ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠤᠷ ᠳᠦᠪᠰᠢᠨ ᠬᠥᠭᠵᠢᠯᠲᠡ ᠵᠢᠨ ᠣᠨᠤᠯᠵᠢᠬᠤᠨ᠎ᠢ ᠪᠠᠲᠤ ᠪᠡᠬᠢ ᠪᠤᠢ ᠪᠤᠯᠭ᠋ᠠᠬᠤ ᠵᠢᠨ ᠳᠤᠰᠠᠳᠠ᠂ 11 ᠳ᠋ᠦ᠍ᠭᠡᠷ ᠰᠠᠷ᠎ᠠ ᠵᠢᠨ 22᠎ᠤᠨ ᠡᠳᠦᠷ ᠥᠪᠡᠷᠳᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ᠎ᠬᠢᠨ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ 《ᠨᠣᠮᠢᠨ ᠨᠣᠭᠣᠭ᠋ᠠᠨ ᠤᠷᠲᠤ ᠴᠠᠭ᠋ᠠᠨ ᠬᠡᠷᠡᠮ᠎ᠤᠨ ᠠᠮᠢ ᠠᠬᠤᠢ ᠵᠢᠨ ᠭᠠᠢ᠌ᠬᠠᠮᠰᠢᠭ — ᠥᠪᠥᠷ ᠮᠤᠩᠭᠤᠯ᠎ᠤᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠭᠰᠠᠨ ᠪᠠ〈ᠤᠮᠠᠷᠠᠲᠤ ᠵᠢᠨ ᠭᠤᠷᠪᠠᠨ ᠣᠷᠣᠨ〉ᠢᠨᠵᠸᠨ᠋ᠸᠷᠢᠩ᠎ᠤᠨ ᠪᠤᠭᠤᠮᠲᠠ ᠰᠢᠪᠲᠤᠯᠬᠤ ᠳᠠᠢ᠌ᠯᠠᠯᠳᠤᠭ᠋ᠠᠨ᠎ᠤ ᠭᠣᠣᠯ ᠰᠡᠳᠦᠪᠲᠦ ᠦᠵᠡᠰᠬᠦᠯᠡᠩ》᠎ᠢ ᠲᠤᠭᠤᠷᠢᠨ ᠦᠵᠡᠭᠦᠯᠵᠡᠢ᠃
ᠦᠵᠡᠰᠬᠦᠯᠡᠩ ᠲᠠᠪᠤᠨ ᠦᠵᠡᠭᠦᠯᠭᠡ ᠵᠢᠨ ᠲᠣᠭᠣᠷᠢᠭ ᠬᠤᠪᠢᠶᠠᠵᠠᠢ᠂ ᠵᠢᠷᠤᠭ ᠵᠣᠬᠢᠶᠠᠯ᠂ ᠸᠢᠳᠢᠤ᠋᠂ ᠪᠤᠳᠠᠲᠦ ᠪᠤᠳᠠᠰ᠎ᠤᠨ ᠦᠵᠡᠭᠦᠯᠭᠡ ᠵᠢᠴᠢ ᠣᠯᠠᠨ ᠵᠠᠭᠤᠴᠢ᠎ᠪᠠᠷ ᠬᠤᠷᠰᠢᠯᠴᠠᠨ ᠪᠡᠶᠡᠴᠢᠯᠡᠨ ᠣᠢ᠌ᠯᠭ᠋ᠠᠬᠤ ᠪᠠ ᠲᠤᠬᠠᠢ ᠵᠢᠨ ᠲᠠᠯᠠᠪᠠᠢ᠎ᠳᠤ ᠲᠠᠢ᠌ᠯᠪᠤᠷᠢᠯᠠᠬᠤ ᠵᠡᠷᠭᠡ ᠣᠯᠠᠨ ᠬᠡᠯᠪᠡᠷᠢ᠎ᠪᠠᠷ ᠳᠠᠮᠵᠢᠭᠤᠯᠵᠤ᠂ 40 ᠭᠠᠷᠤᠢ ᠵᠢᠯ᠎ᠤᠨ ᠳᠤᠷᠰᠢᠬᠢ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠭᠰᠠᠨ ᠪᠠ 《ᠤᠮᠠᠷᠠᠲᠤ ᠵᠢᠨ ᠭᠤᠷᠪᠠᠨ ᠣᠷᠣᠨ》 ᠢᠨᠵᠸᠨ᠋ᠸᠷᠢᠩ᠎ᠤᠨ ᠪᠦᠲᠦᠭᠡᠨ ᠪᠠᠢ᠌ᠭᠤᠯᠤᠯᠲᠠ ᠵᠢᠨ ᠣᠯᠣᠭᠰᠠᠨ ᠯᠣᠲᠤ ᠶᠡᠬᠡ ᠠᠮᠵᠢᠯᠲᠠ ᠪᠦᠲᠦᠮᠵᠢ᠂ ᠣᠨᠴᠠᠭ᠋ᠠᠢ᠌ᠯᠠᠨ 《ᠤᠮᠠᠷᠠᠲᠤ ᠵᠢᠨ ᠭᠤᠷᠪᠠᠨ ᠣᠷᠣᠨ》 ᠢᠨᠵᠸᠨ᠋ᠸᠷᠢᠩ᠎ᠤᠨ ᠪᠤᠭᠤᠮᠲᠠ ᠰᠢᠪᠲᠤᠯᠬᠤ ᠳᠠᠢ᠌ᠯᠠᠯᠳᠤᠭ᠋ᠠᠨ ᠪᠠ ᠭᠤᠷᠪᠠᠨ ᠶᠡᠬᠡ ᠪᠡᠯᠭᠡ ᠲᠡᠮᠲᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠡᠬᠢᠯᠡᠭᠦᠯᠦᠭᠰᠡᠨ᠎ᠠᠴᠠ ᠨᠠᠭ᠋ᠠᠰᠢᠬᠢ ᠶᠡᠷᠦᠩᠬᠡᠢ ᠠᠬᠢᠴᠠ᠂ ᠴᠢᠬᠤᠯᠠ ᠦᠷ᠎ᠡ ᠪᠦᠲᠦᠭᠡᠯ᠂ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠡᠷᠭᠡ ᠵᠢ ᠪᠦᠬᠦ ᠲᠠᠯ᠎ᠠ᠎ᠪᠠᠷ ᠬᠠᠷᠠᠭᠤᠯᠵᠠᠢ᠂ ᠡᠨᠡ᠎ᠨᠢ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢᠨ ᠳᠠᠭ᠋ᠠᠭᠤᠯᠭ᠎ᠠ᠎ᠪᠠᠷ᠂ ᠥᠪᠥᠷ ᠮᠤᠩᠭᠤᠯ᠎ᠤᠨ ᠠᠮᠢ ᠠᠬᠤᠢ ᠵᠢᠨ ᠪᠤᠯᠪᠠᠰᠤᠨ᠎ᠤ ᠪᠦᠲᠦᠭᠡᠨ ᠪᠠᠢ᠌ᠭᠤᠯᠤᠯᠲᠠ᠎ᠳᠤ ᠣᠯᠣᠭᠰᠠᠨ ᠢᠯᠡᠷᠬᠡᠢ ᠦᠷ᠎ᠡ ᠪᠦᠲᠦᠮᠵᠢ ᠵᠢ ᠠᠮᠢᠳᠤᠯᠢᠭ ᠵᠶ᠋ᠠᠷ ᠬᠠᠷᠠᠭᠤᠯᠵᠠᠢ᠃
ᠲᠤᠭᠤᠷᠢᠨ ᠦᠵᠡᠬᠦ ᠶᠠᠪᠤᠴᠠ᠎ᠳᠤ ᠣᠯᠠᠨ ᠵᠶ᠋ᠠᠷ ᠵᠶ᠋ᠠᠨ ᠲᠠᠢ᠌ᠯᠪᠤᠷᠢᠯᠠᠯᠢ ᠬᠢᠨᠠᠮᠠᠭ᠋ᠠᠢ ᠰᠣᠨᠣᠰᠴᠤ᠂ ᠦᠵᠡᠭᠦᠯᠭᠡ ᠵᠢ ᠰᠤᠨᠢᠷᠬᠠᠵᠤ ᠪᠠᠢ᠌ᠯ᠎ᠠ᠃ 169 ᠵᠢᠷᠤᠭ᠂ 59 ᠬᠤᠪᠢ ᠦᠰᠦᠭ ᠪᠢᠴᠢᠭ᠎ᠤᠨ ᠪᠠᠷᠯᠠᠯ᠂ 61 ᠬᠤᠪᠢ ᠵᠢᠷᠤᠭᠲᠤ ᠲᠠᠢ᠌ᠯᠤᠮᠵᠢ᠂ 110 ᠬᠤᠪᠢ ᠦᠵᠡᠭᠦᠯᠭᠡ ᠵᠢᠨ ᠪᠣᠳᠠᠲᠤ ᠪᠤᠳᠠᠰ ᠪᠠ 12 ᠳᠤᠭᠤᠢ᠌ᠯᠠᠩ᠎ᠤᠨ ᠲᠤᠭ᠋ᠠᠴᠢᠯᠠᠭᠰᠠᠨ ᠣᠯᠠᠨ ᠵᠠᠭᠤᠴᠢᠲᠤ ᠦᠵᠡᠭᠦᠯᠭᠡ ᠵᠢᠨ ᠪᠤᠳᠠᠰ᠎ᠨᠢ ᠥᠪᠡᠷᠳᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠭᠰᠠᠨ ᠠᠵᠢᠯ᠎ᠳᠤ ᠠᠪᠤᠭᠰᠠᠨ ᠰᠢᠨᠵᠢᠯᠡᠬᠦ ᠤᠬᠠᠭ᠋ᠠᠨᠴᠢ ᠠᠷᠭ᠎ᠠ ᠬᠡᠮᠵᠢᠶ᠎ᠡ ᠪᠠ ᠥᠷᠨᠢᠭᠦᠯᠦᠭᠰᠡᠨ ᠮᠡᠷᠭᠡᠵᠢᠯ᠎ᠤᠨ ᠰᠢᠨᠡᠴᠢᠯᠡᠯᠲᠡ ᠵᠢ ᠣᠯᠠᠨ᠎ᠳᠤ ᠤᠯᠠᠮ ᠨᠢᠭᠡ ᠠᠯᠬᠤᠮ ᠣᠢ᠌ᠯᠠᠭ᠋ᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠠᠮᠢ ᠠᠬᠤᠢ ᠵᠢᠨ ᠪᠤᠯᠪᠠᠰᠤᠨ᠎ᠤ ᠪᠠᠢ᠌ᠭᠤᠯᠤᠯᠲᠠ ᠳᠤᠮᠳᠠᠬᠢ ᠡᠷᠡᠰ ᠪᠠᠲᠤ ᠢᠲᠡᠭᠡᠯ ᠵᠣᠷᠢᠭ ᠪᠠ ᠰᠢᠷᠭ᠋ᠠᠭᠤ ᠬᠦᠴᠦ ᠬᠥᠳᠡᠯᠮᠦᠷᠢ ᠵᠢ ᠭᠦᠨᠵᠡᠭᠡᠢ ᠮᠡᠳᠡᠭᠦᠯᠵᠡᠢ᠃
ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ ᠬᠣᠢ᠌ᠰᠢᠳᠠ ᠵᠢᠨ ᠠᠵᠢᠯ᠎ᠳᠤ᠎ᠪᠠᠨ 《ᠳᠡᠰᠪᠦᠷᠢ ᠬᠠᠲᠠᠭᠤᠵᠢᠯᠲᠠᠢ ᠲᠡᠮᠡᠴᠡᠵᠦ ᠬᠠᠷᠠᠮ ᠦᠭᠡᠢ ᠵᠤᠷᠢᠭᠤᠯᠤᠨ ᠰᠢᠨᠲᠡᠷᠡᠰᠢ ᠦᠭᠡᠢ ᠴᠢᠷᠮᠡᠢ᠌ᠵᠣ᠂ ᠥᠨᠢ ᠡᠭᠦᠷᠢᠳᠡ ᠭᠠᠪᠢᠶ᠎ᠠ ᠪᠠᠢ᠌ᠭᠤᠯᠬᠤ》 《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ᠎ᠳᠤ᠎ᠪᠠᠨ ᠰᠠᠭᠤᠷᠢᠯᠠᠨ ᠪᠣᠳᠠᠲᠠᠢ ᠠᠵᠢᠯᠯᠠᠭ᠎ᠠ᠎ᠪᠠᠷ ᠵᠶ᠋ᠠᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠤᠰᠤ ᠮᠥᠨ》 ᠭᠡᠬᠦ ᠬᠥᠭᠵᠢᠯᠲᠡ ᠵᠢᠨ ᠣᠨᠤᠯᠵᠢᠬᠤᠨ᠎ᠢ ᠦᠢ᠍ᠯᠡᠳᠦᠯᠭᠡᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠳᠦᠪᠰᠢᠨ᠎ᠤ ᠬᠠᠯᠬᠠᠪᠴᠢ ᠵᠢ ᠪᠡᠬᠢᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠷᠬᠡᠢ᠌ᠯᠡᠵᠡᠭᠡᠪᠡ᠃
ᠣᠷᠴᠢᠭᠤᠯᠭ᠎ᠠ ᠵᠢᠨ ᠬᠢᠨᠠᠭᠴᠢ᠄ ᠠᠳᠢᠶ᠎ᠠ ᠰᠠᠴᠤᠷᠠᠯ
ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ