ᠲᠡᠷᠢᠭᠦᠨ ᠬᠠᠭᠤᠳᠠᠰᠤ   -   ᠳᠤᠰᠬᠠᠢ ᠮᠡᠳᠡᠭᠡᠯᠡᠯ
ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠨᠠᠮ᠎ᠤᠨ ᠠᠴᠢ᠎ᠳᠤ ᠲᠠᠯᠠᠷᠬᠠᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ᠎ᠲᠠᠭᠠᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠨ ᠰᠢᠨ᠎ᠡ ᠭᠠᠪᠢᠶ᠎ᠠ ᠪᠠᠶ᠋ᠢᠭᠤᠯᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-01-09

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠵᠢᠯ᠎ᠳᠤ ᠲᠡᠮᠡᠴᠡᠯ᠎ᠤᠨ ᠥᠩᠭᠡᠷᠡᠯᠲᠡ᠎ᠪᠠᠨ ᠪᠠᠲᠤ ᠴᠡᠭᠡᠵᠢᠯᠡᠵᠦ᠂ ᠲᠡᠦᠬᠡᠲᠦ ᠬᠠᠷᠢᠭᠤᠴᠠᠯᠭ᠎ᠠ᠎ᠪᠠᠨ ᠡᠭᠦᠷᠭᠡᠯᠡᠬᠦ ᠵᠢᠨ ᠲᠥᠯᠥᠭᠡ᠂ 1 ᠳ᠋ᠦ᠍ᠭᠡᠷ ᠰᠠᠷ᠎ᠠ ᠵᠢᠨ 3᠎ᠤ ᠡᠳᠦᠷ᠂ ᠰᠤᠷᠭ᠋ᠠᠨ ᠬᠥᠮᠦᠵᠢᠯ᠎ᠤᠨ ᠭᠠᠵᠠᠷ᠎ᠤᠨ ᠨᠠᠮ᠎ᠤᠨ ᠡᠭᠦᠷ᠎ᠤᠨ᠎ᠬᠢᠨ 《ᠨᠠᠮ᠎ᠤᠨ ᠠᠴᠢ᠎ᠳᠤ ᠲᠠᠯᠠᠷᠬᠠᠵᠦ ᠨᠠᠮ᠎ᠤᠨ ᠦᠭᠡ ᠵᠢ ᠰᠣᠨᠣᠰᠴᠤ ᠨᠠᠮ ᠵᠶ᠋ᠠᠨ᠎ᠲᠠᠭᠠᠨ ᠤᠷᠤᠭᠰᠢᠯᠠᠵᠤ ᠬᠠᠷᠢᠭᠤᠴᠠᠯᠭ᠎ᠠ ᠡᠭᠦᠷᠭᠡᠯᠡᠨ ᠰᠢᠨ᠎ᠡ ᠭᠠᠪᠢᠶ᠎ᠠ ᠪᠠᠶ᠋ᠢᠭᠤᠯᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠵᠢᠨ ᠳᠤᠮᠳᠠ ᠨᠠᠮ᠎ᠤᠨ ᠭᠡᠰᠢᠭᠦᠨ ᠺᠠᠳ᠋ᠷᠴᠤᠳ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠤᠨ ᠨᠡᠶ᠋ᠢᠲᠡᠯᠡᠭᠰᠡᠨ 2025 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢ ᠬᠠᠮᠲᠤ᠎ᠪᠠᠷ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠵᠢ ᠠᠬᠢᠭᠤᠯᠵᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
      ᠲᠡᠷᠢᠭᠦᠯᠡᠭᠴᠢ ᠰᠢ ᠵᠢᠨ ᠫᠢᠩ᠎ᠤᠨ 2025 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ᠎ᠨᠢ ᠡᠶᠡᠷᠡᠭᠦᠨ ᠳᠤᠯᠠᠭ᠋ᠠᠬᠠᠨ ᠦᠭᠡᠰ᠂ ᠳᠣᠲᠣᠨᠣ ᠬᠠᠯᠠᠮᠵᠢᠯᠠᠯ ᠵᠶ᠋ᠡᠷ ᠨᠠᠮ᠎ᠤᠨ ᠭᠡᠰᠢᠭᠦᠨ ᠺᠠᠳ᠋ᠷᠴᠤᠳ᠎ᠢ ᠤᠷᠮᠠᠰᠢᠭᠤᠯᠤᠨ ᠵᠣᠷᠢᠭᠵᠢᠭᠤᠯᠪᠠ᠃ ᠤᠯᠠᠨ ᠵᠶ᠋ᠠᠷ ᠵᠶ᠋ᠠᠨ ᠰᠢᠨ᠎ᠡ ᠠᠶᠠᠨ ᠵᠠᠮ᠎ᠳᠤ᠎ᠪᠠᠨ ᠰᠢ ᠵᠢᠨ ᠫᠢᠩ ᠨᠥᠬᠥᠷ ᠵᠶ᠋ᠡᠷ ᠭᠤᠤᠯᠯᠠᠬ᠍ᠴᠢ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠨᠡᠩ ᠰᠠᠢ᠍ᠢ᠍ᠨ ᠰᠠᠶ᠋ᠢᠬᠠᠨ ᠢᠷᠡᠭᠡᠳᠦᠢ ᠲᠡᠢ᠌ᠰᠢ ᠡᠷᠡᠮᠡᠬᠡᠶ᠋ᠢᠯᠡᠨ ᠤᠷᠤᠭᠰᠢᠯᠠᠨ᠎ᠠ ᠭᠡᠪᠡ᠃ 《ᠴᠠᠭ ᠦᠶ᠎ᠡ ᠵᠢᠨ ᠡᠮᠦᠨ᠎ᠡ ᠬᠣᠰᠢᠭᠤᠷᠠᠵᠤ》᠂ ᠪᠠᠶ᠋ᠢᠯᠳᠤᠬᠤ ᠪᠤᠳᠤᠯᠭ᠎ᠠ ᠵᠢᠨ ᠢᠲᠡᠭᠡᠯ ᠵᠶ᠋ᠡᠨ ᠪᠠᠲᠤᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠪᠠᠲᠤ ᠬᠦᠴᠦᠨ ᠵᠶ᠋ᠡᠨ ᠪᠠᠲᠤᠯᠠᠵᠤ᠂ ᠥᠭᠡᠷᠡᠴᠢᠯᠡᠯᠲᠡ ᠵᠢᠨ ᠤᠶᠤᠨ ᠤᠬᠠᠭ᠋ᠠᠨ᠎ᠢ ᠰᠢᠩᠭᠡᠭᠡᠨ ᠠᠪᠴᠤ᠂ ᠠᠵᠢᠯᠯᠠᠬᠤ ᠵᠢ ᠲᠡᠷᠢᠭᠦᠨ᠎ᠳᠤ ᠲᠠᠯᠪᠢᠵᠤ᠂ ᠲᠦᠮᠡᠨ ᠤᠯᠠᠨ ᠵᠶ᠋ᠠᠷ ᠵᠶ᠋ᠠᠨ ᠪᠦᠯᠬᠦᠮᠳᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢ᠌ᠰᠢ ᠣᠮᠣᠭ ᠲᠡᠭᠦᠯᠳᠡᠷ ᠤᠷᠤᠭᠰᠢᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠪᠣᠯ ᠨᠠᠮ᠎ᠤᠨ ᠦᠨᠳᠦᠰᠦᠲᠡᠨ᠎ᠤ ᠠᠵᠢᠯ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠮᠥᠨ ᠭᠡᠳᠡᠭ᠎ᠢ ᠭᠦᠨᠵᠡᠭᠡᠶ ᠣᠶ᠋ᠢᠯᠠᠭ᠋ᠠᠵᠤ᠂ ᠪᠣᠶ ᠪᠥᠬᠥᠶ ᠠᠵᠢᠯ᠎ᠢ ᠴᠥᠮ ᠤᠬᠠᠮᠰᠠᠷ᠎ᠠᠴᠠ᠎ᠪᠠᠨ ᠭᠤᠤᠯ ᠰᠢᠵᠢᠮ᠎ᠳᠤ ᠲᠥᠪᠯᠡᠷᠡᠭᠦᠯᠵᠦ᠂ ᠭᠤᠤᠯᠳᠠᠯᠭ᠎ᠠ᠎ᠲᠠᠢ ᠡᠭᠦᠷᠭᠡ ᠵᠢ ᠴᠢᠩᠭ᠎ᠠ ᠨᠢᠮᠪᠠᠢ ᠰᠠᠶ᠋ᠢᠲᠤᠷ ᠠᠳᠬᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃



      ᠣᠷᠴᠢᠭᠤᠯᠭ᠎ᠠ ᠵᠢᠨ ᠬᠢᠨᠠᠭᠴᠢ᠄ ᠠᠳᠢᠶ᠎ᠠ   ᠰᠠᠴᠤᠷᠠᠯ
      ᠳᠡᠳ᠋ ᠶᠡᠷᠦᠩᠬᠡᠢ ᠨᠠᠢ᠌ᠷᠠᠭᠤᠯᠤᠭᠴᠢ᠄ ᠬᠣᠣᠰᠪᠠᠶᠠᠷ
      ᠶᠡᠷᠦᠩᠬᠡᠢ ᠨᠠᠢ᠌ᠷᠠᠭᠤᠯᠤᠭᠴᠢ᠄ ᠸᠠᠩ ᠰᠢᠥᠸᠠᠢ ᠳ᠋ᠦᠩ





ᠢᠷᠡᠯᠲᠡ᠄ ᠰᠤᠷᠭ᠋ᠠᠨ ᠬᠦᠮᠦᠵᠢᠯ᠎ᠤᠨ ᠭᠠᠵᠠᠷ