ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ 《ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠬᠠᠷᠢᠭᠤᠴᠠᠯᠭ᠎ᠠ ᠡᠭᠦᠷᠭᠡᠯᠡᠯ ᠵᠶ᠋ᠡᠨ ᠪᠠᠲᠤ ᠴᠡᠭᠡᠵᠢᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-09-14

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠦ᠂ ᠨᠠᠮ᠎ᠤᠨ ᠭᠡᠰᠢᠭᠦᠨ ᠺᠠᠳ᠋ᠷ᠎ᠤᠨ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠬᠣᠰᠢᠭᠤᠴᠢ ᠵᠢᠱ᠌ᠢᠶᠡᠴᠢ ᠦᠢ᠍ᠯᠡᠳᠦᠯ ᠵᠶ᠋ᠡᠨ ᠪᠠᠳᠠᠷᠠᠭᠤᠯᠬᠤ ᠵᠢ ᠵᠣᠷᠢᠭᠵᠢᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠦᠨᠡᠨ ᠬᠦ᠌ ᠦᠨᠳᠦᠰᠦᠲᠡᠨ᠎ᠤ ᠬᠡᠯᠡ ᠪᠢᠴᠢᠭ᠎ᠤᠨ ᠠᠵᠢᠯ᠎ᠢ ᠰᠠᠢ᠌ᠲᠤᠷ ᠬᠢᠬᠦ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠤᠯᠠᠷᠢᠯᠠᠭᠤᠯᠬᠤ ᠵᠢᠨ ᠲᠦᠯᠦᠭᠡ᠂ 8 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ᠎ᠤᠨ ᠨᠠᠮ᠎ᠤᠨ ᠡᠭᠦᠷ 《ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ ᠬᠠᠷᠢᠭᠤᠴᠠᠯᠭ᠎ᠠ ᠡᠭᠦᠷᠭᠡᠯᠡᠯ ᠵᠶ᠋ᠡᠨ ᠪᠠᠳᠤ ᠴᠡᠭᠡᠵᠢᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ᠃
      ᠠᠵᠢᠯᠯᠠᠭ᠎ᠠ᠎ᠳᠤ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠬᠦᠨᠵᠡᠭᠡᠢ᠌ᠷᠡᠬᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》 ᠵᠢᠴᠢ ᠶᠡᠷᠦᠩᠬᠡᠢ ᠱᠦᠵᠢ ᠰᠢ ᠵᠢᠨ ᠫᠢᠩ᠎ᠤᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ ᠪᠥᠭᠡᠳ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠤᠭᠤᠷᠢᠨ᠎ᠳᠤ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠪᠠ᠃
       ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷ᠎ᠠᠴᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠮᠥᠨ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠴᠢᠬᠤᠯᠠ ᠴᠢᠨᠠᠷ ᠪᠣᠯᠣᠨ ᠵᠠᠢ᠌ᠯᠠᠰᠢ ᠦᠭᠡᠢ ᠴᠢᠨᠠᠷ᠂ ᠵᠢᠯᠤᠭᠣᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠵᠢᠴᠢ ᠴᠢᠬᠤᠯᠠ ᠶᠡᠬᠡ ᠵᠠᠷᠴᠢᠮ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠥᠭᠡᠷᠡᠴᠢᠯᠡᠯᠲᠡ ᠵᠢ ᠠᠬᠢᠭᠤᠯᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠵᠤ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠬᠥᠭᠵᠢᠯᠲᠡ ᠤᠯᠬᠤ ᠵᠢ ᠠᠬᠢᠭᠤᠯᠵᠤ ᠰᠢᠨ᠎ᠡ ᠦᠰᠦᠷᠦᠯᠲᠡ ᠵᠢ ᠪᠡᠶᠡᠯᠡᠭᠦᠯᠬᠦ᠎ᠳᠤ ᠨᠡᠩ ᠶᠡᠬᠡ ᠰᠢᠨ᠎ᠡ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠭᠡᠪᠡ᠃





         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠦᠨᠳᠦᠰᠦᠲᠡᠨ᠎ᠤ ᠬᠡᠯᠡ ᠪᠢᠴᠢᠭ᠎ᠤᠨ ᠭᠠᠵᠠᠷ