ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠮᠡᠳᠡᠭᠡ
ᠣᠷᠳᠣᠰ ᠬᠤᠲᠠ ᠵᠢᠨ᠎ᠬᠢᠨ ᠮᠣᠳᠣ ᠳᠠᠷᠢᠬᠤ ᠮᠠᠰᠢᠨ ᠬᠥᠮᠦᠨ᠎ᠢ ᠰᠢᠨ᠎ᠡ᠎ᠪᠠᠷ ᠡᠭᠦᠳᠦᠨ ᠰᠤᠳᠤᠯᠤᠨ ᠨᠡᠭᠡᠭᠡᠵᠦ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ ᠪᠣᠢ
ᠨᠡᠶ᠋ᠢᠲᠡᠯᠡᠭᠰᠡᠨ ᠴᠠᠭ᠄ 2025-03-31


     ᠣᠷᠳᠣᠰ ᠬᠤᠲᠠ ᠵᠢᠨ᠎ᠬᠢᠨ ᠮᠣᠳᠣ ᠳᠠᠷᠢᠬᠤ ᠮᠠᠰᠢᠨ ᠬᠥᠮᠦᠨ᠎ᠢ ᠰᠢᠨ᠎ᠡ᠎ᠪᠠᠷ ᠡᠭᠦᠳᠦᠨ ᠰᠤᠳᠤᠯᠤᠨ ᠨᠡᠭᠡᠭᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠵᠦ ᠪᠠᠶ᠋ᠢᠨ᠎ᠠ᠃ ᠤᠯᠠᠮᠵᠢᠯᠠᠯᠲᠤ ᠠᠷᠭ᠎ᠠ ᠪᠣᠯᠬᠤ ᠬᠥᠮᠦᠨ᠎ᠤ ᠬᠦᠴᠦ᠎ᠪᠠᠷ ᠮᠣᠳᠣ ᠳᠠᠷᠢᠬᠤ᠎ᠨᠢ ᠦᠷ᠎ᠡ ᠪᠦᠲᠦᠮᠵᠢ᠎ᠪᠠᠷ ᠳᠣᠤᠷ᠎ᠠ᠂ ᠥᠪᠡᠷ᠎ᠤᠨ ᠥᠷᠲᠡᠭ ᠵᠶ᠋ᠠᠷ ᠥᠨᠳᠥᠷ ᠪᠠᠶ᠋ᠢᠳᠠᠭ ᠵᠡᠷᠭᠡ ᠠᠰᠠᠭᠤᠳᠠᠯ᠎ᠤᠳ᠎ᠲᠤ ᠴᠢᠭᠯᠡᠭᠦᠯᠦᠨ᠂ 2023 ᠣᠨ᠎ᠳᠤ ᠣᠷᠳᠣᠰ ᠬᠤᠲᠠ᠎ᠨᠢ ᠥᠪᠥᠷ ᠮᠣᠩᠭᠤᠯ᠎ᠤᠨ ᠵᠢᠨ᠎ᠲᠠᠢ ᠮᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠯᠦᠭᠡ ᠬᠤᠯᠪᠣᠭ᠋ᠠᠯᠠᠨ ᠪᠡᠶ᠎ᠡ᠎ᠪᠠᠨ ᠳᠠᠭ᠋ᠠᠭ᠋ᠠᠭᠰᠠᠨ ᠵᠠᠮᠴᠢᠯᠠᠬᠤ᠂ ᠰᠦᠯᠵᠢᠶ᠎ᠡ ᠥᠯᠥ ᠬᠡᠷᠡᠭᠯᠡᠨ ᠴᠡᠭ᠎ᠤᠨ ᠪᠠᠶ᠋ᠢᠷᠢ ᠲᠣᠭᠲᠠᠭ᠋ᠠᠬᠤ ᠵᠡᠷᠭᠡ ᠲᠡᠷᠢᠭᠦᠨ᠎ᠤ ᠮᠡᠷᠭᠡᠵᠢᠯ᠎ᠢ ᠠᠮᠵᠢᠯᠲᠠ᠎ᠲᠠᠢ ᠰᠤᠳᠤᠯᠤᠨ ᠨᠡᠭᠡᠭᠡᠭᠰᠡᠨ ᠪᠥᠭᠡᠳ ᠰᠢᠷᠣᠶ ᠪᠦᠷᠬᠦᠬᠦ ᠮᠠᠰᠢᠨ᠂ ᠬᠠᠳᠬᠤᠨ ᠰᠠᠭᠤᠯᠭ᠋ᠠᠬᠤ ᠮᠠᠰᠢᠨ ᠵᠡᠷᠭᠡ ᠲᠥᠬᠦᠭᠡᠷᠦᠮᠵᠢ᠎ᠳᠤ 《ᠵᠢᠦᠢ ᠮᠠᠩ 301》 ᠮᠣᠳᠣ ᠳᠠᠷᠢᠬᠤ ᠮᠠᠰᠢᠨ ᠬᠥᠮᠦᠨ᠎ᠢ ᠳᠣᠭᠢᠷᠠᠭᠤᠯᠪᠠ᠃ ᠡᠨᠡ ᠬᠦ᠌ ᠮᠠᠰᠢᠨ ᠬᠥᠮᠦᠨ᠎ᠨᠢ ᠨᠢᠭᠡ ᠯᠡ ᠤᠳᠠᠭ᠎ᠠ᠎ᠳᠤ 1700 ᠰᠠᠭᠤᠷᠢ ᠴᠢᠬᠢ ᠮᠣᠳᠣ ᠪᠠ 3 ᠲᠣᠨ ᠤᠰᠤ ᠵᠢ ᠠᠴᠢᠶᠠᠯᠠᠵᠤ᠂ ᠬᠦᠷᠦᠰᠦ ᠵᠢ ᠰᠤᠯᠠᠷᠠᠭᠤᠯᠬᠤ ᠪᠠ ᠴᠢᠬᠢ ᠮᠣᠳᠣ ᠰᠠᠭᠤᠯᠭ᠋ᠠᠬᠤ ᠵᠡᠷᠭᠡ ᠠᠵᠢᠯ᠎ᠤᠨ ᠶᠠᠪᠤᠴᠠ ᠵᠢ ᠠᠦ᠋ᠲ᠋ᠣᠵᠢᠭᠤᠯᠤᠨ ᠪᠡᠶᠡᠯᠡᠭᠦᠯᠵᠦ ᠳᠡᠶ᠋ᠢᠯᠦᠨ᠎ᠡ᠂ ᠠᠵᠢᠯ᠎ᠤᠨ ᠦᠷ᠎ᠡ ᠪᠦᠲᠦᠮᠵᠢ ᠵᠢ᠎ᠨᠢ ᠬᠥᠮᠦᠨ᠎ᠤ ᠬᠦᠴᠦᠨ᠎ᠯᠦᠭᠡ ᠠᠳᠠᠯᠢᠳᠬᠠᠬᠤ᠎ᠳᠤ ᠬᠡᠳᠦᠨ 10 ᠳᠠᠬᠢᠨ ᠳᠡᠭᠡᠭᠰᠢᠯᠡᠵᠦ᠂ ᠥᠪᠡᠷ᠎ᠤᠨ ᠥᠷᠲᠡᠭ᠎ᠨᠢ ᠤᠯᠠᠮᠵᠢᠯᠠᠯᠲᠤ ᠠᠷᠭ᠎ᠠ ᠪᠣᠯᠬᠤ ᠬᠥᠮᠦᠨ᠎ᠤ ᠬᠦᠴᠦ᠎ᠪᠠᠷ ᠲᠠᠷᠢᠬᠤ ᠵᠢᠨ 30% ᠣᠷᠴᠢᠮ ᠯᠡ ᠪᠠᠶ᠋ᠢᠳᠠᠭ᠃ ᠵᠢᠨ᠎ᠲᠠᠢ ᠮᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠨᠢ ᠪᠠᠰᠠ ᠲᠠᠷᠢᠮᠠᠯ᠎ᠤᠨ ᠭᠦᠨᠴᠡ ᠵᠢ ᠥᠪᠡᠰᠦᠪᠡᠨ ᠲᠤᠬᠢᠷᠠᠭᠤᠯᠵᠤ ᠳᠡᠶ᠋ᠢᠯᠬᠦ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠣᠶᠣᠨᠴᠢ ᠮᠠᠰᠢᠨ ᠬᠥᠮᠦᠨ᠎ᠢ ᠰᠤᠳᠤᠯᠤᠨ ᠨᠡᠭᠡᠭᠡᠭᠡᠳ ᠴᠢᠬᠢ ᠮᠣᠳᠣ ᠲᠠᠷᠢᠵᠤ ᠰᠠᠭᠤᠯᠭ᠋ᠠᠬᠤ ᠭᠦᠨᠴᠡ᠎ᠨᠢ 80 ᠰᠡᠨᠲ᠋ᠢᠮᠧᠳ᠋ᠷ ᠪᠠᠶ᠋ᠢᠭᠰᠠᠨ᠎ᠢ 30 - 40 ᠰᠡᠨᠲ᠋ᠢᠮᠧᠳ᠋ᠷ ᠪᠣᠯᠭ᠋ᠠᠨ ᠲᠣᠬᠢᠷᠠᠭᠤᠯᠵᠤ᠂ ᠲᠠᠷᠢᠵᠤ ᠰᠠᠭᠤᠯᠭ᠋ᠠᠬᠤ ᠦᠷ᠎ᠡ ᠪᠦᠲᠦᠮᠵᠢ ᠵᠢ᠎ᠨᠢ ᠬᠥᠮᠦᠨ᠎ᠤ ᠬᠦᠴᠦ᠎ᠪᠠᠷ ᠲᠠᠷᠢᠵᠤ ᠰᠠᠭᠤᠯᠭ᠋ᠠᠬᠤ᠎ᠯᠤᠭ᠎ᠠ 40 ᠰᠢᠬᠠᠮ ᠲᠠᠬᠢᠨ ᠳᠡᠭᠡᠭᠰᠢᠯᠡᠵᠦ᠂ ᠭᠡᠷᠡᠯᠴᠢ ᠴᠡᠨᠡᠭ᠎ᠤᠨ ᠴᠠᠬᠢᠯᠭ᠋ᠠᠨ ᠥᠷᠲᠡᠭᠡᠨ᠎ᠤ ᠭᠠᠵᠠᠷ ᠳᠣᠣᠷ᠎ᠠ ᠪᠤᠯᠠᠭᠰᠠᠨ ᠴᠠᠬᠢᠯᠭ᠋ᠠᠨ ᠳᠡᠭᠡᠰᠦᠨ᠎ᠤ ᠡᠪᠳᠡᠭᠳᠡᠵᠦ ᠲᠠᠰᠤᠷᠠᠬᠤ ᠵᠢ ᠪᠦᠲᠦᠮᠵᠢᠲᠡᠢ ᠰᠡᠷᠭᠡᠶ᠋ᠢᠯᠡᠵᠦ ᠳᠡᠶ᠋ᠢᠯᠬᠦ ᠪᠣᠯᠤᠨ᠎ᠠ᠃ ᠬᠠᠲᠤᠨ ᠭᠤᠤᠯ᠎ᠤᠨ ᠲᠣᠮᠣ ᠲᠣᠬᠤᠢ ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠥᠬᠦ ᠬᠤᠲᠠ ᠵᠢᠨ ᠮᠧᠬᠠᠨᠢᠭᠵᠢᠯᠲᠠ ᠵᠢᠨ ᠨᠣᠷᠮ᠎ᠠ᠎ᠨᠢ 75%᠎ᠠᠴᠠ ᠳᠡᠭᠡᠭᠰᠢ᠎ᠳᠤ ᠬᠦᠷᠴᠦ᠂ ᠣᠶ ᠰᠢᠭᠤᠶ ᠡᠪᠡᠰᠦ ᠪᠡᠯᠴᠢᠭᠡᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠷᠡᠭᠯᠡᠯᠲᠡ᠎ᠳᠤ ᠤᠯᠠᠷᠢᠭᠤᠯᠤᠭᠰᠠᠨ ᠨᠣᠷᠮ᠎ᠠ᠎ᠨᠢ 60%᠎ᠳᠤ ᠬᠦᠷᠪᠡ᠃ (ᠤᠷᠳᠤᠰ ᠬᠤᠳᠠ ᠵᠢᠨ ᠵᠠᠰᠠᠭ᠎ᠤᠨ ᠣᠷᠳᠣᠨ)
  
    

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ