ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭᠲᠦ ᠲᠠᠢ᠌ᠯᠤᠮᠵᠢ᠄ 《ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠲᠤᠬᠠᠢ ᠠᠵᠢᠯ᠎ᠤᠨ ᠲᠥᠰᠦᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-11-15

      ᠨᠢᠭᠡ᠂ 《ᠠᠵᠢᠯ᠎ᠤᠨ ᠲᠥᠰᠦᠯ》᠎ᠢ ᠲᠣᠭᠲᠠᠭ᠋ᠠᠭᠰᠠᠨ ᠠᠬᠤᠶ ᠪᠠᠢ᠌ᠳᠠᠯ
      ᠶᠡᠷᠦᠩᠬᠡᠶ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠤᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠢᠯ᠎ᠤᠨ ᠭᠣᠣᠯ ᠰᠢᠵᠢᠮ ᠮᠥᠨ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠳᠠᠯ᠎ᠠ᠎ᠪᠠᠷ ᠨᠠᠢ᠌ᠳᠠᠪᠤᠷᠢᠵᠢᠭᠤᠯᠤᠨ ᠲᠤᠭᠤᠰᠢᠯᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠤᠯ ᠰᠢᠵᠢᠮ᠎ᠢ ᠪᠥᠬᠥ ᠲᠠᠯ᠎ᠠ᠎ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠭᠦᠨᠵᠡᠭᠡᠶ ᠲᠤᠭᠤᠰᠢᠯᠠᠭᠤᠯᠵᠤ᠂ ᠮᠠᠨ᠎ᠤ ᠣᠷᠣᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ 《ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠲᠤᠬᠠᠶ ᠠᠵᠢᠯ᠎ᠤᠨ ᠲᠥᠰᠦᠯ》 (ᠳᠣᠷᠣᠭᠰᠢ 《ᠠᠵᠢᠯ᠎ᠤᠨ ᠲᠥᠰᠦᠯ》 ᠭᠡᠵᠦ ᠲᠣᠪᠴᠢᠯᠠᠨ᠎ᠠ)᠎ᠢ ᠲᠤᠭᠳᠠᠭ᠋ᠠᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠬᠦᠨᠵᠡᠬᠡᠢ᠌ᠷᠡᠬᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠵᠢ ᠳᠤᠳᠤᠷᠬᠠᠢ ᠳᠤᠷᠠᠳᠴᠡᠢ᠃
      ᠬᠣᠶᠠᠷ᠂ 《ᠠᠵᠢᠯ᠎ᠤᠨ ᠲᠥᠰᠦᠯ》᠎ᠤᠨ ᠭᠣᠣᠯ ᠠᠭᠤᠯᠭ᠎ᠠ
      《ᠠᠵᠢᠯ᠎ᠤᠨ ᠲᠥᠰᠦᠯ》᠎ᠨᠢ ᠭᠣᠤᠯ ᠬᠠᠷᠠᠯᠲᠠ᠂ ᠭᠣᠤᠯ ᠠᠵᠢᠯ ᠵᠢᠴᠢ ᠠᠵᠢᠯ᠎ᠤᠨ ᠱᠠᠭ᠋ᠠᠷᠳᠠᠯᠭ᠎ᠠ ᠵᠡᠷᠭᠡ ᠭᠤᠷᠪᠠᠨ ᠬᠡᠰᠡᠭ ᠠᠭᠤᠯᠭ᠎ᠠ᠎ᠪᠠᠷ ᠪᠦᠷᠢᠯᠳᠦᠵᠡᠶ᠃ 《ᠠᠵᠢᠯ᠎ᠤᠨ ᠲᠥᠰᠦᠯ》᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠨᠠᠮ᠎ᠤᠨ ᠭᠡᠰᠢᠭᠦᠨ ᠺᠠᠳ᠋ᠷᠴᠤᠳ᠎ᠤᠨ ᠬᠥᠮᠦᠵᠢᠯ᠂ ᠨᠡᠢ᠌ᠭᠡᠮ᠎ᠤᠨ ᠬᠥᠮᠦᠵᠢᠯ ᠪᠠ ᠤᠯᠤᠰ ᠠᠷᠠᠳ᠎ᠤᠨ ᠬᠥᠮᠦᠵᠢᠯ᠎ᠤᠨ ᠲᠤᠭᠲᠠᠯᠴᠠᠭ᠎ᠠ᠎ᠳᠤ ᠤᠷᠤᠭᠤᠯᠬᠤ ᠬᠡᠷᠡᠭᠳᠡᠢ᠂ ᠨᠠᠮ᠎ᠤᠨ ᠭᠡᠰᠢᠭᠦᠨ ᠤᠳᠤᠷᠢᠳᠬᠤ ᠺᠠᠳ᠋ᠷ ᠨᠠᠮ᠎ᠤᠨ ᠬᠢᠴᠢᠶᠡᠯ ᠣᠷᠣᠬᠤ᠂ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠬᠦ᠂ ᠲᠤᠰᠬᠠᠶ ᠰᠡᠳᠦᠪᠲᠦ ᠰᠤᠷᠤᠯᠴᠠᠯᠭ᠎ᠠ ᠪᠠ ᠶᠠᠷᠢᠯᠴᠠᠭ᠎ᠠ ᠵᠢ ᠵᠣᠬᠢᠶᠠᠨ ᠪᠠᠢ᠌ᠭᠤᠯᠬᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠬᠤ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠪᠠᠭᠰᠢ ᠰᠤᠷᠤᠭᠴᠢᠳ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠦᠢ᠍ᠮᠤ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠢ᠌ᠲᠤᠷ ᠬᠡᠷᠡᠭᠯᠡᠵᠦ ᠰᠠᠢ᠌ᠲᠤᠷ ᠰᠤᠷᠬᠤ ᠵᠡᠷᠭᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ 《ᠲᠦᠷᠪᠡᠨ ᠬᠠᠮᠳᠤᠳᠬᠠᠬᠤ》 ᠵᠢᠨ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠬᠤ ᠬᠡᠷᠡᠭᠲᠡᠶ᠃ ᠨᠡᠢ᠌ᠭᠡᠮ ᠵᠢᠷᠤᠮᠲᠦ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠵᠤ᠂ ᠤᠬᠠᠭᠤᠯᠭ᠎ᠠ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ 《ᠲᠦᠷᠪᠡᠨ ᠶᠡᠬᠡ᠎ᠪᠠᠷ ᠤᠬᠠᠭᠤᠯᠬᠤ》᠂ 《ᠭᠤᠷᠪᠠ ᠵᠢ ᠲᠣᠳᠣᠷᠬᠠᠢ ᠲᠠᠢ᠌ᠯᠪᠤᠷᠢᠯᠠᠬᠤ》 ᠵᠢᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠦᠯᠢᠬᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠶᠡᠬᠡ᠎ᠪᠠᠷ ᠤᠬᠠᠭᠤᠯᠤᠨ ᠲᠠᠨᠢᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠬᠢᠯ᠎ᠤᠨ ᠭᠦᠨ᠎ᠳᠤ ᠦᠨᠳᠦᠰᠦᠯᠡᠭᠦᠯᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ  ᠠᠭᠤᠰᠤᠯᠴᠠᠭ᠎ᠠ ᠵᠢᠨ ᠡᠯᠪᠡᠭ ᠪᠠᠶᠠᠯᠢᠭ ᠲᠡᠦᠬᠡ ᠵᠢᠨ ᠪᠣᠳᠠᠲᠤ ᠪᠠᠢ᠌ᠳᠠᠯ᠎ᠢ ᠭᠦᠨᠵᠡᠭᠡᠢ ᠠᠭᠤᠳᠠᠯᠵᠤ᠂ ᠥᠪᠥᠷ ᠮᠣᠩᠭᠣᠯ᠎ᠤᠨ ᠭᠦᠨ ᠵᠤᠵᠠᠭ᠋ᠠᠨ ᠲᠡᠦᠬᠡ ᠰᠣᠶᠣᠯ ᠪᠣᠯᠤᠨ ᠰᠣᠶᠣᠯ ᠢᠷᠭᠡᠨᠰᠢᠯ᠎ᠤᠨ ᠡᠬᠢ ᠪᠠᠶᠠᠯᠢᠭ᠎ᠢ ᠠᠮᠢᠳᠤᠯᠢᠭ ᠵᠶ᠋ᠠᠷ ᠢᠯᠡᠷᠡᠭᠦᠯᠵᠦ᠂ 《ᠤᠮᠠᠷᠠᠲᠤ ᠬᠢᠯᠢ ᠵᠢᠨ ᠰᠣᠶᠣᠯ》᠎ᠤᠨ ᠨᠡᠷᠡᠲᠦ ᠲᠡᠮᠳᠡᠭ᠎ᠢ ᠡᠭᠦᠳᠴᠦ᠂ ᠦᠨᠳᠦᠰᠦᠲᠡᠨ᠎ᠨᠦᠭᠦᠳ᠎ᠤᠨ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠤᠯᠠᠷᠢᠯᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ 《ᠵᠦᠬᠡᠯᠨᠨ ᠬᠤᠷ᠎ᠠ ᠲᠦᠮᠡᠨ ᠪᠣᠳᠠᠰ᠎ᠢ ᠤᠮᠳᠠᠯᠠᠬᠤ》 ᠭᠦᠨ ᠵᠤᠵᠠᠭ᠋ᠠᠨ ᠰᠣᠶᠣᠯ᠎ᠤᠨ ᠮᠡᠳᠡᠷᠡᠬᠦᠢ ᠵᠢᠨ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠰᠢᠨ᠎ᠡ ᠵᠠᠭᠤᠴᠢᠯᠠᠭᠤᠷ᠎ᠤᠨ ᠦᠢ᠍ᠯᠡᠳᠦᠯ ᠴᠢᠳᠠᠪᠬᠢ ᠵᠢ ᠭᠦᠢ᠍ᠴᠡᠳ ᠪᠠᠳᠠᠷᠠᠭᠤᠯᠵᠤ᠂ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠡᠵᠡᠮᠳᠡᠵᠦ᠂ ᠡᠯ᠎ᠡ ᠱᠠᠲᠤᠨ᠎ᠤ ᠷᠠᠳᠢᠣ᠋ ᠲᠧᠯᠸᠢᠰ ᠬᠣᠷᠢᠢ᠎ᠠ᠂ ᠰᠣᠨᠢᠨ᠎ᠤ ᠬᠣᠷᠢᠢ᠎ᠠ ᠵᠡᠷᠭᠡ ᠭᠣᠣᠯ ᠵᠠᠭᠤᠴᠢᠯᠠᠭᠤᠷ᠎ᠤᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ 《ᠰᠣᠨᠢᠨ᠂ ᠰᠡᠳᠬᠦᠯ᠂ ᠰᠦᠯᠵᠢᠶ᠎ᠡ᠂ ᠰᠢᠯᠵᠢᠢ᠎ᠡ᠂ ᠵᠢᠷᠭᠢᠢ᠎ᠡ᠂ ᠸᠢᠳᠢᠤ᠋》 ᠵᠢ ᠨᠢᠭᠡ ᠴᠤᠬ᠍ᠴᠠᠵᠢᠭᠤᠯᠤᠬᠰᠠᠨ ᠪᠦᠬᠦ ᠲᠠᠯ᠎ᠠ ᠵᠢᠨ᠂ ᠤᠯᠠᠨ ᠲᠡᠰ ᠳᠠᠪᠬᠤᠷᠭ᠎ᠠ ᠵᠢᠨ᠂ ᠪᠣᠰᠣᠭ᠎ᠠ ᠴᠣᠭᠴᠠᠲᠤ᠂ ᠤᠯᠠᠨ ᠳᠠᠭᠤᠲᠦ ᠤᠬᠠᠭᠤᠯᠭ᠎ᠠ ᠬᠥᠮᠦᠵᠢᠯ᠎ᠤᠨ ᠵᠢᠭᠰᠠᠯ᠎ᠢ ᠪᠠᠢ᠌ᠭᠤᠯᠵᠤ᠂ ᠤᠨᠤᠯ᠎ᠤᠨ ᠲᠠᠢ᠌ᠯᠪᠤᠷᠢᠯᠠᠯᠲᠠ᠂ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ ᠪᠣᠯᠤᠨ ᠦᠯᠢᠬᠡᠷ᠎ᠤᠨ ᠤᠬᠠᠭᠤᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠴᠢᠬᠤᠯᠠ ᠶᠡᠬᠡ ᠭᠣᠣᠯ ᠰᠡᠳᠦᠪᠲᠦ ᠤᠬᠠᠭᠤᠯᠭ᠎ᠠ᠂ ᠴᠠᠭ᠎ᠤᠨ ᠪᠠᠢ᠌ᠳᠠᠯ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ᠂ ᠠᠮᠵᠢᠯᠲᠠ ᠪᠦᠲᠦᠮᠵᠢ ᠵᠢᠨ ᠤᠬᠠᠭᠤᠯᠭ᠎ᠠ᠂ ᠨᠡᠢ᠌ᠲᠡᠯᠢᠭ ᠵᠢᠱ᠌ᠢᠢ᠎ᠡ ᠵᠢᠨ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ᠎ᠤ ᠵᠢᠯᠤᠭᠤᠳᠤᠯᠭ᠎ᠠ ᠳᠤᠮᠳᠠ ᠠᠭᠤᠰᠤᠯᠴᠠᠭᠤᠯᠵᠦ᠂ ᠤᠬᠠᠭᠤᠯᠭ᠎ᠠ ᠬᠥᠮᠦᠵᠢᠯ᠎ᠤᠨ ᠠᠵᠢᠯ᠎ᠢ ᠪᠠᠢ᠌ᠩᠭᠤᠢ᠌ᠵᠢᠭᠤᠯᠤᠨ ᠦᠷᠨᠢᠬᠦᠯᠬᠦ ᠬᠡᠷᠡᠭᠳᠡᠢ᠃ ᠡᠭᠦᠨ᠎ᠤ ᠬᠠᠮᠲᠤ᠂ ᠤᠳᠤ ᠦᠶ᠎ᠡ ᠵᠢᠨ ᠰᠢᠨᠵᠢᠯᠡᠭᠡ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠵᠤ᠂ ᠳᠢᠭᠢᠳ᠋ᠴᠢᠯᠠᠭᠤᠯᠤᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠠᠳᠠᠲᠠᠢ᠌ᠵᠢᠭᠤᠯᠤᠨ᠎ᠠ᠃
      《ᠠᠵᠢᠯ᠎ᠤᠨ ᠲᠥᠰᠦᠯ》᠎ᠤᠨ ᠲᠠᠢ᠌ᠯᠪᠦᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠥᠬᠥ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠢᠰᠲ᠋ᠧᠮ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠬᠤ ᠲᠤᠬᠠᠶ ᠠᠵᠢᠯ᠎ᠤᠨ ᠲᠥᠰᠦᠯ》᠎ᠳᠤ ᠣᠢ᠌ᠯᠠᠭ᠋ᠠᠬᠤ ᠥᠬᠡᠶ ᠵᠦᠢᠯ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠣᠶᠣᠯ ᠤᠬᠠᠭᠤᠯᠭ᠎ᠠ ᠵᠢᠨ ᠭᠠᠵᠠᠷ᠎ᠠᠴᠠ ᠠᠰᠠᠭᠤᠨ ᠯᠠᠪᠯᠠᠵᠤ ᠪᠣᠯᠤᠨ᠎ᠠ᠃

                                      ᠠᠰᠠᠭᠤᠨ ᠯᠠᠪᠯᠠᠬᠤ ᠤᠲᠠᠰᠤ᠄ 0471 - 6610283  
                                      ᠲᠠᠢ᠌ᠯᠪᠤᠷᠢᠯᠠᠭᠴᠢ᠄ ᠪᠠᠢ ᠯᠢᠩ ᠳ᠋ᠢ

 

ᠢᠷᠡᠯᠲᠡ᠄ ᠰᠣᠶᠣᠯ ᠤᠬᠠᠭᠤᠯᠭ᠎ᠠ ᠵᠢᠨ ᠭᠠᠵᠠᠷ