ᠡᠳ᠋᠎ᠤᠨ ᠵᠠᠰᠠᠭ᠎ᠤᠨ ᠶᠠᠮᠤᠨ᠄
ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ》 ᠵᠢ ᠰᠠᠶ᠋ᠢᠲᠤᠷ ᠬᠡᠷᠡᠭᠵᠢᠭᠦᠯᠵᠦ᠂ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢᠨ ᠴᠢᠳᠠᠪᠬᠢ ᠵᠢ ᠦᠷᠭᠦᠯᠵᠢᠯᠡᠨ ᠪᠠᠳᠠᠷᠠᠭᠤᠯᠤᠨ᠎ᠠ
ᠥᠨᠥ ᠵᠢᠯ ᠨᠠᠩ ᠢᠳᠡᠪᠬᠢᠲᠡᠢ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠬᠦ ᠪᠣᠯᠣᠨ᠎ᠠ᠂ ᠡᠭᠦᠨ᠎ᠤ ᠢᠯᠡ ᠲᠣᠳᠣ ᠨᠢᠭᠡᠨ ᠣᠨᠴᠠᠯᠢᠭ ᠭᠡᠪᠡᠯ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ᠂ ᠡᠳ᠋᠎ᠤᠨ ᠵᠠᠰᠠᠭ᠎ᠤᠨ ᠳᠠᠮ ᠬᠦᠦ᠂ ᠲᠤᠰᠬᠠᠢ ᠵᠦᠢ᠍ᠯ᠎ᠤᠨ ᠪᠡᠯᠡ ᠮᠥᠩᠭᠦ᠂ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ ᠵᠡᠷᠭᠡ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠡᠷᠡᠭᠯᠡᠬᠦ ᠵᠢᠨ ᠬᠠᠮᠲᠤ ᠵᠣᠭᠤᠰ ᠮᠥᠩᠭᠦ᠂ ᠠᠵᠢᠯ ᠣᠯᠭᠤᠯᠲᠠ᠂ ᠠᠵᠤ ᠦᠢ᠍ᠯᠡᠰ᠂ ᠣᠷᠣᠨ ᠪᠦᠰᠡ ᠵᠡᠷᠭᠡ ᠵᠢᠨ ᠲᠥᠷᠥ ᠵᠢᠨ ᠪᠣᠳᠣᠯᠭ᠎ᠠ᠎ᠯᠤᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ》 ᠵᠢ ᠰᠠᠶ᠋ᠢᠲᠤᠷ ᠬᠡᠷᠡᠭᠵᠢᠭᠦᠯᠬᠦ ᠪᠣᠯᠣᠨ᠎ᠠ᠃ ᠲᠥᠷᠥ ᠵᠢᠨ ᠪᠣᠳᠣᠯᠭ᠎ᠠ ᠵᠢᠨ ᠴᠢᠳᠠᠪᠬᠢ ᠵᠢ ᠪᠠᠳᠠᠷᠠᠭᠤᠯᠬᠤ ᠭᠤᠣᠯᠳᠠᠯᠭ᠎ᠠ ᠵᠢᠨ ᠲᠠᠯ᠎ᠠ᠎ᠪᠠᠷ᠂ ᠥᠨᠥ ᠵᠢᠯ ᠴᠢᠨᠠᠷ ᠰᠠᠶ᠋ᠢᠲᠠᠢ ᠬᠥᠭᠵᠢᠭᠦᠯᠬᠦ ᠶᠠᠪᠤᠴᠠ᠎ᠳᠠᠬᠢ ᠪᠠᠭᠤᠷᠠᠢ ᠭᠤᠭᠴᠤᠭ᠎ᠠ ᠪᠠ ᠠᠵᠤ ᠠᠬᠤᠢ ᠵᠢᠨ ᠣᠷᠴᠢᠯ ᠳᠤᠮᠳᠠᠬᠢ ᠲᠦᠭᠵᠢᠷᠡᠯ ᠬᠦᠴᠢᠷᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
ᠥᠨᠥ ᠵᠢᠯ᠎ᠤᠨ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ ᠵᠢᠨ ᠬᠦᠴᠦᠯᠡᠬᠦ ᠴᠡᠭ᠎ᠤᠨ ᠲᠡᠷᠢᠭᠦᠨ ᠴᠢᠬᠤᠯᠠ ᠡᠭᠦᠷᠭᠡ ᠪᠣᠯ ᠬᠡᠷᠡᠭᠯᠡᠭᠡ ᠵᠢ ᠶᠡᠭᠡ᠎ᠪᠠᠷ ᠬᠥᠭᠵᠢᠭᠡᠨ᠂ ᠪᠡᠯᠡ ᠣᠷᠣᠭᠤᠯᠤᠯᠲᠠ ᠵᠢᠨ ᠦᠷ᠎ᠡ ᠠᠰᠢᠭ᠎ᠢ ᠨᠡᠮᠡᠭᠳᠡᠭᠦᠯᠵᠦ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠪᠦᠬᠦ ᠲᠠᠯ᠎ᠠ᠎ᠪᠠᠷ ᠥᠷᠭᠡᠳᠬᠡᠨ᠎ᠡ
ᠮᠠᠨ᠎ᠤ ᠤᠯᠤᠰ ᠪᠦᠬᠦ ᠪᠥᠮᠪᠥᠷᠴᠡᠭ᠎ᠲᠠᠬᠢ ᠬᠠᠮᠤᠭ᠎ᠤᠨ ᠶᠡᠭᠡ ᠳᠠᠯᠳᠠ ᠬᠦᠴᠦᠨ ᠪᠦᠬᠦᠢ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠲᠠᠢ ᠪᠠᠶ᠋ᠢᠵᠤ᠂ ᠬᠡᠷᠡᠭᠯᠡᠭᠡ ᠵᠢᠨ ᠨᠡᠮᠡᠭᠳᠡᠯ᠎ᠤᠨ ᠣᠷᠣᠨ ᠵᠠᠢ ᠮᠠᠰᠢ ᠥᠷᠭᠡᠨ ᠠᠭᠤᠳᠠᠮ ᠶᠤᠮ᠃ ᠲᠥᠪ᠎ᠤᠨ ᠡᠳ᠋᠎ᠤᠨ ᠵᠠᠰᠠᠭ᠎ᠠᠴᠠ ᠦᠨᠡᠨ ᠬᠦ᠌ ᠶᠡᠭᠡ ᠬᠡᠮᠵᠢᠶᠡᠨ᠎ᠤ ᠪᠡᠯᠡ ᠮᠥᠩᠭᠦ ᠵᠠᠷᠤᠴᠠᠭᠤᠯᠵᠤ ᠪᠠᠶ᠋ᠢᠭ᠋ᠠᠳ᠂ ᠬᠠᠩᠭ᠋ᠠᠯᠭ᠎ᠠ ᠬᠡᠷᠡᠭᠴᠡᠭᠡ ᠵᠢᠨ ᠬᠤᠶᠠᠷ ᠲᠠᠯ᠎ᠠ᠎ᠠᠴᠠ ᠬᠦᠴᠦᠯᠡᠨ ᠬᠡᠷᠡᠭᠯᠡᠭᠡ ᠵᠢ ᠬᠥᠭᠵᠢᠭᠡᠬᠦ ᠪᠣᠯᠣᠨ᠎ᠠ᠃ ᠲᠥᠰᠥᠪ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠥᠨᠥ ᠵᠢᠯ ᠮᠠᠨ᠎ᠤ ᠤᠯᠤᠰ᠎ᠤᠨ ᠲᠠᠷᠬᠠᠭ᠋ᠠᠬᠤ ᠤᠯᠤᠰ᠎ᠤᠨ ᠬᠡᠳᠦ ᠤᠷᠳᠤ ᠬᠤᠭᠤᠴᠠᠭ᠋ᠠᠲᠤ ᠣᠨᠴᠠᠭ᠋ᠠᠶ ᠵᠢᠭᠡᠯᠡᠯᠭᠡ 13000 ᠳ᠋ᠦᠩᠰᠢᠭᠤᠷ ᠲᠥᠭᠦᠷᠢᠭ᠎ᠲᠤ ᠬᠦᠷᠴᠦ᠂ ᠨᠢᠳᠤᠨᠤᠨ᠎ᠤ᠎ᠬᠢ᠎ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠂ ᠡᠭᠦᠨ᠎ᠳᠤ᠂ 《ᠬᠤᠶᠠᠷ ᠴᠢᠬᠤᠯᠠ》 ᠲᠥᠷᠥᠯ ᠵᠦᠢ᠍ᠯ᠎ᠢ ᠨᠡᠩ ᠬᠦᠴᠦᠲᠡᠢ ᠳᠡᠮᠵᠢᠬᠦ᠎ᠳᠤ 8000 ᠳ᠋ᠦᠩᠰᠢᠭᠤᠷ ᠲᠥᠭᠦᠷᠢᠭ᠎ᠢ᠎ᠨᠢ ᠬᠡᠷᠡᠭᠯᠡᠵᠦ᠂ 《ᠬᠤᠶᠠᠷ ᠰᠢᠨ᠎ᠡ》 ᠵᠢᠨ ᠲᠦᠷᠦ ᠵᠢᠨ ᠪᠣᠳᠣᠯᠭ᠎ᠠ ᠵᠢ ᠬᠦᠴᠦᠯᠡᠨ ᠦᠷᠭᠡᠳᠬᠡᠵᠦ ᠬᠡᠷᠡᠭᠵᠢᠭᠦᠯᠬᠦ᠎ᠳᠤ 5000 ᠳ᠋ᠦᠩᠰᠢᠭᠤᠷ ᠲᠥᠭᠦᠷᠢᠭ᠎ᠢ᠎ᠨᠢ ᠬᠡᠷᠡᠭᠯᠡᠬᠦ ᠪᠣᠯᠣᠨ᠎ᠠ᠃
ᠥᠨᠥ ᠵᠢᠯ ᠤᠯᠤᠰ᠎ᠤᠨ ᠬᠡᠳᠦ ᠤᠷᠳᠤ ᠬᠤᠭᠤᠴᠠᠭ᠋ᠠᠲᠤ ᠣᠨᠴᠠᠭ᠋ᠠᠶ ᠵᠢᠭᠡᠯᠡᠯᠭᠡ ᠵᠢ ᠨᠡᠶ᠋ᠢᠳᠡ 3000 ᠳ᠋ᠦᠩᠰᠢᠭᠤᠷ ᠲᠥᠭᠦᠷᠢᠭ ᠳᠣᠬᠢᠷᠠᠭᠤᠯᠤᠨ ᠬᠠᠭᠤᠴᠢᠨ ᠬᠡᠷᠡᠭᠯᠡᠭᠡ ᠵᠢᠨ ᠵᠦᠢ᠍ᠯᠡᠰ ᠵᠶ᠋ᠠᠨ ᠰᠢᠨ᠎ᠡ᠎ᠪᠠᠷ ᠰᠣᠯᠢᠬᠤ ᠵᠢ ᠲᠡᠮᠵᠢᠵᠤ᠂ ᠨᠢᠳᠤᠨᠤᠨ᠎ᠤ᠎ᠬᠢ᠎ᠠᠴᠠ 1500 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠃ ᠪᠡᠯᠡ ᠮᠥᠩᠭᠦᠨ᠎ᠤ ᠬᠡᠪᠴᠢᠶ᠎ᠡ᠎ᠨᠢ ᠨᠢᠳᠤᠨᠤᠨ᠎ᠤ᠎ᠬᠢ᠎ᠠᠴᠠ ᠬᠤᠶᠠᠷ ᠳᠠᠬᠢᠨ ᠪᠠᠶ᠋ᠢᠵᠤ᠂ ᠬᠡᠷᠡᠭᠯᠡᠭᠴᠢᠳ᠎ᠤᠨ ᠪᠠᠷᠠᠭ᠎ᠠ ᠬᠤᠳᠠᠯᠳᠤᠨ ᠠᠪᠬᠤ ᠥᠪᠡᠷ᠎ᠤᠨ ᠥᠷᠲᠡᠭ᠎ᠢ ᠰᠢᠭᠤᠳ ᠪᠠᠭᠤᠷᠠᠭᠤᠯᠬᠤ᠎ᠳᠤ ᠠᠰᠢᠭᠲᠠᠢ ᠮᠥᠷᠲᠡᠭᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠎ᠪᠠᠨ ᠬᠡᠷᠡᠭᠯᠡᠭᠡ ᠵᠢ ᠠᠬᠢᠭᠤᠯᠬᠤ᠎ᠯᠤᠭ᠎ᠠ ᠤᠶᠠᠯᠳᠤᠭᠤᠯᠬᠤ ᠵᠢ ᠴᠢᠬᠤᠯᠠᠴᠢᠯᠠᠬᠤ ᠪᠣᠯᠣᠨ᠎ᠠ᠃ ᠨᠠᠰᠤᠵᠢᠯ᠎ᠤᠨ ᠠᠰᠠᠷᠠᠮᠵᠢ ᠵᠢᠨ ᠮᠥᠩᠭᠦᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠡᠮᠴᠢᠯᠡᠭᠡᠨ᠎ᠤ ᠨᠡᠮᠡᠭᠦᠷᠢ ᠣᠯᠭᠤᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠴᠢᠳᠠᠪᠤᠷᠢ ᠪᠠ ᠬᠦᠰᠡᠯᠲᠡ ᠵᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠄
ᠳᠥᠷᠪᠡᠨ ᠲᠠᠯ᠎ᠠ᠎ᠪᠠᠷ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ᠎ᠪᠠᠨ ᠠᠬᠢᠭᠤᠯᠤᠨ᠎ᠠ
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠨᠠᠷ ᠰᠠᠶ᠋ᠢᠲᠠᠢ ᠬᠠᠩᠭ᠋ᠠᠯᠭ᠎ᠠ ᠵᠢ ᠨᠡᠮᠡᠭᠳᠡᠭᠦᠯᠬᠦ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠪᠠᠬᠢᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ᠂ ᠬᠠᠮᠵᠢᠯᠴᠠᠨ ᠰᠢᠨ᠎ᠡ ᠵᠢ ᠡᠭᠦᠳᠬᠦ ᠠᠮᠢ ᠠᠬᠤᠢ ᠵᠢ ᠪᠤᠢ ᠪᠣᠯᠭ᠋ᠠᠬᠤ ᠵᠡᠷᠭᠡ ᠲᠦᠷᠪᠡᠨ ᠲᠠᠯ᠎ᠠ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ᠎ᠪᠠᠨ ᠠᠬᠢᠭᠤᠯᠤᠨ᠎ᠠ
ᠦᠢ᠍ᠯᠡᠳᠬᠦ ᠦᠢ᠍ᠯᠡᠰ᠎ᠤᠨ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢ ᠴᠢᠨᠠᠷ ᠰᠠᠶ᠋ᠢᠲᠠᠢ ᠬᠥᠭᠵᠢᠭᠦᠯᠬᠦ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠢᠭᠡ ᠪᠦᠯᠦᠭ ᠴᠢᠬᠤᠯᠠ ᠶᠡᠭᠡ ᠲᠦᠷᠦᠯ ᠵᠦᠢ᠍ᠯ᠎ᠢ ᠰᠢᠨ᠎ᠡ᠎ᠪᠠᠷ ᠪᠠᠶ᠋ᠢᠷᠢᠰᠢᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠳ᠎ᠤᠨ ᠳᠤᠮᠳᠠᠳᠤ ᠤᠯᠤᠰ᠎ᠲᠤ ᠰᠤᠳᠤᠯᠤᠨ ᠨᠡᠭᠡᠭᠡᠬᠦ ᠲᠥᠪ ᠪᠠᠶ᠋ᠢᠭᠤᠯᠬᠤ ᠵᠢ ᠳᠡᠮᠵᠢᠨ᠎ᠡ᠃
ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠤᠳ᠎ᠢ ᠱᠠᠲᠤᠯᠠᠨ ᠪᠣᠶ᠋ᠢᠵᠢᠭᠤᠯᠵᠤ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠵᠤ᠂ ᠠᠩᠬᠠᠨ᠎ᠤ ᠡᠭᠦᠳᠦᠯᠲᠡ ᠵᠢᠨ ᠴᠢᠨᠠᠷᠲᠠᠢ ᠰᠠᠭᠤᠷᠢ ᠰᠠᠶ᠋ᠢᠲᠠᠢ ᠠᠵᠤ ᠠᠬᠤᠶ᠋ᠢᠯᠠᠯ᠂ ᠪᠠᠳᠠᠷᠠᠩᠭᠤᠢ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠳ᠎ᠤᠨ ᠳᠤᠮᠳᠠᠳᠤ ᠤᠯᠤᠰ᠎ᠲᠤ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠵᠢ᠎ᠨᠢ ᠳᠡᠮᠵᠢᠨ᠎ᠡ᠃
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠵᠦ᠂ ᠤᠯᠤᠰ᠎ᠤᠨ ᠮᠡᠷᠭᠡᠵᠢᠯ᠎ᠤᠨ ᠰᠣᠯᠢᠯᠴᠠᠭ᠋ᠠᠨ᠎ᠤ ᠦᠢ᠍ᠯᠡᠴᠢᠯᠡᠭᠡᠨ᠎ᠤ ᠲᠠᠪᠴᠠᠩ ᠪᠠ ᠤᠯᠤᠰ᠎ᠤᠨ ᠦᠢ᠍ᠯᠡᠳᠬᠦ ᠦᠢ᠍ᠯᠡᠰ᠎ᠤᠨ ᠵᠠᠪᠰᠠᠷ᠎ᠤᠨ ᠲᠤᠷᠰᠢᠯᠲᠠ ᠵᠢᠨ ᠲᠠᠪᠴᠠᠩ᠎ᠢ ᠪᠠᠶ᠋ᠢᠭᠤᠯᠤᠨ᠎ᠠ᠃
ᠵᠢᠷᠤᠮᠯᠠᠯ᠂ ᠳᠦᠷᠢᠮ ᠳᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠬᠡᠯᠪᠡᠷᠢᠲᠦ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠪᠦᠬᠦ ᠪᠥᠮᠪᠥᠷᠴᠡᠭ᠎ᠤᠨ ᠬᠡᠪᠴᠢᠶᠡᠨ᠎ᠳᠠᠬᠢ ᠰᠢᠨ᠎ᠡ ᠵᠢ ᠡᠭᠦᠳᠬᠦ ᠬᠦᠴᠦᠨ ᠵᠦᠢ᠍ᠯ ᠡᠬᠢ ᠪᠠᠶᠠᠯᠢᠭ᠎ᠤᠨ ᠭᠦᠢ᠍ᠯᠭᠡᠭᠡ ᠵᠢ ᠲᠦᠷᠭᠡᠳᠬᠡᠬᠦ᠎ᠪᠠᠨ ᠠᠬᠢᠭᠤᠯᠤᠨ᠂ ᠨᠡᠭᠡᠭᠡᠯᠲᠡ᠎ᠲᠠᠢ ᠤᠯᠠᠨ ᠡᠰᠢᠲᠦ ᠰᠢᠨ᠎ᠡ ᠡᠭᠦᠳᠦᠯᠲᠡ᠎ᠲᠠᠢ 《ᠵᠢᠵᠢᠭ ᠠᠮᠢ ᠠᠬᠤᠢ》 ᠵᠢ ᠲᠦᠷᠭᠡᠪᠴᠢᠯᠡᠨ ᠪᠠᠶ᠋ᠢᠭᠤᠯᠵᠤ᠂ ᠪᠦᠬᠦ ᠪᠥᠮᠪᠥᠷᠴᠡᠭᠯᠦᠭᠡ ᠵᠢᠨ ᠠᠭᠤᠰᠤᠯᠴᠠᠨ ᠬᠥᠭᠵᠢᠬᠦ 《ᠲᠣᠮᠣ ᠠᠮᠢ ᠠᠬᠤᠢ》 ᠵᠢ ᠬᠠᠮᠲᠤ᠎ᠪᠠᠷ ᠴᠡᠴᠡᠭᠯᠡᠭᠦᠯᠦᠨ ᠬᠥᠭᠵᠢᠭᠦᠯᠦᠨ᠎ᠡ᠃
ᠠᠷᠠᠳ᠎ᠤᠨ ᠶᠠᠪᠤᠳᠠᠯ᠎ᠤᠨ ᠶᠠᠮᠤᠨ᠄
ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠬᠠᠮᠢᠶ᠎ᠠ ᠪᠦᠬᠦᠢ ᠠᠵᠤ ᠦᠢ᠍ᠯᠡᠰ ᠪᠠ ᠡᠵᠡᠩᠨᠡᠯᠲᠡ ᠵᠢᠨ ᠬᠡᠯᠪᠡᠷᠢ ᠪᠠᠶ᠋ᠢᠳᠠᠯᠯᠤᠭᠠ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠣᠯᠠᠨ ᠨᠡᠶ᠋ᠢᠲᠡ ᠵᠢᠨ ᠣᠷᠣᠨ ᠵᠠᠢ ᠵᠢ ᠨᠠᠰᠤᠵᠢᠯᠲᠠ᠎ᠳᠤ ᠵᠣᠬᠢᠴᠠᠭᠤᠯᠤᠨ ᠰᠢᠨᠡᠳᠬᠡᠬᠦ ᠵᠢ ᠲᠦᠯᠬᠢᠨ ᠠᠬᠢᠭᠤᠯᠤᠨ᠎ᠠ
ᠠᠷᠠᠳ᠎ᠤᠨ ᠶᠠᠪᠤᠳᠠᠯ᠎ᠤᠨ ᠶᠠᠮᠤᠨ ᠨᠠᠰᠤᠵᠢᠯ᠎ᠤᠨ ᠠᠰᠠᠷᠠᠮᠵᠢ ᠵᠢᠨ ᠠᠵᠢᠯ ᠦᠢ᠍ᠯᠡᠰ ᠪᠠ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ ᠵᠢᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠢ ᠰᠣᠶᠣᠯ᠂ ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ ᠵᠢᠨ ᠲᠠᠮᠢᠷ᠂ ᠭᠡᠷ ᠠᠬᠤᠢ ᠵᠡᠷᠭᠡ ᠬᠠᠮᠢᠶ᠎ᠠ ᠪᠦᠬᠦᠢ ᠠᠵᠤ ᠦᠢ᠍ᠯᠡᠰ ᠪᠠ ᠡᠵᠡᠩᠨᠡᠯᠲᠡ ᠵᠢᠨ ᠬᠡᠯᠪᠡᠷᠢ ᠪᠠᠶ᠋ᠢᠳᠠᠯᠯᠤᠭᠠ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠯᠡᠭᠡ ᠵᠢᠨ ᠬᠦᠷᠢᠶ᠎ᠡ ᠬᠢᠭᠡᠳ ᠬᠡᠷᠡᠭᠯᠡᠭᠡ ᠵᠢᠨ ᠪᠠᠶ᠋ᠢᠳᠠᠯ᠎ᠢ ᠪᠠᠶᠠᠯᠢᠭᠵᠢᠭᠤᠯᠤᠨ ᠥᠷᠭᠡᠳᠬᠡᠵᠦ᠂ ᠨᠠᠰᠤᠵᠢᠯ᠎ᠤᠨ ᠠᠰᠠᠷᠠᠮᠵᠢ ᠵᠢᠨ ᠬᠡᠷᠡᠭᠯᠡᠭᠡ ᠵᠢᠨ ᠳᠠᠯᠳᠠ ᠬᠦᠴᠦᠨ᠎ᠢ ᠪᠠᠳᠠᠷᠠᠭᠤᠯᠤᠨ᠎ᠠ; ᠭᠡᠷ ᠪᠦᠯᠢ ᠵᠢᠨ ᠨᠠᠰᠤᠵᠢᠯᠲᠠ᠎ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠵᠢ ᠦᠷᠭᠦᠯᠵᠢᠯᠡᠨ ᠠᠬᠢᠭᠤᠯᠵᠤ᠂ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠭᠡᠷ ᠪᠦᠯᠢ ᠵᠢᠨ ᠨᠠᠰᠤᠵᠢᠯᠲᠠ᠎ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠠᠵᠢᠯ᠎ᠢ ᠰᠠᠶ᠋ᠢᠲᠤᠷ ᠬᠢᠵᠦ᠂ ᠨᠠᠰᠤᠲᠠᠶ᠋ᠢᠴᠤᠳ᠎ᠤᠨ ᠢᠳᠡᠵᠦ ᠤᠤᠭᠤᠬᠤ᠎ᠳᠤ ᠲᠤᠰᠠᠯᠠᠬᠤ ᠦᠢ᠍ᠯᠡᠴᠢᠯᠡᠭᠡ᠂ ᠡᠷᠡᠭᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ ᠬᠤᠳᠠᠯᠳᠤᠨ ᠠᠪᠬᠤ ᠪᠠ ᠲᠦᠷᠢᠶᠡᠰᠦᠯᠡᠬᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠦᠢ᠍ᠯᠡᠴᠢᠯᠡᠭᠡ ᠵᠢ ᠥᠷᠭᠡᠳᠬᠡᠨ᠎ᠡ᠃
ᠪᠤᠭᠤᠷᠤᠯᠴᠤᠳ᠎ᠤᠨ ᠬᠡᠷᠡᠭᠯᠡᠭᠡ ᠵᠢᠨ ᠣᠷᠴᠢᠨ ᠨᠦᠬᠦᠴᠡᠯ᠎ᠢ ᠬᠦᠴᠦᠯᠡᠨ ᠰᠠᠶ᠋ᠢᠵᠢᠷᠠᠭᠤᠯᠬᠤ ᠲᠠᠯ᠎ᠠ᠎ᠪᠠᠷ᠂ ᠠᠷᠠᠳ᠎ᠤᠨ ᠶᠠᠪᠤᠳᠠᠯ᠎ᠤᠨ ᠶᠠᠮᠤᠨ ᠤᠯᠠᠨ ᠨᠡᠶ᠋ᠢᠲᠡ ᠵᠢᠨ ᠣᠷᠣᠨ ᠵᠠᠢ ᠵᠢ ᠨᠠᠰᠤᠵᠢᠯᠲᠠ᠎ᠳᠤ ᠵᠣᠬᠢᠴᠠᠭᠤᠯᠵᠤ ᠰᠢᠨᠡᠳᠬᠡᠬᠦ ᠵᠢ ᠠᠬᠢᠭᠤᠯᠵᠤ᠂ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ᠎ᠤᠨ ᠨᠠᠰᠤᠵᠢᠯᠲᠠ᠎ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠵᠢ ᠬᠥᠲᠥᠯᠥᠨ ᠵᠢᠯᠣᠭᠤᠳᠤᠨ᠎ᠠ; ᠨᠠᠰᠤᠲᠠᠶ᠋ᠢᠴᠤᠳ᠎ᠤᠨ ᠬᠦᠷᠢᠶᠡᠨ᠎ᠳᠠᠬᠢ ᠦᠢ᠍ᠯᠡᠳᠬᠦᠨ ᠪᠠ ᠦᠢ᠍ᠯᠡᠴᠢᠯᠡᠭᠡᠨ᠎ᠤ ᠪᠠᠷᠢᠮᠵᠢᠶᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠠᠰᠤᠲᠠᠶ᠋ᠢᠴᠤᠳ᠎ᠤᠨ ᠬᠡᠷᠡᠭᠯᠡᠬᠦ ᠦᠢ᠍ᠯᠡᠳᠬᠦᠨ ᠬᠡᠷᠡᠭᠰᠡᠯ᠎ᠢ᠎ᠨᠢ ᠪᠠᠷᠢᠮᠵᠢᠶᠠᠵᠢᠭᠤᠯᠤᠨ ᠵᠢᠷᠤᠮᠵᠢᠭᠤᠯᠵᠤ ᠨᠠᠷᠢᠨ ᠬᠤᠪᠢᠶᠠᠵᠤ ᠪᠦᠷᠢᠨᠰᠢᠭᠦᠯᠦᠨ᠎ᠡ; ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠪᠠ ᠨᠠᠰᠤᠲᠠᠶ᠋ᠢᠴᠤᠳ᠎ᠤᠨ ᠬᠡᠷᠡᠭᠯᠡᠬᠦ ᠬᠡᠷᠡᠭᠰᠡᠯ᠎ᠤᠨ ᠶᠠᠰᠤ ᠴᠢᠨᠠᠷᠲᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠨᠠᠰᠤᠲᠠᠶ᠋ᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃
ᠠᠮᠢ ᠠᠬᠤᠢ ᠣᠷᠴᠢᠨ ᠲᠣᠭᠤᠷᠢᠨ᠎ᠤ ᠶᠠᠮᠤᠨ᠄
ᠲᠠᠪᠤᠨ ᠲᠠᠯ᠎ᠠ᠎ᠪᠠᠷ ᠬᠦᠴᠦᠯᠡᠵᠦ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠬᠢᠷᠲᠤᠯ ᠦᠭᠡᠢ ᠲᠡᠶ᠋ᠢᠰᠢ ᠪᠥᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠎ᠡ
ᠳᠤᠮᠳᠠᠳᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠲᠠᠪᠤᠨ ᠲᠠᠯ᠎ᠠ᠎ᠪᠠᠷ ᠬᠦᠴᠦᠯᠡᠵᠦ ᠪᠠᠶ᠋ᠢᠭ᠋ᠠᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠬᠢᠷᠲᠤᠯ ᠦᠭᠡᠢ ᠲᠡᠶ᠋ᠢᠰᠢ ᠪᠥᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠰᠢᠨ᠎ᠡ ᠬᠦᠳᠡᠯᠭᠡᠭᠴᠢ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃ ᠨᠢᠭᠡ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠬᠤᠶᠠᠷ᠎ᠲᠤ ᠠᠭᠤᠷ ᠠᠮᠢᠰᠬᠤᠯ᠎ᠤᠨ ᠬᠤᠪᠢᠷᠠᠯᠲᠠ ᠵᠢᠨ ᠰᠢᠯᠭ᠋ᠠᠯᠲᠠ ᠵᠢ ᠢᠳᠡᠪᠬᠢᠲᠡᠢ ᠠᠷᠭ᠋ᠠᠴᠠᠨ᠎ᠠ᠃ ᠭᠤᠷᠪᠠ᠎ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠲᠦᠷᠭᠡᠳᠬᠡᠨ᠎ᠡ᠃ ᠳᠥᠷᠪᠡ᠎ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠲᠠᠪᠤ᠎ᠳᠤ ᠣᠷᠴᠢᠨ ᠲᠣᠭᠤᠷᠢᠨ ᠠᠭᠤᠷ ᠠᠮᠢᠰᠬᠤᠯ᠎ᠤᠨ ᠲᠠᠯ᠎ᠠ᠎ᠪᠠᠷ ᠤᠯᠠᠨ ᠤᠯᠤᠰ᠎ᠯᠤᠭ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
ᠤᠯᠤᠰ᠎ᠤᠨ ᠳ᠋ᠠᠶ᠋ᠢᠲ᠋ᠠ ᠵᠢᠨ ᠲᠣᠪᠴᠢᠶ᠎ᠠ᠄
ᠴᠢᠨᠠᠷ ᠰᠠᠶ᠋ᠢᠲᠠᠢ ᠳ᠋ᠠᠶ᠋ᠢᠲ᠋ᠠ᠎ᠪᠠᠷ ᠵᠣᠬᠢᠶᠠᠮᠠᠯ ᠣᠶᠤᠨ᠎ᠤ ᠬᠥᠭᠵᠢᠯᠲᠡ ᠵᠢ ᠠᠬᠢᠭᠤᠯᠤᠨ᠎ᠠ
ᠤᠯᠤᠰ᠎ᠤᠨ ᠳ᠋ᠠᠶ᠋ᠢᠲ᠋ᠠ ᠵᠢᠨ ᠲᠣᠪᠴᠢᠶ᠎ᠠ ᠴᠢᠨᠠᠷ ᠰᠠᠶ᠋ᠢᠲᠠᠢ ᠳ᠋ᠠᠶ᠋ᠢᠲ᠋ᠠ ᠵᠢᠨ ᠨᠢᠭᠡᠳᠬᠡᠯ᠎ᠤᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠳ᠋ᠠᠶ᠋ᠢᠲ᠋ᠠ ᠵᠢᠨ ᠬᠠᠩᠭ᠋ᠠᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ 《ᠵᠣᠬᠢᠶᠠᠮᠠᠯ ᠤᠶᠤᠨ +》 ᠠᠵᠢᠯᠯᠠᠭ᠋ᠠᠨ ᠵᠶ᠋ᠠᠷ ᠤᠯᠠᠨ ᠵᠦᠢ᠍ᠯ᠎ᠤᠨ ᠠᠵᠢᠯ ᠦᠢ᠍ᠯᠡᠰ᠎ᠲᠤ ᠬᠦᠴᠦᠨ ᠣᠯᠭᠤᠬᠤ ᠵᠢ ᠠᠬᠢᠭᠤᠯᠤᠨ᠂ ᠪᠠᠭᠲᠠᠭ᠋ᠠᠮᠵᠢᠲᠠᠢ ᠪᠦᠭᠡᠳ ᠨᠡᠭᠡᠭᠡᠯᠲᠡᠲᠡᠢ ᠰᠢᠨ᠎ᠡ ᠵᠢ ᠡᠭᠦᠳᠬᠦ ᠣᠷᠴᠢᠨ ᠨᠥᠬᠦᠴᠡᠯ᠎ᠢ ᠪᠤᠢ ᠪᠣᠯᠭ᠋ᠠᠨ᠎ᠠ᠃
ᠴᠢᠨᠠᠷ ᠰᠠᠶ᠋ᠢᠲᠠᠢ ᠳ᠋ᠠᠶ᠋ᠢᠲ᠋ᠠ ᠪᠠ ᠵᠣᠬᠢᠶᠠᠮᠠᠯ ᠤᠶᠤᠨ᠎ᠤ ᠤᠶᠠᠯᠳᠤᠯ᠎ᠨᠢ ᠳ᠋ᠠᠶ᠋ᠢᠲ᠋ᠠ ᠪᠠ ᠵᠣᠬᠢᠶᠠᠮᠠᠯ ᠤᠶᠤᠨ᠎ᠤ ᠳᠠᠬᠢᠨ ᠵᠶ᠋ᠠᠷ ᠨᠡᠮᠡᠭᠳᠡᠭᠦᠯᠬᠦ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ 《ᠵᠣᠬᠢᠶᠠᠮᠠᠯ ᠤᠶᠤᠨ +》 ᠠᠵᠢᠯᠯᠠᠭ᠋ᠠᠨ ᠬᠠᠮᠢᠭ᠎ᠠ ᠬᠦᠷᠪᠡᠯ ᠴᠢᠨᠠᠷ ᠰᠠᠶ᠋ᠢᠲᠠᠢ ᠳ᠋ᠠᠶ᠋ᠢᠲ᠋ᠠ ᠵᠢᠨ ᠨᠢᠭᠡᠳᠬᠡᠯ᠎ᠤᠨ ᠪᠠᠶ᠋ᠢᠭᠤᠯᠤᠯᠲᠠ ᠪᠠ ᠳᠡᠯᠭᠡᠷᠡᠭᠦᠯᠦᠯᠲᠡ ᠲᠡᠨᠳᠡ ᠬᠦᠷᠬᠦ ᠪᠣᠯᠣᠨ᠎ᠠ᠃ ᠤᠯᠤᠰ᠎ᠤᠨ ᠳ᠋ᠠᠶ᠋ᠢᠲ᠋ᠠ ᠵᠢᠨ ᠲᠣᠪᠴᠢᠶ᠎ᠠ᠎ᠨᠢ ᠤᠯᠠᠨ ᠨᠡᠶ᠋ᠢᠲᠡ ᠵᠢᠨ ᠳ᠋ᠠᠶ᠋ᠢᠲ᠋ᠠ ᠵᠢᠨ ᠡᠬᠢ ᠪᠠᠶᠠᠯᠢᠭ᠎ᠢ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠯᠠᠨ ᠨᠡᠶ᠋ᠢᠲᠡ ᠵᠢᠨ ᠳ᠋ᠠᠶ᠋ᠢᠲ᠋ᠠ ᠵᠢᠨ ᠡᠬᠢ ᠪᠠᠶᠠᠯᠢᠭ᠎ᠤᠨ ᠡᠷᠬᠡ ᠣᠯᠭᠤᠨ ᠠᠵᠢᠯᠯᠠᠭᠤᠯᠬᠤ ᠬᠡᠷᠡᠭᠵᠢᠭᠦᠯᠦᠯᠲᠡ ᠵᠢ ᠵᠢᠷᠤᠮᠵᠢᠭᠤᠯᠤᠨ᠂ ᠡᠷᠬᠡ ᠣᠯᠭᠤᠨ ᠠᠵᠢᠯᠯᠠᠭᠤᠯᠬᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠪᠠᠶ᠋ᠢᠭᠤᠯᠵᠤ᠂ ᠴᠢᠨᠠᠷ ᠰᠠᠶ᠋ᠢᠲᠠᠢ ᠳ᠋ᠠᠶ᠋ᠢᠲ᠋ᠠ ᠵᠢᠨ ᠨᠢᠭᠡᠳᠬᠡᠯ᠎ᠤᠨ ᠪᠠᠶ᠋ᠢᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠵᠢ᠎ᠨᠢ ᠢᠳᠡᠪᠬᠢᠲᠡᠢ ᠬᠥᠲᠥᠯᠥᠨ ᠵᠢᠯᠣᠭᠤᠳᠤᠨ᠎ᠠ᠃