6 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ ᠡᠷᠬᠢᠯᠡᠭᠴᠢ ᠵᠢᠨ ᠠᠯᠪᠠᠨ (ᠥᠷᠭᠡᠳᠬᠡᠭᠰᠡᠨ) ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠦᠵᠡᠯ ᠤᠬᠠᠮᠰᠠᠷ᠎ᠤᠨ ᠬᠡᠯᠪᠡᠷᠢ ᠵᠢᠨ ᠲᠤᠰᠬᠠᠢ ᠰᠡᠳᠦᠪᠲᠦ ᠰᠤᠷᠤᠯᠴᠠᠯᠭ᠎ᠠ ᠵᠢ ᠥᠷᠨᠢᠭᠦᠯᠪᠡ᠃ ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠪᠦᠬᠦ ᠠᠵᠢᠯᠲᠠᠳ ᠬᠤᠷᠠᠯ᠎ᠳᠤ ᠤᠷᠤᠯᠴᠠᠪᠠ᠃
ᠬᠤᠷᠠᠯ᠎ᠠᠴᠠ ᠳᠡᠭᠡᠳᠦ ᠱᠠᠲᠤᠨ᠎ᠤ ᠲᠥᠪ᠎ᠤᠨ ᠨᠠᠢ᠍ᠮᠠᠨ ᠵᠤᠷᠪᠤᠰ ᠲᠤᠭᠳᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠵᠣᠷᠢᠭ ᠰᠠᠨᠠᠭ᠎ᠠ ᠵᠢᠴᠢ ᠬᠤᠯᠪᠤᠬᠳᠠᠯ ᠪᠦᠬᠦᠢ ᠪᠢᠴᠢᠭ ᠮᠠᠲᠸᠷᠢᠶᠠᠯ᠂ ᠬᠡᠷᠡᠭ᠎ᠤᠨ ᠵᠢᠱ᠌ᠢᠶ᠎ᠡ ᠵᠢ ᠤᠯᠠᠮᠵᠢᠯᠠᠵᠤ᠂ ᠳᠠᠷᠠᠭ᠎ᠠ᠎ᠨᠢ ᠦᠵᠡᠯ ᠤᠬᠠᠮᠰᠠᠷ᠎ᠤᠨ ᠬᠡᠯᠪᠡᠷᠢ ᠵᠢᠨ ᠴᠠᠷᠠᠭ᠎ᠠ ᠬᠦᠷᠢᠶᠡᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠬᠦᠯᠪᠡ᠃
ᠬᠤᠷᠠᠯ᠎ᠠᠴᠠ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ ᠪᠣᠯ ᠰᠤᠷᠲᠠᠯ ᠢ ᠰᠠᠢ᠌ᠵᠢᠷᠠᠭᠤᠯᠬᠤ ᠵᠢᠨ ᠭᠠᠷᠳᠠᠬᠤ ᠴᠡᠭ ᠪᠠ ᠳᠠᠢ᠌ᠴᠢᠯᠠᠯᠲᠠ ᠵᠢᠨ ᠵᠠᠷᠯᠢᠭ ᠮᠥᠨ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠳᠠᠨ ᠴᠢᠨᠠᠷᠲᠠᠢ ᠶᠤᠰᠤ ᠳᠦᠷᠢᠮ᠂ ᠬᠠᠲᠠᠭᠤ ᠴᠢᠩᠭ᠎ᠠ ᠬᠥᠰᠢᠭᠦᠷᠭᠡ ᠮᠥᠨ ᠂ 《ᠲᠦᠷᠪᠡᠨ ᠰᠤᠷᠲᠠᠯ》 ᠤᠨ ᠠᠰᠠᠭᠤᠳᠠᠯ᠂ ᠢᠯᠠᠩᠭᠤᠶ᠎ᠠ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠨᠢ ᠲᠠᠬᠢᠨ ᠳᠠᠪᠲᠠᠨ ᠡᠭᠦᠰᠬᠦ ᠴᠢᠨᠠᠷᠲᠠᠢ ᠮᠤᠵᠢᠭᠤᠳᠠ ᠴᠢᠨᠠᠷᠲᠠᠢ ᠶᠤᠮ᠂ ᠡᠷᠬᠡᠪᠰᠢ ᠤᠷᠳᠦ ᠬᠤᠭᠤᠴᠠᠭ᠎ᠠ ᠪᠠᠷᠢᠮᠳᠠᠯᠠᠵᠦ᠂ ᠡᠴᠦᠰ᠎ᠲᠤᠨᠢ ᠲᠤᠯᠲᠠᠯ᠎ᠠ ᠴᠢᠩᠭ᠎ᠠ ᠠᠳᠬᠤᠵᠦ᠂ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ᠂ ᠨᠠᠮ᠎ᠤᠨ ᠭᠡᠰᠢᠭᠦᠨ ᠺᠠᠳ᠋ᠷ ᠲᠦᠷᠦᠭᠦᠯᠡᠨ ᠵᠢᠱ᠌ᠢᠶ᠎ᠡ ᠦᠵᠡᠭᠦᠯᠵᠦ᠂ ᠠᠵᠢᠯ᠎ᠤᠨ ᠪᠠᠢ᠌ᠷᠢ᠎ᠳᠠᠭᠠᠨ ᠰᠠᠭᠤᠷᠢᠯᠠᠵᠤ ᠪᠠᠷᠢᠮᠵᠢᠶᠠᠯᠠᠨ ᠬᠠᠷᠭᠤᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠪᠠᠢ᠌ᠭᠤᠯᠭ᠎ᠠ ᠵᠢᠨ ᠪᠠᠲᠤᠯᠠᠭ᠎ᠠ ᠵᠢᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ ᠪᠣᠯ ᠰᠢᠨ᠎ᠡ ᠴᠠᠭ ᠦᠶ᠎ᠡ ᠵᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢᠨ ᠴᠢᠬᠤᠯᠠ ᠭᠠᠷᠤᠭ᠎ᠠ ᠪᠠ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠪᠣᠯᠣᠨ᠎ᠠ᠃ ᠨᠠᠮ᠎ᠤᠨ ᠰᠢᠨ᠎ᠡ ᠴᠠᠭ ᠦᠶ᠎ᠡ᠎ᠳᠠᠬᠢ ᠢᠲᠡᠭᠡᠯ ᠬᠦᠨᠳᠦᠳᠦ ᠠᠵᠢᠯᠯᠠᠭ᠎ᠠ ᠮᠥᠨ᠂ ᠨᠠᠮ᠎ᠤᠨ ᠭᠡᠰᠢᠭᠦᠨ ᠺᠠᠳ᠋ᠷ ᠡᠷᠬᠡᠪᠰᠢ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠬᠡᠷᠡᠭ ᠵᠶ᠋ᠡᠷ ᠲᠣᠯᠢ ᠪᠣᠯᠭ᠋ᠠᠨ ᠰᠤᠷᠭ᠋ᠠᠮᠵᠢ ᠠᠪᠴᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠮᠠᠭᠤ ᠰᠤᠷᠲᠠᠯ᠎ᠢ ᠲᠦᠷᠦᠭᠦᠯᠡᠨ ᠬᠣᠷᠢᠭᠯᠠᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠬᠦ ᠵᠢ ᠦᠨᠡᠨ ᠬᠦ᠌ ᠨᠠᠰᠤᠨ ᠲᠤᠷᠰᠢᠲᠠ ᠵᠢᠨ ᠰᠡᠳᠦᠪ ᠪᠣᠯᠭ᠋ᠠᠵᠤ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠨᠠᠮ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠳᠠᠬᠢ ᠤᠳᠤᠷᠢᠳᠬᠤ ᠡᠷᠬᠡ ᠵᠢ ᠪᠠᠲᠤ ᠡᠵᠡᠮᠰᠢᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠯᠠᠪᠳᠠᠭᠤᠨ ᠪᠠᠲᠤᠲᠠᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃