ᠶᠢᠰᠦᠨ ᠰᠠᠷ᠎ᠠ ᠵᠢᠨ ᠶᠢᠰᠦᠨ᠎ᠤ ᠪᠠᠶᠠᠷ ᠬᠦᠷᠴᠦ ᠢᠷᠡᠬᠦ ᠲᠠᠰᠢᠷᠠᠮ ᠵᠶ᠋ᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠣᠶᠤᠨ ᠰᠠᠨᠠᠭ᠎ᠠ ᠰᠣᠶᠣᠯ᠎ᠤᠨ ᠱᠠᠭ᠋ᠠᠷᠳᠠᠯᠭ᠎ᠠ ᠵᠢ ᠪᠠᠶᠠᠯᠢᠭᠵᠢᠭᠤᠯᠬᠤ ᠵᠢᠨ ᠲᠥᠯᠥᠭᠡ᠂ 10 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠲᠠᠢ ᠬᠠᠮᠳᠤᠷᠠᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ 《ᠲᠤᠭ᠎ᠠ ᠪᠦᠷᠢᠳᠬᠡᠯ ᠵᠶ᠋ᠠᠷ ᠬᠦᠭᠵᠢᠯᠳᠡ ᠵᠢ ᠰᠤᠨᠢᠷᠬᠠᠬᠤᠢ》 ᠭᠣᠤᠯ ᠰᠡᠳᠦᠪᠲᠦ ᠦᠵᠡᠰᠬᠦᠯᠡᠩ᠎ᠢ ᠲᠣᠭᠣᠷᠢᠨ ᠦᠵᠡᠪᠡ᠃

ᠭᠣᠣᠯ ᠰᠡᠳᠦᠪᠲᠦ ᠦᠵᠡᠰᠬᠦᠯᠡᠩ᠎ᠤᠨ ᠠᠵᠢᠯᠯᠠᠭ᠎ᠠ᠎ᠨᠢ 《ᠳᠣᠲᠣᠨᠣ ᠬᠠᠯᠠᠮᠵᠢᠯᠠᠯ ᠡᠷᠴᠢ ᠵᠣᠷᠢᠭ᠎ᠢ ᠬᠦᠪᠴᠢᠯᠡᠨᠡᠮ》᠂ 《ᠲᠤᠭ᠎ᠠ ᠪᠦᠷᠢᠳᠬᠡᠯ᠎ᠳᠤ᠎ᠬᠢ ᠯᠤᠲᠤ ᠶᠡᠬᠡ ᠬᠤᠪᠢᠷᠠᠯᠲᠠ》᠂ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠬᠦᠳᠦᠨᠡᠮ》᠂ 《ᠲᠣᠭ᠎ᠠ ᠪᠦᠷᠢᠳᠬᠡᠯ᠎ᠢ ᠬᠠᠯᠠᠮᠵᠢᠯᠠᠵᠤ ᠲᠣᠭ᠎ᠠ ᠪᠦᠷᠢᠳᠬᠡᠯ᠎ᠢ ᠳᠡᠮᠵᠢᠨᠡᠮ》 ᠵᠡᠷᠭᠡ ᠲᠦᠷᠪᠡᠨ ᠪᠦᠯᠦᠭ ᠵᠶ᠋ᠡᠷ ᠪᠦᠷᠢᠯᠳᠦᠵᠡᠢ᠃ ᠠᠬᠠᠮᠠᠳ ᠨᠥᠬᠥᠳ ᠲᠠᠢ᠌ᠯᠪᠤᠷᠢᠯᠠᠭᠴᠢ ᠵᠢᠨ ᠲᠠᠨᠢᠯᠴᠠᠭᠤᠯᠭ᠎ᠠ᠎ᠪᠠᠷ ᠲᠣᠭ᠎ᠠ ᠪᠠᠷᠢᠮᠲᠠ᠂ ᠵᠢᠷᠤᠭ ᠬᠦᠰᠦᠨᠦᠭ᠂ ᠸᠢᠳᠢᠣ᠋᠂ ᠰᠡᠳᠦᠪ ᠬᠠᠷᠢᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠥᠪᠥᠷ ᠮᠣᠩᠭᠣᠯ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠣᠯᠤᠭᠰᠠᠨ ᠲᠡᠦᠬᠡᠲᠦ ᠴᠢᠨᠠᠷᠲᠠᠶ ᠳᠠᠪᠰᠢᠯᠲᠠ ᠵᠢ ᠰᠢᠰᠲ᠋ᠧᠮ᠎ᠲᠠᠢ ᠣᠢ᠌ᠯᠠᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠵᠢ ᠪᠡᠶᠡᠴᠢᠯᠡᠨ ᠣᠢ᠌ᠯᠠᠭ᠋ᠠᠪᠠ᠂ ᠦᠵᠡᠰᠬᠦᠯᠡᠩ᠎ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠦᠨᠡᠨ ᠪᠣᠳᠠᠲᠠᠶ᠎ᠪᠠᠷ ᠲᠡᠮᠳᠡᠭᠯᠡᠭᠰᠡᠨ ᠪᠠᠢ᠌ᠨ᠎ᠠ᠃



ᠠᠬᠠᠮᠠᠳ ᠨᠥᠬᠥᠳ᠂ ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 75 ᠵᠢᠯ᠎ᠤᠨ ᠣᠢ ᠵᠢᠨ ᠲᠠᠰᠢᠷᠠᠮ ᠵᠶ᠋ᠠᠷ ᠦᠵᠡᠰᠬᠦᠯᠡᠩ᠎ᠢ ᠲᠣᠭᠣᠷᠢᠨ ᠦᠵᠡᠵᠦ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢᠨ ᠢᠯᠡᠳᠬᠡᠯ᠎ᠳᠤ ᠬᠦᠨ ᠲᠦᠷᠦᠭᠳᠡᠯ᠎ᠲᠠᠢ ᠪᠤᠯᠵᠤ᠂ ᠲᠣᠭ᠎ᠠ ᠪᠦᠷᠢᠳᠬᠡᠯ᠎ᠤᠨ ᠣᠳᠣᠬᠢᠴᠢᠯᠠᠯᠲᠠ ᠵᠢ ᠠᠬᠢᠭᠤᠯᠤᠭᠰᠠᠨ ᠥᠭᠡᠷᠡᠴᠢᠯᠡᠯᠲᠡ ᠵᠢᠨ ᠦᠷ᠎ᠡ ᠪᠦᠲᠦᠭᠡᠯ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠪᠣᠳᠠᠲᠤ ᠥᠩᠭᠡᠷᠡᠯᠲᠡ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ ᠵᠢᠨ ᠦᠨᠳᠦᠰᠦᠲᠡᠨ ᠵᠶ᠋ᠡᠨ ᠮᠡᠳᠡᠷᠡᠬᠦᠢ ᠰᠡᠳᠬᠢᠯᠭᠡ ᠪᠠ ᠣᠮᠣᠭᠰᠢᠬᠤ ᠰᠡᠳᠬᠢᠯᠭᠡ᠎ᠨᠢ ᠲᠠᠰᠤᠷᠠᠯᠲᠠ ᠦᠭᠡᠢ ᠨᠡᠮᠡᠭᠳᠡᠵᠦ ᠪᠠᠢ᠌ᠬᠤ ᠵᠢ ᠮᠡᠳᠡᠷᠡᠪᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠤᠯᠭ᠋ᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠪᠣᠯᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠣᠭ ᠰᠠᠨᠠᠭ᠎ᠠ᠎ᠪᠠᠨ ᠥᠯᠥ ᠤᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠪᠡᠶᠡᠯᠡᠬᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢᠨ ᠲᠥᠯᠥᠭᠡ 《ᠦᠳᠡᠯᠦᠬᠡ ᠨᠠᠰᠤᠨ᠎ᠤ ᠬᠦᠴᠦᠨ ᠴᠢᠳᠠᠯ》 ᠵᠢᠡᠨ ᠡᠷᠭᠦᠨ᠎ᠡ ᠬᠡᠵᠦ ᠢᠯᠡᠷᠬᠡᠢ᠌ᠯᠡᠵᠡᠬᠡᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠤᠨ ᠭᠠᠵᠠᠷ᠎ᠤᠨ ᠬᠦᠮᠦᠰ ᠵᠢᠴᠢ 30 ᠭᠠᠷᠤᠶ ᠠᠬᠠᠮᠠᠳ ᠨᠥᠬᠥᠳ ᠦᠵᠡᠰᠬᠦᠯᠡᠩ᠎ᠢ ᠲᠣᠭᠣᠷᠢᠨ ᠦᠵᠡᠬᠦ ᠠᠵᠢᠯᠯᠠᠭ᠎ᠠ᠎ᠳᠤ ᠣᠷᠣᠯᠴᠠᠪᠠ᠃
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ