ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ 《ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠦᠵᠡᠯ ᠤᠬᠠᠮᠰᠠᠷ᠎ᠤᠨ ᠬᠡᠯᠪᠡᠷᠢ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-25

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠭᠡᠰᠢᠭᠦᠨ᠎ᠤ ᠦᠵᠡᠯ ᠰᠠᠨᠠᠭ᠋ᠠᠨ᠎ᠤ ᠬᠥᠮᠦᠵᠢᠯ᠎ᠢ ᠤᠯᠠᠮ ᠴᠠᠭ᠋ᠠᠰᠢᠲᠠ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠢ᠌ᠲᠤᠷ ᠰᠠᠬᠢᠬᠤ ᠵᠢᠨ ᠲᠥᠯᠥᠭᠡ᠂ 11 ᠳ᠋ᠦ᠍ᠭᠡᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ 《ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠦᠵᠡᠯ ᠤᠬᠠᠮᠰᠠᠷ᠎ᠤᠨ ᠬᠡᠯᠪᠡᠷᠢ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ᠎ᠳᠤ᠂ ᠨᠠᠮ᠎ᠤᠨ ᠭᠡᠰᠢᠭᠦᠨ ᠺᠠᠳ᠋ᠷᠴᠤᠳ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ 〈ᠲᠣᠭᠲᠠᠭ᠋ᠠᠯ〉᠎ᠤᠨ ᠰᠤᠷᠤᠯᠴᠠᠯᠭ᠎ᠠ ᠵᠢ ᠬᠠᠪᠰᠤᠷᠤᠨ ᠵᠢᠯᠣᠭᠣᠳᠬᠤ ᠵᠠᠭᠤᠨ ᠠᠰᠠᠭᠤᠯᠲᠠ》 ᠭᠡᠬᠦ ᠨᠤᠮ᠎ᠤᠨ ᠬᠡᠰᠡᠭ ᠠᠭᠤᠯᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠰᠦᠯᠵᠢᠶᠡᠨ᠎ᠤ ᠦᠢᠯᠡ ᠠᠵᠢᠯᠯᠠᠭ᠎ᠠ ᠵᠢᠨ ᠲᠤᠬᠠᠢ ᠲᠣᠭᠲᠠᠭ᠋ᠠᠯ》 ᠵᠡᠷᠭᠡ ᠠᠭᠤᠯᠭ᠎ᠠ ᠵᠢ ᠬᠠᠮᠲᠤ᠎ᠪᠠᠷ ᠰᠤᠷᠤᠯᠴᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠶᠡᠷᠦᠩᠬᠡᠶ ᠨᠡᠭᠡᠭᠡᠯᠭᠡ》 ᠵᠢ ᠬᠠᠮᠲᠤ᠎ᠪᠠᠷ ᠰᠣᠨᠢᠷᠬᠠᠪᠠ᠃
      ᠨᠠᠮ᠎ᠤᠨ ᠭᠡᠰᠢᠭᠦᠨ ᠺᠠᠳ᠋ᠷᠴᠤᠳ᠎ᠠᠴᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠤᠳᠤᠯ ᠵᠶ᠋ᠠᠨ ᠦᠨᠡᠨ ᠬᠦ᠌ ᠴᠢᠩᠭ᠋ᠠᠳᠬᠠᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢᠯᠡ ᠠᠵᠢᠯᠯᠠᠭ᠋ᠠᠨ᠎ᠤ ᠤᠬᠠᠮᠰᠠᠷ ᠵᠶ᠋ᠠᠷ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠡᠳᠦᠷ ᠲᠤᠲᠤᠮ᠎ᠤᠨ ᠠᠵᠢᠯ᠎ᠳᠤ᠎ᠪᠠᠨ ᠠᠭᠤᠰᠤᠯᠴᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠦᠵᠡᠯ ᠰᠠᠨᠠᠭ᠋ᠠᠨ᠎ᠤ ᠵᠢᠭᠰᠠᠭ᠋ᠠᠯ᠎ᠤᠨ ᠭᠠᠵᠠᠷ᠎ᠢ ᠪᠠᠲᠤ ᠰᠠᠬᠢᠨ᠎ᠠ ᠭᠡᠵᠡᠭᠡᠪᠡ᠃




        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

ᠢᠷᠡᠯᠲᠡ᠄ ᠰᠤᠷᠭ᠋ᠠᠨ ᠬᠥᠮᠦᠵᠢᠯ᠎ᠤᠨ ᠭᠠᠵᠠᠷ