ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠰᠢ ᠵᠢᠨ ᠫᠢᠩ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2024-10-12

      ᠰᠢ ᠵᠢᠨ ᠫᠢᠩ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠬᠤᠷᠠᠯ ᠡᠷᠭᠢᠯᠡᠵᠦ᠂ ᠸᠠᠩ ᠬᠤ᠌ ᠨᠢᠩ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠢ᠌ᠲᠡᠯᠡᠵᠦ᠂ ᠵᠣᠣ ᠯᠸ ᠵᠢᠶ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ᠎ᠳᠤ ᠣᠷᠣᠯᠴᠠᠪᠠ᠃
      ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ 27᠎ᠤ ᠡᠳᠦᠷ᠎ᠤᠨ ᠦᠳᠡ ᠵᠢᠨ ᠡᠮᠦᠨ᠎ᠡ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠲᠠᠰᠤᠷᠠᠯᠲᠠ ᠥᠬᠡᠶ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠥᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠴᠢᠬᠤᠯᠠᠴᠢᠯᠠᠪᠠ᠃
      ᠯᠢ ᠴᠢᠶᠠᠩ ᠶᠡᠬᠡ ᠬᠤᠷᠠᠯ᠎ᠢ ᠡᠷᠬᠢᠯᠡᠵᠦ᠂ ᠸᠠᠩ ᠬᠤ᠌ ᠨᠢᠩ ᠬᠥᠬᠢᠭᠦᠯᠦᠨ ᠰᠠᠶ᠋ᠢᠰᠢᠶᠠᠬᠤ ᠲᠣᠭᠲᠠᠭ᠋ᠠᠯ᠎ᠢ ᠤᠩᠰᠢᠨ ᠨᠡᠶ᠋ᠢᠲᠡᠯᠡᠵᠦ᠂ ᠵᠤᠤ ᠯᠸ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ᠎ᠳᠤ ᠣᠷᠣᠯᠴᠠᠪᠠ᠃
      ᠦᠳᠡ ᠵᠢᠨ ᠡᠮᠦᠨᠡᠬᠢ 10 ᠴᠠᠭ᠎ᠲᠤ ᠶᠡᠬᠡ ᠬᠤᠷᠠᠯ ᠡᠬᠢᠯᠡᠵᠦ᠂ ᠪᠦᠭᠦᠳᠡᠭᠡᠷ ᠵᠶ᠋ᠠᠨ ᠪᠣᠰᠴᠤ ᠵᠣᠭᠰᠣᠨ ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ ᠵᠢ ᠬᠠᠮᠲᠤ᠎ᠪᠠᠷ ᠳᠠᠭᠤᠯᠠᠪᠠ᠃
      ᠸᠠᠩ ᠬᠤ᠌ ᠨᠢᠩ 《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠠᠮᠲᠤ ᠪᠣᠯᠤᠨ ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠲᠤᠬᠠᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠤᠩᠰᠢᠨ ᠨᠡᠶ᠋ᠢᠲᠡᠯᠡᠪᠡ᠃ 352 ᠵᠢᠱ᠌ᠢᠶᠡᠴᠢ ᠬᠠᠮᠲᠤ᠂ 368 ᠵᠢᠱ᠌ᠢᠶᠡᠴᠢ ᠬᠤᠪᠢ ᠬᠥᠮᠦᠨ ᠬᠥᠬᠢᠭᠦᠯᠦᠭᠳᠡᠨ ᠰᠠᠶ᠋ᠢᠰᠢᠶᠠᠭᠳᠠᠪᠠ᠃
      ᠪᠠᠶᠠᠰᠬᠤᠯᠠᠩᠲᠤ ᠬᠥᠭᠵᠢᠮ᠎ᠤᠨ ᠠᠶᠠᠰ ᠳᠤᠮᠳᠠ᠂ ᠰᠢ ᠵᠢᠨ ᠫᠢᠩ ᠨᠡᠷ ᠬᠥᠬᠢᠭᠦᠯᠦᠭᠳᠡᠨ ᠰᠠᠶ᠋ᠢᠰᠢᠶᠠᠭᠳᠠᠭᠰᠠᠨ ᠵᠢᠱ᠌ᠢᠶᠡᠴᠢ ᠬᠤᠪᠢ ᠬᠥᠮᠦᠨ ᠪᠣᠯᠤᠨ ᠵᠢᠱ᠌ᠢᠶᠡᠴᠢ ᠬᠠᠮᠲᠤ ᠵᠢᠨ ᠲᠥᠯᠥᠭᠡᠯᠡᠭᠴᠢ᠎ᠳᠤ ᠱᠠᠩᠨᠠᠯ ᠭᠠᠷᠳᠠᠭᠤᠯᠪᠠ᠃
      ᠬᠠᠯᠠᠭᠤᠨ ᠠᠯᠠᠭ᠎ᠠ ᠲᠠᠰᠢᠯᠳᠠ ᠵᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ᠎ᠳᠤ ᠨᠠᠮ᠎ᠤᠨ ᠲᠥᠪ ᠬᠣᠷᠢᠶ᠎ᠠ ᠪᠠ ᠲᠥᠷᠥ ᠵᠢᠨ ᠶᠠᠪᠤᠳᠠᠯ᠎ᠤᠨ ᠬᠣᠷᠢᠶ᠎ᠠ ᠵᠢ ᠲᠥᠯᠥᠭᠡᠯᠡᠨ ᠬᠥᠬᠢᠭᠦᠯᠦᠭᠳᠡᠨ ᠰᠠᠶ᠋ᠢᠰᠢᠶᠠᠭᠳᠠᠭᠰᠠᠨ ᠵᠢᠱ᠌ᠢᠶᠡᠴᠢ ᠬᠠᠮᠲᠤ ᠪᠠ ᠬᠤᠪᠢ ᠬᠥᠮᠦᠨ᠎ᠳᠤ ᠬᠠᠯᠠᠭᠤᠨ ᠪᠠᠶᠠᠷ ᠬᠦᠷᠭᠡᠵᠦ᠂ ᠦᠨᠳᠦᠰᠦᠲᠡᠨ᠎ᠤ ᠠᠵᠢᠯ᠎ᠤᠨ ᠹᠷᠣᠨᠲ᠎ᠲᠤ᠎ᠬᠢ ᠨᠥᠬᠥᠳ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ ᠡᠯ᠎ᠡ ᠲᠠᠯ᠎ᠠ ᠵᠢᠨ ᠬᠥᠮᠦᠰ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
      ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠵᠠᠢ᠃ ᠵᠠᠭᠤ ᠭᠠᠷᠤᠢ ᠵᠢᠯ᠎ᠤᠨ ᠲᠤᠷᠰᠢ᠂ ᠪᠢᠳᠠ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠪᠦᠲᠦᠭᠡᠯᠴᠢ᠎ᠪᠠᠷ ᠨᠡᠭᠡᠭᠡᠭᠰᠡᠨ ᠪᠠᠶ᠋ᠢᠨ᠎ᠠ᠃ ᠡᠨᠡ ᠬᠦ᠌ ᠵᠠᠮ ᠳᠡᠭᠡᠷ᠎ᠡ᠂ ᠨᠠᠮ᠎ᠠᠴᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠨᠳᠦᠰᠦᠲᠡᠨ᠎ᠤ ᠲᠤᠰᠠᠭ᠋ᠠᠷ ᠲᠣᠭᠲᠠᠨᠢᠯ ᠪᠠ ᠠᠷᠠᠳ ᠲᠦᠮᠡᠨ᠎ᠤ ᠴᠢᠯᠥᠭᠡᠯᠡᠯᠲᠡ ᠵᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠬᠠᠷᠢᠴᠠᠭ᠎ᠠ ᠵᠢ ᠬᠥᠭᠵᠢᠭᠦᠯᠬᠦ ᠰᠢᠨ᠎ᠡ ᠪᠠᠶ᠋ᠢᠳᠠᠯ᠎ᠢ ᠡᠭᠦᠳᠴᠦ᠂ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠠ ᠴᠥᠭᠡᠨ ᠲᠣᠭ᠋ᠠᠲᠤ ᠦᠨᠳᠦᠰᠦᠲᠡᠨ᠎ᠤ ᠤᠯᠠᠨ ᠲᠦᠮᠡᠨ᠎ᠤ ᠠᠮᠢᠳᠤᠷᠠᠯ᠎ᠢ ᠤᠷᠢᠳᠤ ᠡᠮᠦᠨ᠎ᠡ ᠪᠠᠶ᠋ᠢᠭ᠎ᠠ ᠦᠭᠡᠢ ᠦᠭᠡᠳᠡᠷᠬᠡᠭ ᠪᠣᠯᠭ᠋ᠠᠵᠤ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠳᠦᠷᠰᠦ ᠪᠠᠶ᠋ᠢᠳᠠᠯ᠂ ᠦᠨᠳᠦᠰᠦᠲᠡᠨ᠎ᠤ ᠭᠠᠵᠠᠷ ᠣᠷᠣᠨ᠎ᠤ ᠳᠦᠷᠰᠦ ᠪᠠᠶ᠋ᠢᠳᠠᠯ᠂ ᠦᠨᠳᠦᠰᠦᠲᠡᠨ᠎ᠤ ᠬᠠᠷᠢᠴᠠᠭ᠋ᠠᠨ᠎ᠤ ᠳᠦᠷᠰᠦ ᠪᠠᠶ᠋ᠢᠳᠠᠯ᠂ ᠳᠤᠮᠳᠠᠳᠤ ᠵᠢᠨ ᠦᠨᠳᠦᠰᠦᠲᠡᠨ᠎ᠤ ᠳᠦᠷᠰᠦ ᠪᠠᠶ᠋ᠢᠳᠠᠯ᠎ᠳᠤ ᠲᠩᠷᠢ ᠭᠠᠵᠠᠷ᠎ᠢ ᠳᠣᠩᠰᠣᠯᠭ᠋ᠠᠮ᠎ᠠ ᠲᠡᠦᠬᠡᠲᠦ ᠴᠢᠨᠠᠷᠲᠠᠢ ᠯᠤᠲᠤ ᠶᠡᠬᠡ ᠬᠤᠪᠢᠷᠠᠯᠲᠠ ᠵᠢ ᠭᠠᠷᠭ᠋ᠠᠵᠠᠢ ᠭᠡᠪᠡ᠃
      ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠢ ᠲᠠᠰᠤᠷᠠᠯᠲᠠ ᠥᠬᠡᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠰᠢᠵᠢᠮ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠥᠢ᠍ᠯ᠎ᠤᠨ ᠠᠵᠢᠯ᠎ᠤᠨ ᠭᠤᠤᠯ ᠰᠢᠵᠢᠮ ᠪᠣᠯᠭ᠋ᠠᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠨᠠᠮ᠎ᠤᠨ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠵᠦ᠂ ᠦᠨᠳᠦᠰᠦᠲᠡᠨ᠎ᠤ ᠭᠠᠵᠠᠷ ᠣᠷᠣᠨ᠎ᠢ ᠪᠥᠬᠥ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠂ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠬᠤ ᠵᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠠᠵᠢᠯ ᠰᠢᠨ᠎ᠡ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠤᠯᠪᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠦᠨᠳᠦᠰᠦᠲᠡᠨ᠎ᠤ ᠠᠰᠠᠭᠤᠳᠠᠯ᠎ᠢ ᠳᠤᠮᠳᠠᠳᠤ ᠤᠯᠤᠰ᠎ᠤᠨ ᠣᠨᠴᠠᠯᠢᠭ᠎ᠲᠠᠢ᠎ᠪᠠᠷ ᠰᠢᠢ᠍ᠳᠪᠦᠷᠢᠯᠡᠬᠦ ᠵᠠᠮ᠎ᠨᠢ ᠳᠤᠮᠳᠠᠳᠤ ᠵᠢᠨ ᠦᠨᠳᠦᠰᠦᠲᠡᠨ᠎ᠤ ᠦᠨᠳᠦᠰᠦᠨ ᠠᠰᠢᠭ ᠲᠤᠰᠠ ᠪᠣᠯᠤᠨ ᠪᠦᠬᠦᠯᠢ ᠴᠣᠭᠴᠠ ᠵᠢᠨ ᠠᠰᠢᠭ ᠲᠤᠰᠠ᠎ᠠᠴᠠ ᠡᠭᠦᠰᠴᠦ᠂ ᠦᠨᠳᠦᠰᠦᠲᠡᠨ᠎ᠨᠦᠭᠦᠳ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠨᠢᠭᠲᠠᠷᠠᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠭᠦᠯᠵᠦ᠂ ᠬᠠᠮᠲᠤ᠎ᠪᠠᠷ ᠴᠡᠴᠡᠭᠯᠡᠨ ᠬᠥᠭᠵᠢᠭᠦᠯᠪᠡ; ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠳᠠᠯᠠᠵᠤ᠂ ᠦᠨᠳᠦᠰᠦᠲᠡᠨ᠎ᠤ ᠳᠠᠷᠤᠯᠠᠯ ᠪᠠ ᠦᠨᠳᠦᠰᠦᠲᠡᠨ᠎ᠤ ᠭᠠᠳᠠᠭᠤᠷᠴᠢᠯᠠᠯ᠎ᠢ ᠡᠰᠡᠷᠭᠦᠴᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠡᠷᠬᠡ ᠲᠡᠭᠰᠢ ᠤᠯᠤᠰ ᠲᠦᠷᠦ ᠵᠢᠨ ᠡᠷᠬᠡ ᠵᠢ ᠣᠯᠭᠤᠵᠤ᠂ ᠬᠠᠮᠲᠤ᠎ᠪᠠᠷ ᠡᠷᠬᠡ ᠮᠡᠳᠡᠨ ᠡᠵᠡᠨ ᠰᠠᠭᠤᠬᠤ ᠵᠢ ᠦᠨᠡᠨ ᠬᠦ᠌ ᠪᠠᠲᠤᠯᠠᠪᠠ; ᠤᠯᠤᠰ ᠣᠷᠣᠨ᠎ᠤ ᠨᠢᠭᠡᠳᠦᠯ᠎ᠢ ᠬᠠᠮᠠᠭ᠋ᠠᠯᠠᠬᠤ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠢ ᠬᠡᠷᠡᠭᠵᠢᠭᠦᠯᠬᠦ ᠵᠢᠨ ᠬᠠᠷᠢᠴᠠᠭ᠎ᠠ ᠵᠢ ᠵᠥᠪ ᠡᠵᠡᠮᠳᠡᠵᠦ᠂ ᠨᠢᠭᠡᠳᠦᠯ ᠪᠠ ᠥᠪᠡᠷᠲᠡᠭᠡᠨ ᠵᠠᠰᠠᠬᠤ ᠵᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢ᠍ᠯ ᠪᠠ ᠣᠷᠣᠨ ᠪᠦᠰᠡ ᠵᠢᠨ ᠬᠦᠴᠦᠨ ᠵᠦᠢ᠍ᠯ᠎ᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠡᠨᠡᠭᠰᠢᠯ᠎ᠤᠨ ᠬᠡᠮᠵᠢᠶ᠎ᠡ᠎ᠪᠠᠷ ᠨᠡᠩ ᠥᠨᠳᠥᠷ᠂ ᠨᠢᠭᠲᠠᠷᠠᠯ᠎ᠤᠨ ᠬᠦᠴᠦᠨ ᠵᠶ᠋ᠠᠷ ᠨᠡᠩ ᠴᠢᠩᠭ᠎ᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠬᠤ ᠵᠢ  ᠠᠬᠢᠭᠤᠯᠪᠠ᠃ ᠡᠨᠡ ᠬᠦ᠌ ᠵᠠᠮ ᠪᠦᠷᠢᠨ ᠵᠥᠪ ᠪᠣᠯᠬᠤ ᠵᠢ ᠦᠢ᠍ᠯᠡᠳᠦᠯᠭᠡ ᠭᠡᠷᠡᠴᠢᠯᠡᠪᠡ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ᠎ᠤᠨ ᠪᠣᠯᠪᠠᠰᠤᠨ ᠲᠡᠦᠬᠡ᠎ᠲᠠᠢ ᠠᠭᠤᠤ ᠶᠡᠬᠡ ᠦᠨᠳᠦᠰᠦᠲᠡᠨ ᠮᠥᠨ᠂ ᠦᠨᠳᠦᠰᠦᠲᠡᠨ᠎ᠨᠦᠭᠦᠳ ᠡᠬᠡ ᠤᠯᠤᠰ᠎ᠤᠨ ᠵᠶ᠋ᠠᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ  ᠦᠷᠭᠡᠳᠬᠡᠵᠦ᠂ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠬᠠᠮᠲᠤ᠎ᠪᠠᠷ ᠴᠣᠭᠴᠠᠯᠠᠨ ᠪᠠᠶ᠋ᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠠᠭᠤᠤ ᠶᠡᠬᠡ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠣᠶ᠋ᠢᠵᠢᠭᠤᠯᠤᠭᠰᠠᠨ ᠶᠤᠮ᠃ ᠦᠨᠳᠦᠰᠦᠲᠡᠨ᠎ᠨᠦᠭᠦᠳ᠎ᠤᠨ ᠴᠢᠰᠤ ᠮᠢᠬᠠᠨ᠎ᠤ ᠪᠠᠷᠢᠯᠳᠤᠯᠭ᠎ᠠ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠨ ᠬᠥᠭᠵᠢᠬᠦ ᠵᠢᠨ ᠲᠡᠦᠬᠡᠨ ᠰᠠᠭᠤᠷᠢ ᠮᠥᠨ; ᠦᠨᠳᠦᠰᠦᠲᠡᠨ᠎ᠨᠦᠭᠦᠳ᠎ᠤᠨ ᠢᠲᠡᠭᠡᠯ ᠪᠢᠰᠢᠷᠡᠯ ᠠᠳᠠᠯᠢᠬᠠᠨ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠢ ᠴᠣᠭᠴᠠᠯᠠᠨ ᠪᠠᠶ᠋ᠢᠭᠤᠯᠬᠤ ᠳᠣᠲᠣᠭ᠋ᠠᠳᠤ ᠬᠥᠳᠡᠯᠭᠡᠬᠦ ᠬᠦᠴᠦᠨ ᠮᠥᠨ; ᠦᠨᠳᠦᠰᠦᠲᠡᠨ᠎ᠨᠦᠭᠦᠳ᠎ᠤᠨ ᠰᠣᠶᠣᠯ᠎ᠤᠨ ᠨᠡᠪᠲᠡᠷᠡᠯᠴᠡᠭᠡ ᠪᠣᠯ ᠳᠤᠮᠳᠠᠳᠤ ᠵᠢᠨ ᠦᠨᠳᠦᠰᠦᠲᠡᠨ ᠤᠯᠠᠨ ᠡᠰᠢᠲᠦ ᠨᠢᠭᠡ ᠴᠤᠬ᠍ᠴᠠᠵᠢᠭᠰᠠᠨ ᠪᠣᠯᠪᠠᠰᠤᠨ ᠪᠠᠶ᠋ᠢᠷᠢᠰᠢᠯ᠎ᠢ ᠴᠣᠭᠴᠠᠯᠠᠬᠤ ᠰᠣᠶᠣᠯ᠎ᠤᠨ ᠭᠧᠨ ᠮᠥᠨ; ᠦᠨᠳᠦᠰᠦᠲᠡᠨ᠎ᠨᠦᠭᠦᠳ᠎ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠵᠢᠨ ᠦᠨᠳᠦᠰᠦᠲᠡᠨ ᠨᠢᠭᠡᠲᠦᠭᠰᠡᠨ ᠠᠵᠤ ᠠᠬᠤᠢ ᠵᠢᠨ ᠴᠣᠭᠴᠠ ᠵᠢ ᠪᠠᠶ᠋ᠢᠭᠤᠯᠬᠤ ᠬᠦᠴᠦᠷᠬᠡᠭ ᠶᠡᠬᠡ ᠬᠦᠴᠦᠨ ᠮᠥᠨ; ᠦᠨᠳᠦᠰᠦᠲᠡᠨ᠎ᠨᠦᠭᠦᠳ᠎ᠤᠨ ᠬᠠᠶ᠋ᠢᠷ᠎ᠠ ᠰᠡᠳᠬᠢᠯᠭᠡ ᠳᠣᠲᠣᠨᠣ ᠪᠠᠶ᠋ᠢᠬᠤ ᠪᠣᠯ ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠬᠤ ᠵᠢᠨ ᠪᠠᠲᠤ ᠴᠢᠩᠭ᠎ᠠ ᠬᠣᠯᠪᠣᠭ᠋ᠠᠰᠤ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠷᠢᠯᠳᠦᠯ ᠪᠠ ᠬᠥᠭᠵᠢᠯᠲᠡ ᠪᠣᠯ ᠬᠥᠮᠦᠰ᠎ᠤᠨ ᠰᠡᠳᠬᠢᠯ᠎ᠤᠨ ᠬᠠᠨᠳᠤᠯᠭ᠎ᠠ᠂ ᠴᠠᠭ᠎ᠤᠨ ᠪᠠᠢ᠌ᠳᠠᠯ᠎ᠤᠨ ᠬᠠᠨᠳᠤᠰᠢ᠂ ᠲᠡᠦᠬᠡ ᠵᠢᠨ ᠵᠠᠶ᠋ᠢᠯᠠᠰᠢ ᠦᠭᠡᠢ ᠬᠠᠨᠳᠤᠰᠢ ᠮᠥᠨ ᠭᠡᠵᠦ ᠴᠢᠬᠤᠯᠠᠴᠢᠯᠠᠪᠠ᠃
      ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠶ ᠬᠠᠮᠲᠤ ᠵᠢᠨ ᠲᠠᠨᠢᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠨᠤᠯᠵᠢᠬᠤᠨ᠎ᠢ ᠪᠠᠲᠤ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠦᠴᠦᠯᠡᠨ ᠪᠠᠶ᠋ᠢᠭᠤᠯᠵᠤ᠂ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠤᠯᠤᠰ ᠵᠶ᠋ᠠᠨ ᠬᠠᠶ᠋ᠢᠷᠠᠯᠠᠬᠤ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠤᠯᠤᠨ ᠵᠢᠯᠣᠭᠣᠳᠴᠤ ᠪᠠᠢ᠌ᠭ᠋ᠠᠳ ᠵᠥᠪ ᠣᠨᠤᠪᠴᠢᠲᠠᠢ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠤᠢ ᠪᠣᠯᠭ᠋ᠠᠵᠤ᠂ ᠵᠠᠯᠠᠭᠤᠴᠤᠳ ᠪᠠᠭ᠋ᠠᠴᠤᠳ᠎ᠤᠨ ᠲᠡᠦᠬᠡ ᠰᠣᠶᠣᠯ᠎ᠤᠨ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭ᠎ᠠ ᠰᠣᠶᠣᠯ᠎ᠤᠨ ᠲᠤᠯᠭ᠋ᠠᠭᠤᠷᠢᠯᠠᠯ᠎ᠢ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠦᠨᠳᠦᠰᠦᠲᠡᠨ᠎ᠤ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠭᠡᠬᠦ᠎ᠳᠤ ᠡᠯ᠎ᠡ ᠭᠠᠵᠠᠷ ᠣᠷᠣᠨ᠎ᠢ ᠠᠵᠤ ᠠᠬᠤᠶ ᠵᠢᠨ ᠲᠠᠯ᠎ᠠ᠎ᠪᠠᠷ ᠨᠢᠭᠲᠠ ᠬᠣᠯᠪᠤᠭ᠎ᠠ᠎ᠲᠠᠢ ᠪᠣᠯᠭ᠋ᠠᠵᠤ᠂ ᠨᠢᠭᠡ ᠴᠣᠭᠴᠠ ᠪᠣᠯᠵᠤ ᠠᠭᠤᠰᠤᠯᠴᠠᠬᠤ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠪᠠᠷᠢᠮᠲᠠᠯᠠᠵᠤ᠂ ᠠᠷᠠᠳ᠎ᠤᠨ ᠰᠠᠨᠠᠭ᠋ᠠᠨ᠎ᠳᠤ ᠨᠡᠶ᠋ᠢᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠭᠰᠡᠨ᠂ ᠠᠷᠠᠳ᠎ᠤᠨ ᠰᠡᠳᠬᠢᠯ᠎ᠳᠤ ᠲᠠᠭ᠋ᠠᠯᠠᠭᠳᠠᠭᠰᠠᠨ ᠪᠣᠳᠠᠲᠤ ᠶᠠᠪᠤᠳᠠᠯ᠎ᠢ ᠢᠯᠡᠭᠦᠬᠡᠨ ᠬᠢᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ  ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
       ᠰᠢ ᠵᠢᠨ ᠫᠢᠩ᠂ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠭᠢᠳᠭᠡᠬᠦ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠬᠢᠯᠢ ᠬᠢᠵᠠᠭ᠋ᠠᠷ ᠪᠣᠯᠤᠨ ᠦᠨᠳᠦᠰᠦᠲᠡᠨ᠎ᠤ ᠭᠠᠵᠠᠷ ᠣᠷᠣᠨ᠎ᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠮᠦᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠴᠢᠯᠠᠯᠲᠠ ᠵᠢ ᠢᠳᠡᠪᠬᠢᠲᠡᠶ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠥᠮᠦᠨ ᠠᠮᠠ ᠵᠢᠨ ᠨᠡᠭᠦᠳᠡᠯᠯᠡᠨ ᠠᠭᠤᠰᠤᠯᠴᠠᠨ ᠰᠠᠭᠤᠷᠢᠰᠢᠬᠤ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠴᠢᠳᠠᠪᠤᠷᠢ ᠪᠣᠯᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠳᠥᠷᠢᠮ ᠪᠠ ᠣᠷᠣᠨ ᠪᠦᠰᠡ᠎ᠪᠠᠷ ᠳᠡᠮᠵᠢᠬᠦ ᠵᠦᠷᠢᠶᠡᠲᠤ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠬᠠᠤᠯᠢ᠎ᠪᠠᠷ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠤᠯᠤᠰ᠎ᠤᠨ ᠤᠬᠠᠮᠰᠠᠷ᠂ ᠠᠷᠠᠳ ᠢᠷᠭᠡᠨ᠎ᠤ ᠤᠬᠠᠮᠰᠠᠷ᠂  ᠬᠠᠥᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠦᠨᠳᠦᠰᠦᠲᠡᠨ᠎ᠤ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠦᠨᠳᠦᠰᠦᠲᠡᠨ᠎ᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠵᠦ᠂ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ ᠪᠣᠯᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠦᠵᠢᠭᠦᠯᠬᠦ ᠪᠠ ᠰᠠᠶ᠋ᠢᠲᠤᠷ ᠬᠡᠷᠡᠭᠯᠡᠬᠦ ᠵᠢ  ᠬᠦᠨᠳᠦᠳᠬᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠦᠷᠢᠮ ᠲᠣᠭᠲᠠᠴᠠ ᠵᠢ ᠪᠦᠷᠢᠨᠰᠢᠭᠦᠯᠵᠦ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ ᠳᠠᠶᠠᠭ᠋ᠠᠷ᠎ᠲᠤ ᠦᠨᠳᠦᠰᠦᠲᠡᠨ᠎ᠤ ᠠᠵᠢᠯ᠎ᠢ ᠬᠠᠯᠠᠮᠵᠢᠯᠠᠨ ᠳᠡᠮᠵᠢᠭᠰᠡᠨ ᠰᠠᠶ᠋ᠢᠨ ᠰᠠᠶ᠋ᠢᠬᠠᠨ ᠠᠬᠤᠢ ᠨᠥᠭᠥᠴᠡᠯ᠎ᠢ ᠪᠣᠶ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠯᠢ ᠴᠢᠶᠠᠩ ᠶᠡᠬᠡ ᠬᠤᠷᠠᠯ᠎ᠢ ᠡᠷᠬᠢᠯᠡᠬᠦ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠣᠯᠤᠭᠰᠠᠨ ᠠᠭᠤᠤ ᠶᠡᠬᠡ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ  ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠪᠦᠷᠢᠯᠳᠦᠯ ᠪᠠ ᠬᠥᠭᠵᠢᠯᠲᠡ ᠵᠢᠨ ᠦᠨᠳᠦᠰᠦ ᠪᠠ ᠰᠦᠭ ᠰᠤᠳᠠᠰᠤ ᠵᠢ ᠭᠦᠨᠵᠡᠭᠡᠶ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠶᠡᠷᠦᠩᠬᠡᠶ ᠱᠠᠭ᠋ᠠᠷᠳᠠᠯᠭ᠎ᠠ ᠵᠢ ᠲᠣᠳᠤᠷᠬᠠᠢ ᠳᠤᠷᠠᠳᠴᠤ᠂ ᠦᠵᠡᠯ ᠰᠠᠨᠠᠭ᠎ᠠ ᠭᠦᠨ ᠭᠦᠨᠵᠡᠭᠡᠶ᠂ ᠠᠯᠤᠰ᠎ᠤᠨ ᠲᠥᠯᠥᠪᠵᠢᠯ᠎ᠲᠠᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠮᠥᠨ᠂ ᠪᠢᠳᠡ ᠨᠠᠷᠢᠨ ᠬᠢᠨᠠᠮᠠᠭ᠋ᠠᠶ ᠰᠤᠷᠤᠯᠴᠠᠵᠤ᠂ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠵᠢᠨ ᠲᠥᠯᠥᠭᠡ ᠴᠥᠬᠥᠷᠡᠰᠢ ᠥᠬᠡᠶ ᠲᠡᠮᠡᠴᠡᠬᠦ ᠬᠡᠷᠡᠭᠲᠡᠶ ᠭᠡᠪᠡ᠃
      ᠬᠥᠬᠢᠭᠦᠯᠦᠭᠳᠡᠨ ᠰᠠᠶ᠋ᠢᠰᠢᠶᠠᠭᠳᠠᠭᠰᠠᠨ ᠵᠢᠱ᠌ᠢᠶᠡᠴᠢ ᠬᠤᠪᠢ ᠬᠥᠮᠦᠨ ᠪᠠ ᠵᠢᠱ᠌ᠢᠶᠡᠴᠢ ᠬᠠᠮᠲᠤ ᠵᠢᠨ ᠲᠥᠯᠥᠭᠡᠯᠡᠭᠴᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃
       ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠡᠰᠡᠭ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠶᠡᠬᠡ ᠬᠤᠷᠠᠯ᠎ᠳᠤ ᠣᠷᠣᠯᠴᠠᠪᠠ᠃
       ᠬᠥᠬᠢᠭᠦᠯᠦᠭᠳᠡᠨ ᠰᠠᠶ᠋ᠢᠰᠢᠶᠠᠭᠳᠠᠭᠰᠠᠨ ᠵᠢᠱ᠌ᠢᠶᠡᠴᠢ ᠬᠠᠮᠲᠤ ᠵᠢᠨ ᠲᠥᠯᠥᠭᠡᠯᠡᠭᠴᠢ ᠪᠣᠯᠤᠨ ᠵᠢᠱ᠌ᠢᠶᠡᠴᠢ ᠬᠤᠪᠢ ᠬᠥᠮᠦᠨ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠪᠦᠯᠬᠦᠮ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠶᠡᠬᠡ ᠬᠤᠷᠠᠯ᠎ᠳᠤ ᠣᠷᠣᠯᠴᠠᠵᠠᠢ᠃
     (ᠰᠢᠨᠬᠤᠸᠠ ᠬᠣᠷᠢᠶᠠᠨ᠎ᠤ ᠪᠡᠭᠡᠵᠢᠩ᠎ᠤᠨ 9 ᠳ᠋ᠦ᠍ᠭᠡᠷ ᠰᠠᠷ᠎ᠠ ᠵᠢᠨ 27᠎ᠤ ᠴᠠᠬᠢᠯᠭ᠋ᠠᠨ ᠮᠡᠳᠡᠭᠡ) 
  
    ᠨᠠᠶ᠋ᠢᠷᠠᠭᠤᠯᠤᠭᠴᠢ᠄ ᠴᠧᠨ ᠰᠢᠶᠠᠨ ᠳ᠋ᠠ
    ᠬᠠᠷᠭᠤᠭᠤᠯᠤᠨ ᠬᠢᠨᠠᠭᠴᠢ᠄ ᠠᠨ ᠶᠦᠩ ᠮᠢᠩ    ᠬᠤᠤ ᠸᠸᠨ ᠲᠢᠩ




    ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
    ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠰᠢᠨᠬᠤᠸᠠ ᠬᠣᠷᠢᠶ᠎ᠠ