ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠥᠪᠥᠷ ᠮᠣᠩᠭᠣᠯ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-10-23

1.jpg

      10 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠨ ᠲᠠᠢ᠌ᠯᠪᠤᠷᠢᠯᠠᠬᠤ ᠪᠦᠯᠬᠦᠮ ᠬᠥᠬᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠳᠤ ᠬᠦᠷᠴᠦ᠂ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠤᠰᠬᠠᠶ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ᠃
      《ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠤᠪᠢ ᠬᠥᠮᠦᠨ》 ᠡᡁᠸ ᠱᠧᠩ ᠬᠠᠢ ᠫᠷᠤᠹᠸᠰᠰᠤᠷ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ᠎ᠳᠤ ᠣᠷᠣᠯᠴᠠᠵᠤ᠂ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠲᠥᠯᠥᠭᠡᠯᠡᠭᠴᠢ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠦᠪᠡᠳᠡᠭᠰᠢ ᠪᠠᠢ᠌ᠳᠠᠯ᠎ᠢ ᠲᠠᠨᠢᠯᠴᠠᠭᠤᠯᠵᠤ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠲᠤᠷᠰᠢᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠤᠨ ᠠᠭᠤᠤ ᠶᠡᠬᠡ ᠠᠮᠵᠢᠯᠲᠠ ᠪᠦᠲᠦᠮᠵᠢ ᠵᠢ ᠶᠠᠷᠢᠵᠤ᠂ ᠦᠨᠳᠦᠰᠦᠲᠡᠨ᠎ᠨᠦᠭᠦᠳ᠎ᠤᠨ ᠰᠤᠷᠤᠭᠴᠢᠳ᠎ᠤᠨ ᠵᠣᠷᠢᠯᠲᠠ᠎ᠪᠠᠨ ᠪᠠᠳᠤᠳᠬᠠᠵᠤ᠂ ᠰᠢᠷᠭ᠋ᠠᠭᠤ ᠬᠠᠲᠠᠭᠤᠵᠢᠯᠲᠠᠢ ᠰᠤᠷᠤᠯᠴᠠᠵᠤ᠂ ᠡᠬᠡ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠳᠦᠯᠭᠡᠵᠢᠭᠦᠯᠦᠭᠴᠢ ᠪᠣᠯᠬᠤ᠎ᠪᠠᠷ ᠴᠢᠷᠮᠠᠢ᠌ᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠬᠦᠬᠦ ᠵᠢ ᠵᠣᠷᠢᠭᠵᠢᠭᠤᠯᠪᠠ᠃

 





         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


ᠢᠷᠡᠯᠲᠡ᠄ ᠰᠤᠷᠭ᠋ᠠᠨ ᠬᠥᠮᠦᠵᠢᠯ᠎ᠤᠨ ᠭᠠᠵᠠᠷ