠩᠭᠤᠢ ᠵᠠᠮ᠎ᠢ ᠴᠣᠭᠴᠠᠯᠠᠵᠤ᠂ ᠵᠠᠮ᠎ᠲᠠᠢ ᠪᠣᠯᠤᠭ᠋ᠠᠳ ᠠᠭᠤᠰᠤᠯᠴᠠᠭ᠎ᠠ ᠨᠡᠮᠡᠭᠳᠡᠪᠡ᠃
《ᠪᠠᠷᠠᠭᠤᠨ ᠦᠵᠦᠮᠦᠴᠢᠨ ᠬᠣᠰᠢᠭᠤᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠨ ᠳᠡᠮᠵᠢᠬᠦ ᠠᠷᠭ᠎ᠠ》᠂ 《ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠬᠡᠷᠡᠭᠵᠢᠭᠦᠯᠬᠦ ᠰᠠᠨᠠᠯ》 ᠵᠡᠷᠭᠡ ᠵᠢ ᠲᠣᠭᠲᠠᠭ᠋ᠠᠨ ᠬᠡᠷᠡᠭᠵᠢᠬᠦᠯᠵᠦ᠂ ᠵᠢᠭᠤᠯᠴᠢᠯᠠᠯ᠎ᠤᠨ ᠬᠥᠭᠵᠢᠯᠲᠡ ᠵᠢ ᠲᠡᠳᠬᠦᠬᠦ ᠱᠠᠩᠨᠠᠯ᠎ᠤᠨ ᠮᠥᠩᠭᠥ 215 ᠲᠦᠮᠡᠨ ᠲᠥᠭᠥᠷᠢᠭ ᠤᠯᠭᠤᠵᠤ᠂ 2.6 ᠳ᠋ᠦᠩᠰᠢᠭᠤᠷ ᠲᠥᠭᠥᠷᠢᠭ ᠵᠠᠷᠤᠴᠠᠭᠤᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠦᠵᠡᠮᠵᠢ ᠵᠢᠨ ᠣᠷᠣᠨ᠎ᠳᠤ ᠣᠷᠤᠭᠤᠯᠬᠤ ᠢᠨᠵᠧᠨᠧᠷᠢᠩ᠎ᠢ ᠬᠡᠷᠡᠭᠵᠢᠬᠦᠯᠵᠦ᠂ ᠵᠢᠭᠤᠯᠴᠢᠯᠠᠯ᠎ᠤᠨ ᠵᠠᠰᠠᠮᠠᠯ ᠵᠠᠮ᠂ ᠪᠠᠭᠤᠳᠠᠯ᠎ᠢ ᠪᠥᠲᠥᠭᠡᠨ ᠪᠠᠢ᠌ᠭᠤᠯᠵᠤ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠎ᠤᠨ ᠲᠤᠨᠤᠭ ᠲᠦᠬᠦᠬᠡᠷᠦᠮᠵᠢ ᠵᠢ ᠰᠠᠢ᠌ᠵᠢᠷᠠᠭᠤᠯᠵᠤ᠂ 《ᠮᠦᠭᠳᠡᠨ — ᠪᠠᠷᠠᠭᠤᠨ ᠦᠵᠦᠮᠦᠴᠢᠨ ᠬᠣᠰᠢᠭᠤ》᠂ 《ᠴᠠᠩᠴᠦ᠋ᠨ — ᠪᠠᠷᠠᠭᠤᠨ ᠦᠵᠦᠮᠦᠴᠢᠨ ᠬᠣᠰᠢᠭᠤ》 ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ ᠵᠢ ᠨᠡᠪᠳᠡᠷᠡᠬᠦᠯᠵᠦ᠂ ᠱᠠᠩᠬᠠᠢ᠂ ᠬᠠᠩᠵᠧᠦ ᠵᠡᠷᠭᠡ ᠭᠣᠣᠯ ᠬᠣᠲᠠ᠎ᠳᠤ ᠤᠴᠢᠬᠤ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠠᠵᠢᠯᠯᠠᠭ᠎ᠠ ᠵᠢ 14 ᠲᠠᠯᠠᠪᠤᠷ ᠦᠷᠨᠢᠬᠦᠯᠵᠦ᠂ ᠵᠢᠭᠤᠯᠴᠢᠯᠠᠯ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠬᠦᠯᠵᠦ᠂ ᠵᠢᠭᠤᠯᠴᠢᠯᠠᠯ᠎ᠤᠨ ᠴᠢᠨᠠᠷ ᠰᠠᠢ᠌ᠲᠠᠶ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ᠌ᠯᠡᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠬᠣᠰᠢᠭᠤ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠤᠭ᠋ᠠᠴᠠᠭᠰᠠᠳ᠎ᠢ 153 ᠲᠦᠮᠡᠨ ᠬᠥᠮᠦᠨ ᠤᠳᠠᠭ᠎ᠠ ᠭᠥᠯᠢᠶᠡᠨ ᠠᠪᠴᠦ᠂ ᠵᠢᠭᠤᠯᠴᠢᠯᠠᠯ᠎ᠤᠨ ᠦᠢᠯᠡᠰ ᠵᠶ᠋ᠡᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠰᠡᠳᠬᠢᠯ᠎ᠤᠨ ᠬᠤᠯᠪᠤᠭ᠋ᠠᠰᠤ ᠵᠢ ᠴᠤᠭᠴᠠᠯᠠᠪᠠ᠃




ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ