ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠤᠷᠤᠯᠴᠠᠬᠤ᠎ᠪᠠᠷ ᠪᠠᠢ᠌ᠭ᠎ᠠ ᠥᠪᠥᠷ ᠮᠣᠩᠭᠣᠯ᠎ᠤᠨ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠤ ᠠᠩᠭᠢ ᠰᠤᠷᠢᠶ᠎ᠠ᠎ᠪᠠᠨ ᠴᠢᠩᠭ᠋ᠠᠳᠬᠠᠵᠤ ᠰᠢᠪᠳᠤᠯᠤᠯᠳᠠ᠎ᠳᠤ ᠪᠡᠯᠡᠳᠬᠡᠵᠦ ᠪᠤᠢ
ᠨᠡᠶ᠋ᠢᠲᠡᠯᠡᠭᠰᠡᠨ ᠴᠠᠭ᠄ 2024-11-15

      ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠤᠳᠠᠯ ᠥᠬᠡᠶ ᠡᠬᠢᠯᠡᠬᠦ᠎ᠪᠠᠷ ᠪᠤᠯᠤᠭ᠋ᠠᠳ ᠪᠤᠢ᠂ ᠥᠪᠥᠷ ᠮᠣᠩᠭᠣᠯ᠎ᠤᠨ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠤ ᠠᠩᠭᠢ ᠶᠠᠭ ᠴᠠᠭ᠎ᠢ ᠵᠠᠪᠳᠤᠨ ᠰᠢᠪᠲᠤᠯᠤᠯᠲᠠ ᠵᠢᠨ ᠪᠣᠯᠪᠠᠰᠤᠷᠠᠯ ᠬᠢᠵᠦ ᠪᠠᠢ᠌ᠨ᠎ᠠ᠃ ᠲᠣᠰ ᠤᠳᠠᠭ᠋ᠠᠨ᠎ᠤ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠤ ᠲᠥᠷᠥᠯ ᠵᠦᠢᠯ᠎ᠤᠨ ᠲᠠᠮᠢᠷᠴᠢᠳ᠎ᠢ ᠰᠢᠭᠰᠢᠨ ᠰᠤᠩᠭᠤᠵᠤ ᠪᠦᠯᠬᠦᠮ ᠪᠠᠢ᠌ᠭᠤᠯᠬᠤ᠂ ᠳᠠᠰᠬᠠᠯᠵᠢᠭᠤᠯᠤᠨ ᠤᠷᠤᠯᠳᠤᠭ᠋ᠠᠨ᠎ᠳᠤ ᠪᠡᠯᠡᠳᠬᠡᠬᠦ ᠵᠢᠴᠢ ᠪᠤᠢ ᠪᠦᠬᠦᠢ ᠤᠷᠤᠯᠳᠤᠭ᠋ᠠᠨ᠎ᠤ ᠠᠵᠢᠯ᠎ᠢ ᠲᠦᠩᠯᠢᠶᠣᠤ ᠬᠣᠲᠠ ᠬᠠᠷᠢᠭᠤᠴᠠᠨ ᠬᠢᠵᠡᠢ᠃ ᠲᠥᠪᠯᠡᠷᠡᠭᠦᠯᠦᠨ ᠪᠣᠯᠪᠠᠰᠤᠷᠠᠭᠤᠯᠬᠤ ᠲᠤᠬᠠᠶ ᠵᠢᠨ ᠲᠠᠯᠠᠪᠠᠢ᠎ᠳᠤ ᠲᠠᠮᠢᠷᠴᠢᠳ ᠨᠢᠭᠡ ᠨᠢᠭᠡ᠎ᠪᠠᠷ ᠵᠶ᠋ᠡᠨ ᠴᠤᠭ ᠵᠢᠪᠬᠤᠭ᠎ᠠ ᠲᠡᠭᠦᠯᠳᠡᠷ ᠪᠠᠢ᠌ᠵᠤ᠂ ᠪᠦᠬᠦ ᠬᠦᠴᠦᠨ ᠵᠶ᠋ᠡᠷ ᠵᠶ᠋ᠡᠨ ᠪᠣᠯᠪᠠᠰᠤᠷᠠᠯ᠎ᠳᠤ ᠣᠷᠣᠯᠴᠠᠵᠤ᠂ ᠰᠢᠯᠢᠳᠡᠭ ᠬᠢᠷᠢ ᠪᠦᠲᠦᠮᠵᠢ ᠣᠯᠬᠤ᠎ᠪᠠᠷ ᠴᠢᠷᠮᠠᠢ᠌ᠵᠤ ᠪᠠᠢ᠌ᠨ᠎ᠠ᠃ 
      《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠢ ᠪᠠᠰᠠ 《ᠵᠠᠭ᠋ᠠᠨ ᠳᠡᠭᠡᠰᠦ ᠲᠠᠲᠠᠬᠤ》 ᠭᠡᠳᠡᠭ᠂ ᠡᠨᠡ ᠪᠣᠯ ᠨᠢᠭᠡ ᠲᠦᠷᠦᠯ᠎ᠤᠨ ᠲᠦᠷᠪᠡᠨ ᠮᠦᠴᠢᠯᠡᠨ ᠳᠡᠭᠡᠰᠦ ᠲᠠᠲᠠᠬᠤ ᠪᠡᠶ᠎ᠡ ᠵᠢᠨ ᠲᠠᠮᠢᠷ᠎ᠤᠨ ᠲᠦᠷᠦᠯ ᠵᠦᠢ᠍ᠯ ᠪᠣᠯᠤᠨ᠎ᠠ᠃ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠨᠢ ᠳᠠᠩ ᠭᠠᠭᠴᠠ ᠲᠠᠮᠢᠷᠴᠢᠨ᠎ᠤ ᠬᠠᠷᠢᠴᠠᠯᠠᠰᠢ ᠦᠭᠡᠢ ᠬᠦᠴᠦᠨ ᠪᠤᠶᠤ ᠪᠡᠶ᠎ᠡ ᠵᠢᠨ ᠬᠦᠨᠳᠦ ᠵᠢᠨ ᠳᠠᠪᠠᠭᠤᠯᠢᠭ᠎ᠢ ᠠᠳᠠᠯᠢᠳᠬᠠᠬᠤ ᠪᠢᠰᠢ᠂ ᠬᠠᠷᠢᠨ ᠲᠡᠰᠪᠦᠷᠢ ᠬᠠᠳᠠᠭᠤᠵᠢᠯ᠂ ᠪᠢᠷ᠎ᠠ ᠴᠢᠳᠠᠯ ᠵᠢᠡᠨ ᠳᠡᠩᠴᠡᠬᠦᠯᠬᠦ ᠵᠢᠴᠢ ᠬᠥᠳᠡᠯᠭᠡᠭᠡᠨ᠎ᠤ ᠤᠷ᠎ᠠ ᠮᠡᠷᠭᠡᠵᠢᠯ ᠵᠢᠡᠷ ᠲᠤᠢ᠌ᠯ᠎ᠤᠨ ᠥᠨᠳᠥᠷ ᠱᠠᠭ᠋ᠠᠷᠳᠠᠯᠭ᠎ᠠ᠎ᠲᠠᠢ ᠤᠷᠤᠯᠳᠤᠭ᠋ᠠᠨ᠎ᠤ ᠲᠥᠷᠥᠯ ᠵᠦᠢ᠍ᠯ ᠪᠣᠯᠤᠨ᠎ᠠ᠃ ᠲᠤᠰ ᠤᠷᠤᠯᠳᠤᠭ᠋ᠠᠨ᠎ᠨᠢ ᠳᠠᠮᠢᠷᠴᠢᠳ᠎ᠤᠨ ᠪᠡᠶ᠎ᠡ ᠵᠢᠨ ᠬᠦᠨᠳᠦ᠎ᠪᠠᠷ ᠳᠡᠰ ᠢᠯᠭ᠋ᠠᠨ ᠤᠷᠤᠯᠴᠠᠭᠤᠯᠳᠠᠭ᠃ ᠤᠷᠤᠯᠳᠤᠬᠤ ᠦᠶ᠎ᠡ᠎ᠳᠤ ᠤᠷᠲᠤ ᠲᠤᠷᠭ᠋ᠠᠨ ᠪᠥᠰ ᠵᠢᠡᠷ ᠬᠢᠭᠰᠡᠨ ᠨᠢᠭᠡ ᠴᠠᠭ᠋ᠠᠷᠢᠭ᠎ᠢ 2 ᠲᠠᠮᠢᠷᠴᠢᠨ ᠲᠤᠰ ᠲᠤᠰ᠎ᠤᠨ ᠬᠦᠵᠦᠬᠦᠦ (ᠲᠣᠷᠭ᠋ᠠᠨ ᠪᠦᠰ᠎ᠢ ᠣᠨᠦᠵᠦ)᠎ᠳᠤ᠎ᠪᠠᠨ ᠤᠭᠯᠠᠵᠤ᠂ ᠳᠥᠷᠪᠡᠨ ᠮᠦᠴᠢᠯᠡᠨ ᠬᠤᠶᠠᠷ ᠳᠡᠢ᠌ᠰᠢ᠎ᠪᠠᠨ ᠳᠠᠳᠠᠯᠴᠠᠵᠤ᠂ ᠳᠡᠩᠴᠠᠬᠦᠦ ᠵᠠᠢ᠎ᠳᠤ ᠪᠠᠢ᠌ᠭ᠎ᠠ ᠤᠨᠵᠢᠯᠭ᠎ᠠ ᠵᠢ ᠳᠠᠳᠠᠵᠤ᠂ ᠲᠤᠭᠳᠠᠭᠰᠠᠨ ᠱᠤᠭᠤᠮ᠎ᠠᠴᠠ ᠬᠡᠳᠦᠷᠡᠬᠦᠯᠪᠠᠯ ᠢᠯᠠᠯᠲᠠ ᠤᠯᠤᠭᠰᠠᠨ᠎ᠳᠤ ᠲᠣᠭ᠋ᠠᠴᠠᠭᠳᠠᠨ᠎ᠠ᠃ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠤ ᠳᠦᠷᠢᠮ ᠪᠠ ᠲᠠᠯᠠᠪᠤᠷ᠎ᠤᠨ ᠲᠥᠬᠥᠭᠡᠷᠦᠮᠵᠢ᠎ᠨᠢ ᠳᠥᠭᠥᠮ ᠠᠪᠰᠠᠷᠬᠠᠨ ᠪᠤᠯᠬᠤᠷ᠂ ᠡᠨᠡ ᠬᠦ᠌ ᠤᠷᠤᠯᠳᠤᠭ᠋ᠠᠨ ᠎ᠨᠢ ᠥᠷᠭᠡᠨ ᠳᠡᠯᠭᠡᠷ ᠣᠯᠠᠨ ᠲᠦᠮᠡᠨᠴᠢ ᠴᠢᠨᠠᠷ᠎ᠲᠠᠢ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ ᠪᠣᠯᠵᠡᠢ᠃
      1999 ᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠴᠤᠭᠯᠠᠭ᠋ᠠᠨ᠎ᠳᠤ 《ᠲᠦᠪᠡᠳ ᠦᠨᠳᠦᠰᠦᠳᠡᠨ᠎ᠤ ᠳᠡᠬᠡᠰᠦ ᠳᠠᠳᠠᠬᠤ ᠤᠷᠤᠯᠳᠤᠭ᠋ᠠᠨ》᠎ᠢ ᠠᠩᠬ᠎ᠠ ᠤᠳᠠᠭ᠎ᠠ ᠤᠷᠤᠯᠳᠤᠭ᠋ᠠᠨ᠎ᠤ ᠲᠦᠷᠦᠯ ᠵᠦᠢ᠍ᠯ᠎ᠳᠤ ᠣᠷᠣᠭᠤᠯᠪᠠ᠃

ᠢᠷᠡᠯᠲᠡ᠄ ᠰᠣᠶᠣᠯ ᠤᠬᠠᠭᠤᠯᠭ᠎ᠠ ᠵᠢᠨ ᠭᠠᠵᠠᠷ