ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭᠲᠦ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠎ᠤᠨ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠲᠤᠬᠠᠢ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-12-04

ᠡᠯ᠎ᠡ ᠠᠢ᠌ᠮᠠᠭ᠂ ᠬᠣᠲᠠ ᠵᠢᠨ ᠦᠨᠳᠦᠰᠦᠳᠡᠨ᠎ᠤ ᠵᠥᠪᠯᠡᠯ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠦᠨᠳᠦᠰᠦᠳᠡᠨ᠎ᠤ ᠵᠥᠪᠯᠡᠯ᠂ ᠠᠷᠠᠳ᠎ᠤᠨ ᠶᠠᠪᠤᠳᠠᠯ᠎ᠤᠨ ᠲᠣᠪᠴᠢᠶ᠎ᠠ᠄

 

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ 2021 ᠣᠨ᠎ᠤ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠡᠳᠦᠭᠡ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠠᠵᠢᠯ᠎ᠤᠨ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠪᠠ᠂ ᠪᠤᠳᠠᠳᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠬᠡᠷᠡᠭᠵᠢᠭᠦᠯᠲᠦᠭᠡᠶ᠃ 
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ 
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ  
                          2021 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ 

 

      ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠠᠵᠢᠯ᠎ᠤᠨ ᠲᠥᠰᠦᠯ  
       ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠦᠪ ᠬᠤᠷᠢᠶ᠎ᠠ᠂ ᠥᠪᠡᠷᠳᠡᠬᠡᠨ ᠵᠠᠰᠠᠬᠤ ᠤᠷᠤᠨ᠎ᠤ ᠦᠨᠳᠦᠰᠦᠲᠡᠨ᠎ᠤ ᠠᠵᠢᠯ᠎ᠤᠨ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢᠨ ᠠᠵᠢᠯ᠎ᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠬᠤ ᠵᠢᠨ ᠲᠤᠰᠠᠳᠠ᠂ ᠳᠣᠤᠷᠠᠬᠢ ᠮᠡᠲᠦ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
      ᠨᠢᠭᠡ᠂ ᠴᠢᠬᠤᠯᠠ ᠠᠴᠢ ᠬᠣᠯᠪᠣᠭᠳᠠᠯ
ᠨᠡᠢ᠌ᠭᠡᠮ ᠲᠣᠭᠣᠷᠢᠭ ᠪᠣᠯ ᠨᠡᠢ᠌ᠭᠡᠮ᠎ᠤᠨ ᠦᠨᠳᠦᠰᠦᠨ ᠨᠢᠭᠡᠴᠢ ᠮᠥᠨ᠂ ᠪᠠᠰᠠ ᠴᠤ᠌ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ ᠴᠢᠬᠤᠯᠠ ᠲᠠᠪᠴᠠᠩ ᠮᠥᠨ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠥᠷᠨᠢᠭᠦᠯᠬᠦ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ  ᠲᠤᠭᠤᠰᠢᠯᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠂ ᠨᠠᠮ᠎ᠤᠨ ᠲᠥᠷᠥ ᠪᠠᠷᠢᠬᠤ ᠰᠠᠭᠤᠷᠢ ᠵᠢ ᠪᠡᠬᠢᠵᠢᠭᠦᠯᠬᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠦᠢᠯᠡᠴᠢᠯᠡᠬᠦ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠡᠶ᠎ᠡ ᠵᠣᠬᠢᠴᠠᠩᠭᠤᠶ ᠨᠡᠢ᠌ᠭᠡᠮ ᠲᠣᠭᠣᠷᠢᠭ᠎ᠢ ᠪᠥᠲᠥᠭᠡᠨ ᠪᠠᠢ᠌ᠭᠤᠯᠬᠤ᠎ᠳᠤ ᠴᠥᠮ ᠴᠢᠬᠤᠯᠠ ᠠᠴᠢ ᠬᠣᠯᠪᠣᠭᠳᠠᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠤ᠎ᠪᠠᠨ 《ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠭᠦᠨ ᠭᠦᠨᠵᠡᠭᠡᠢ ᠤᠳᠠᠭ᠋ᠠᠨ ᠳᠠᠭ᠋ᠠᠭ᠋ᠠᠮᠠᠭ᠋ᠠᠢ ᠥᠷᠨᠢᠭᠦᠯᠵᠦ᠂ ᠠᠷᠭ᠎ᠠ ᠬᠡᠯᠪᠡᠷᠢ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠪᠠᠢ᠌ᠭᠤᠯᠭ᠎ᠠ᠎ᠳᠤ ᠤᠷᠣᠭᠤᠯᠬᠤ᠂ ᠠᠵᠤ ᠠᠬᠤᠢ᠌ᠯᠠᠯ᠎ᠳᠤ ᠤᠷᠤᠭᠤᠯᠬᠤ᠂ ᠨᠡᠢ᠌ᠭᠡᠮ ᠲᠣᠭᠣᠷᠢᠭ᠎ᠲᠤ ᠤᠷᠤᠭᠤᠯᠬᠤ᠂ ᠰᠢᠶᠠᠩ ᠪᠠᠯᠭ᠋ᠠᠰᠤᠨ᠎ᠳᠤ ᠤᠷᠤᠭᠤᠯᠬᠤ᠂ ᠰᠤᠷᠭ᠋ᠠᠭᠤᠯᠢ᠎ᠳᠤ ᠤᠷᠤᠭᠤᠯᠬᠤ᠂ ᠴᠡᠷᠢᠭ ᠠᠩᠬᠢ᠎ᠳᠤ ᠤᠷᠤᠭᠤᠯᠬᠤ᠂ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠎ᠲᠤ ᠤᠷᠤᠭᠤᠯᠬᠤ ᠵᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ; ᠤᠯᠠᠭ᠋ᠠᠨᠬᠠᠳᠠ ᠬᠤᠳᠠ ᠵᠢᠨ ᠯᠢᠨ ᠬᠤᠸᠠᠩ ᠬᠦᠷᠢᠶᠡᠯᠡᠩ᠎ᠤᠨ ᠨᠡᠢ᠌ᠭᠡᠮ ᠲᠣᠭᠣᠷᠢᠭ᠎ᠲᠤ ᠰᠢᠨᠵᠢᠯᠡᠨ ᠪᠠᠢ᠌ᠴᠠᠭ᠋ᠠᠬᠤ᠎ᠳᠤ᠎ᠪᠠᠨ 《ᠨᠡᠢ᠌ᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ ᠵᠢᠨ ᠬᠡᠷ ᠪᠦᠯᠢ ᠮᠥᠨ᠂ ᠦᠨᠳᠦᠰᠦᠲᠡᠨ᠎ᠨᠦᠭᠦᠳ ᠪᠦᠯᠬᠦᠮᠳᠡᠪᠡᠯ ᠨᠢᠭᠡ ᠬᠡᠷ ᠪᠦᠯᠢ ᠵᠢᠨ᠎ᠬᠢᠨ ᠮᠡᠳᠦ ᠳᠤᠳᠤᠨᠤ ᠪᠣᠯᠳᠠᠭ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠵᠢ ᠭᠦᠨᠵᠡᠭᠡᠶ ᠠᠬᠢᠭᠤᠯᠵᠤ᠂ ᠨᠡᠢ᠌ᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠲᠣᠮᠣ ᠬᠡᠷ ᠪᠦᠯᠢ ᠪᠣᠯᠭ᠋ᠠᠨ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠤᠷ ᠲᠠᠢ᠌ᠪᠤᠩ ᠠᠵᠤ ᠲᠦᠷᠦᠭᠦ ᠰᠠᠢ᠌ᠨ ᠰᠠᠢ᠌ᠬᠠᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠶ ᠡᠭᠦᠳᠬᠦ ᠬᠡᠷᠡᠭᠲᠡᠶ》 ᠬᠡᠵᠦ ᠴᠢᠬᠤᠯᠠᠴᠢᠯᠠᠪᠠ; ᠬᠥᠬᠡᠨᠠᠭᠤᠷ ᠮᠤᠵᠢ ᠵᠢᠨ ᠰᠢᠨᠢᠩ ᠬᠣᠲᠠ ᠵᠢᠨ ᠸᠸᠨ ᠲᠢᠩ ᠰᠢᠶᠠᠩ ᠨᠡᠢ᠌ᠭᠡᠮ ᠲᠣᠭᠣᠷᠢᠭ᠎ᠲᠤ ᠰᠢᠨᠵᠢᠯᠡᠨ ᠪᠠᠢ᠌ᠴᠠᠭ᠋ᠠᠬᠤ᠎ᠳᠤ᠎ᠪᠠᠨ 《ᠨᠡᠢ᠌ᠭᠡᠮ ᠲᠣᠭᠣᠷᠢᠭ᠎ᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢᠨ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠭᠠᠷ ᠭᠠᠷ ᠵᠶ᠋ᠠᠨ ᠬᠤᠯᠪᠤᠵᠤ᠂ ᠰᠡᠳᠬᠢᠯ ᠵᠢᠷᠦᠬᠡ᠎ᠪᠠᠨ ᠬᠣᠯᠪᠤᠭᠰᠠᠨ ᠰᠠᠢ᠌ᠨ ᠰᠠᠢ᠌ᠬᠠᠨ ᠤᠳᠤᠮᠰᠢᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ ᠪᠦᠯᠬᠦᠮᠳᠡᠪᠡᠯ ᠨᠢᠭᠡ ᠬᠡᠷ ᠪᠦᠯᠢ ᠵᠢᠨ᠎ᠬᠢᠨ ᠮᠡᠳᠦ ᠳᠣᠲᠣᠨᠣ ᠪᠣᠯᠳᠠᠭ ᠡᠶ᠎ᠡ ᠵᠣᠬᠢᠴᠠᠩᠭᠤᠶ ᠬᠡᠷ ᠣᠷᠣᠨ᠎ᠢ ᠬᠠᠮᠲᠤ᠎ᠪᠠᠷ ᠪᠥᠲᠥᠭᠡᠨ ᠪᠠᠢ᠌ᠭᠤᠯᠬᠤ ᠬᠡᠷᠡᠭᠲᠡᠶ》 ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠪᠢᠳᠡᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠥᠷᠨᠢᠭᠦᠯᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭ᠋ᠠᠵᠤ᠂ ᠦᠨᠳᠦᠰᠦᠨ ᠵᠢᠷᠤᠮᠯᠠᠯ᠎ᠢ ᠬᠠᠩᠭ᠋ᠠᠪᠠ᠃ 2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠪᠢᠳᠡ ᠤᠯᠤᠰ ᠲᠥᠷᠥ ᠵᠢᠨ ᠵᠣᠭᠰᠣᠴᠠ᠎ᠪᠠᠨ ᠤᠯᠠᠮ ᠴᠠᠭ᠋ᠠᠰᠢᠲᠠ ᠳᠡᠭᠡᠭᠰᠢᠯᠡᠭᠦᠯᠵᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠤᠯᠤᠰ ᠲᠥᠷᠥ ᠵᠢᠨ ᠦᠨᠳᠦᠷᠴᠡ᠎ᠠᠴᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠬᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠤᠷᠤᠭᠤᠯᠬᠤ ᠠᠵᠢᠯ᠎ᠢ ᠰᠠᠢ᠌ᠲᠤᠷ ᠬᠢᠬᠦ ᠵᠢ ᠶᠡᠷᠦᠩᠬᠡᠶ ᠱᠦᠵᠢ ᠵᠢᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠤᠯᠭ᠋ᠠᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ᠎ᠢ ᠠᠬᠢᠭᠤᠯᠬᠤ ᠪᠣᠳᠠᠲᠠᠶ ᠦᠢᠯᠡᠳᠦᠯᠭᠡ ᠪᠣᠯᠤᠨ ᠴᠢᠬᠤᠯᠠ ᠠᠷᠭ᠎ᠠ ᠬᠡᠮᠵᠢᠶ᠎ᠡ ᠵᠢ ᠨᠠᠷᠢᠯᠢᠭ ᠪᠣᠳᠠᠲᠠᠶ ᠠᠳᠬᠤᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠨᠡᠢ᠌ᠭᠡᠮ ᠲᠣᠭᠣᠷᠢᠭ᠎ᠲᠤ ᠣᠷᠤᠭᠤᠯᠬᠤ ᠵᠢ ᠭᠦᠨ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠬᠡᠷᠡᠭᠲᠡᠶ᠃
      ᠬᠣᠶᠠᠷ᠂ ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠵᠤ᠂ ᠨᠡᠢ᠌ᠭᠡᠮ ᠲᠣᠭᠣᠷᠢᠭ᠎ᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠴᠢᠬᠤᠯᠠ ᠵᠢᠭᠰᠠᠭ᠋ᠠᠯ᠎ᠤᠨ ᠭᠠᠵᠠᠷ ᠪᠤᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠤᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠬᠦᠴᠦᠯᠡᠨ ᠴᠢᠩᠭ᠋ᠠᠳᠬᠠᠵᠤ᠂ ᠬᠠᠷᠢᠯᠴᠠᠨ ᠰᠢᠭᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠨᠥᠬᠥᠴᠡᠯ᠎ᠢ ᠬᠦᠴᠦᠯᠡᠨ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠬᠦᠴᠦᠯᠡᠨ ᠠᠬᠢᠭᠤᠯᠵᠤ᠂ ᠨᠡᠢ᠌ᠭᠡᠮ ᠲᠣᠭᠣᠷᠢᠭ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠲᠣᠮᠣ ᠬᠡᠷ ᠪᠦᠯᠢ ᠪᠣᠯᠭ᠋ᠠᠨ ᠪᠥᠲᠥᠭᠡᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ᠂ ᠠᠭᠤᠤ ᠶᠡᠬᠡ ᠳᠤᠮᠳᠠᠳᠤ ᠵᠢᠨ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
      ᠭᠤᠷᠪᠠ᠂ ᠠᠵᠢᠯᠯᠠᠭ᠎ᠠ ᠵᠢᠨ ᠠᠭᠤᠯᠭ᠎ᠠ
      (ᠨᠢᠭᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠦᠷᠨᠢᠭᠦᠯᠦᠨ᠎ᠡ᠃ ᠨᠡᠢ᠌ᠭᠡᠮ ᠲᠣᠭᠣᠷᠢᠭ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠣᠯᠠᠨ ᠵᠦᠢᠯ᠎ᠤᠨ ᠠᠷᠭ᠎ᠠ ᠪᠠᠷᠢᠯ᠎ᠢ ᠬᠡᠷᠡᠭᠯᠡᠵᠦ ᠪᠠᠢ᠌ᠭ᠋ᠠᠳ ᠢᠨᠲ᠋ᠧᠷ ᠰᠦᠯᠵᠢᠶ᠎ᠡ᠂ 《ᠨᠢᠭᠡ ᠭᠠᠷᠠᠭ ᠬᠣᠶᠠᠷ ᠰᠠᠷ᠎ᠠ》 ᠵᠡᠷᠭᠡ ᠠᠴᠢᠶᠠᠯᠠᠪᠤᠷᠢ ᠵᠢ ᠭᠦᠢᠴᠡᠳ ᠠᠰᠢᠭᠯᠠᠵᠤ᠂ ᠨᠡᠢ᠌ᠭᠡᠮ ᠵᠢᠷᠤᠮ᠎ᠤᠨ ᠭᠣᠤᠯᠯᠠᠭᠴᠢ ᠥᠷᠲᠡᠭ᠎ᠤᠨ ᠦᠵᠡᠯᠲᠡ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠂ ᠤᠯᠤᠰ᠎ᠤᠨ ᠦᠵᠡᠯ ᠤᠬᠠᠮᠰᠠᠷ᠂ ᠠᠷᠠᠳ ᠢᠷᠭᠡᠳ᠎ᠤᠨ ᠦᠵᠡᠯ ᠤᠬᠠᠮᠰᠠᠷ᠂ ᠬᠠᠤᠯᠢ᠎ᠪᠠᠷ ᠵᠠᠰᠠᠬᠤ ᠦᠵᠡᠯ ᠤᠬᠠᠮᠰᠠᠷ᠎ᠤᠨ ᠤᠬᠠᠭᠤᠯᠭ᠎ᠠ ᠬᠥᠮᠦᠵᠢᠯ᠎ᠢ ᠦᠷᠨᠢᠬᠦᠯᠵᠦ᠂ ᠮᠠᠨ᠎ᠤ ᠤᠯᠤᠰ᠎ᠤᠨ ᠣᠯᠠᠨ ᠡᠰᠢᠲᠦ ᠨᠢᠭᠡ ᠴᠣᠭᠴᠠᠵᠢᠭᠰᠠᠨ ᠤᠯᠤᠰ᠎ᠤᠨ ᠪᠠᠢ᠌ᠳᠠᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠢ᠌ᠭ᠋ᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠠᠲᠤ ᠪᠠᠬᠢ ᠪᠣᠶ ᠪᠣᠯᠭ᠋ᠠᠨ᠎ᠠ᠃ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠪᠠ ᠦᠨᠳᠦᠰᠦᠲᠡᠨ᠎ᠳᠤ ᠦᠵᠡᠭᠦᠯᠦᠭᠰᠡᠨ ᠠᠭᠤᠤ ᠶᠡᠬᠡ ᠬᠤᠪᠢ ᠨᠡᠮᠡᠷᠢ ᠵᠢ ᠭᠦᠨᠵᠡᠭᠡᠶ ᠲᠠᠨᠢᠭᠤᠯᠵᠤ᠂ ᠡᠷᠡᠰ ᠭᠤᠢ᠌ᠪᠢᠰᠢ ᠥᠬᠡᠶ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠎ᠲᠠᠭᠠᠨ ᠤᠷᠤᠭᠰᠢᠯᠠᠵᠤ᠂ ᠨᠠᠮ᠎ᠤᠨ ᠠᠴᠢ᠎ᠳᠤ ᠲᠠᠯᠠᠷᠬᠠᠬᠤ ᠪᠣᠯᠭ᠋ᠠᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠬᠠᠤᠯᠢ ᠲᠣᠭᠲᠠᠭ᠋ᠠᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠲᠤᠬᠠᠶ  ᠮᠡᠳᠡᠷᠡᠬᠦᠢ ᠵᠢ ᠲᠠᠰᠤᠷᠠᠯᠲᠠ ᠥᠬᠡᠶ ᠴᠢᠩᠭ᠋ᠠᠳᠬᠠᠨ᠎ᠠ᠃
      (ᠬᠣᠶᠠᠷ) ᠬᠠᠷᠢᠯᠴᠠᠨ ᠰᠢᠭᠢᠳᠬᠡᠯᠳᠦ ᠮᠠᠶᠢᠭ᠎ᠤᠨ ᠨᠡᠢ᠌ᠭᠡᠮ᠎ᠤᠨ ᠪᠦᠲᠦᠴᠡ ᠪᠣᠯᠤᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠤᠯᠠᠮ ᠰᠠᠢ᠌ᠨ ᠴᠣᠭᠴᠠᠯᠠᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠳᠤ ᠠᠰᠢᠭᠲᠠᠢ ᠲᠠᠪᠴᠠᠩ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ 《ᠨᠢᠬᠡ ᠨᠡᠢ᠌ᠭᠡᠮ ᠲᠣᠭᠣᠷᠢᠭ᠎ᠤᠨ ᠬᠠᠮᠲᠤ ᠵᠢᠨ ᠨᠢᠭᠡᠴᠢ᠂ ᠨᠢᠬᠡ ᠰᠤᠷᠭ᠋ᠠᠭᠤᠯᠢ ᠵᠢᠨ ᠬᠠᠮᠲᠤ ᠵᠢᠨ ᠠᠩᠭᠢ᠂ ᠨᠢᠬᠡ ᠠᠵᠤ ᠠᠬᠤᠢ᠌ᠯᠠᠯ᠎ᠤᠨ ᠬᠠᠮᠲᠤ ᠵᠢᠨ ᠳᠤᠭᠤᠢ᠌ᠯᠠᠩ》 ᠪᠣᠯᠬᠤ ᠵᠢ ᠳᠡᠮᠵᠢᠨ᠎ᠡ᠃ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠲᠥᠪ ᠵᠶ᠋ᠡᠷ ᠦᠨᠳᠦᠰᠦᠨ ᠠᠴᠢᠶᠠᠯᠠᠪᠤᠷᠢ ᠪᠣᠯᠭ᠋ᠠᠵᠤ᠂ ᠨᠡᠢ᠌ᠭᠡᠮ ᠲᠣᠭᠣᠷᠢᠭ᠂ ᠰᠠᠭᠤᠭ᠋ᠠᠯᠢ ᠠᠷᠠᠳ᠎ᠤᠨ ᠬᠣᠷᠢᠶᠠᠯᠠᠯ᠂ ᠠᠰᠠᠷ᠎ᠤᠨ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ᠎ᠳᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ 《ᠪᠢᠴᠢᠯ ᠠᠵᠢᠯᠯᠠᠭ᠎ᠠ》 ᠵᠢ ᠶᠡᠬᠡ᠎ᠪᠠᠷ  ᠦᠷᠨᠢᠭᠦᠯᠦᠨ᠎ᠡ᠃ ᠣᠷᠣᠨ ᠰᠠᠭᠤᠴᠠ ᠠᠮᠢᠳᠤᠷᠠᠯ᠂ ᠠᠵᠢᠯ ᠰᠤᠷᠤᠯᠭ᠎ᠠ᠂ ᠰᠣᠶᠣᠯ ᠵᠤᠭ᠎ᠠ ᠴᠡᠩᠭᠡᠯ ᠵᠡᠷᠭᠡ ᠡᠳᠦᠷ ᠲᠤᠳᠤᠮ᠎ᠤᠨ ᠭᠣᠭᠴᠣᠭ᠎ᠠ᠎ᠠᠴᠠ ᠭᠠᠷᠳᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠰᠠᠭᠤᠷᠢᠰᠢᠬᠤ ᠬᠠᠮᠲᠤ᠎ᠪᠠᠷ ᠰᠤᠷᠤᠯᠴᠠᠬᠤ ᠬᠠᠮᠲᠤ᠎ᠪᠠᠷ ᠠᠵᠢᠯᠯᠠᠬᠤ ᠬᠠᠮᠲᠤ᠎ᠪᠠᠷ ᠵᠢᠷᠭ᠋ᠠᠬᠤ ᠨᠡᠢ᠌ᠭᠡᠮ᠎ᠤᠨ ᠨᠥᠬᠥᠴᠡᠯ᠎ᠢ ᠢᠳᠡᠪᠬᠢᠲᠡᠢ ᠪᠤᠢ ᠪᠣᠯᠭ᠋ᠠᠨ᠎ᠠ᠃ ᠪᠠᠶᠠᠯᠢᠭ ᠰᠠᠢ᠌ᠬᠠᠨ ᠳᠣᠪᠤᠢ᠌ᠮ᠎ᠠ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ᠎ᠤᠨ ᠴᠢᠯᠥᠭᠡᠨ᠎ᠤ ᠰᠣᠶᠣᠯ᠎ᠤᠨ ᠠᠮᠢᠳᠤᠷᠠᠯ᠎ᠢ ᠬᠥᠭᠵᠢᠶᠡᠨᠲᠡᠶ ᠪᠣᠯᠭ᠋ᠠᠬᠤ᠎ᠪᠠᠷ ᠴᠢᠷᠮᠠᠢ᠌ᠨ᠎ᠠ᠃ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠰᠣᠯᠢᠯᠴᠠᠭ᠎ᠠ ᠬᠢᠬᠦ᠂ ᠬᠦᠮᠦᠵᠢᠯ ᠬᠦᠷᠲᠡᠭᠡᠬᠦ᠂ ᠨᠠᠢ᠌ᠷᠰᠠᠭ ᠶᠠᠪᠤᠯᠴᠠᠭ᠎ᠠ ᠵᠢ ᠠᠬᠢᠭᠤᠯᠬᠤ ᠠᠵᠢᠯ᠎ᠢ ᠥᠷᠨᠢᠭᠦᠯᠵᠦ᠂ ᠰᠠᠯᠵᠤ ᠪᠣᠯᠤᠰᠢ ᠦᠭᠡᠢ ᠬᠠᠮᠲᠤ ᠵᠢᠨ ᠴᠣᠭᠴᠠ ᠵᠢ ᠪᠦᠷᠢᠯᠳᠦᠭᠦᠯᠦᠨ᠎ᠡ᠃
      (ᠭᠤᠷᠪᠠ) ᠬᠣᠲᠠ ᠵᠢᠨ ᠨᠡᠭᠦᠳᠡᠯ ᠬᠥᠮᠦᠨ ᠠᠮᠠ ᠵᠢᠨ ᠦᠢ᠍ᠯᠡᠴᠢᠯᠡᠭᠡ ᠪᠣᠯᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠣᠲᠠ ᠵᠢᠨ ᠦᠨᠳᠦᠰᠦᠲᠡᠨ᠎ᠤ ᠠᠵᠢᠯ ᠵᠶ᠋ᠠᠷ ᠬᠦᠴᠦᠯᠡᠬᠦ ᠴᠡᠭ ᠪᠣᠯᠭ᠋ᠠᠵᠤ᠂ ᠨᠢᠭᠡ ᠦᠷᠳᠡᠬᠡᠴᠢᠯᠡᠭᠰᠡᠨ ᠮᠠᠶᠢᠭ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠣᠭᠲᠠᠯᠴᠠᠭ᠎ᠠ᠎ᠳᠤ ᠲᠦᠰᠢᠭᠯᠡᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠠᠳᠠᠯᠢ ᠲᠡᠭᠰᠢ᠂ ᠣᠨᠤᠴᠢᠲᠠᠢ ᠣᠯᠠᠨ ᠨᠡᠢ᠌ᠲᠡ ᠵᠢᠨ ᠦᠢᠯᠡᠴᠢᠯᠡᠭᠡ ᠵᠢ ᠬᠠᠤᠯᠢ ᠶᠣᠰᠣᠭ᠋ᠠᠷ ᠬᠠᠩᠭ᠋ᠠᠨ᠎ᠠ᠃ ᠬᠣᠲᠠ ᠵᠢᠨ ᠨᠡᠭᠦᠳᠡᠯ ᠬᠥᠮᠦᠨ ᠠᠮᠠ ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠢ ᠨᠠᠷᠢᠨ ᠬᠢᠨᠠᠮᠠᠭ᠋ᠠᠶ ᠰᠠᠢ᠌ᠲᠤᠷ ᠬᠢᠵᠦ᠂ ᠠᠵᠢᠯ ᠣᠯᠭᠣᠯᠲᠠ᠎ᠪᠠᠷ ᠬᠠᠪᠰᠤᠷᠬᠤ᠂ ᠣᠷᠣᠨ ᠰᠠᠭᠤᠴᠠ ᠨᠠᠰᠤᠵᠢᠯ᠎ᠤᠨ ᠠᠰᠠᠷᠠᠮᠵᠢ᠂ ᠦᠷ᠎ᠡ ᠬᠡᠦᠬᠡᠳ᠎ᠤᠨ᠎ᠬᠢ᠎ᠨᠢ ᠰᠤᠷᠭ᠋ᠠᠭᠤᠯᠢ᠎ᠳᠤ ᠣᠷᠣᠬᠤ᠂ ᠬᠠᠤᠯᠢ ᠴᠠᠭ᠋ᠠᠵᠠ᠎ᠪᠠᠷ ᠡᠷᠬᠡ᠎ᠪᠠᠨ ᠬᠠᠮᠠᠭ᠋ᠠᠯᠠᠬᠤ ᠵᠡᠷᠭᠡ ᠲᠠᠯ᠎ᠠ ᠵᠢᠨ ᠦᠢ᠍ᠯᠡᠴᠢᠯᠡᠭᠡᠨ᠎ᠢ ᠢᠳᠡᠪᠬᠢᠲᠡᠶ᠎ᠪᠠᠷ ᠬᠠᠪᠰᠤᠷᠤᠨ ᠰᠠᠢ᠌ᠲᠤᠷ ᠬᠢᠨ᠎ᠡ᠃
     (ᠳᠥᠷᠪᠡ) ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠪᠠᠲᠤᠯᠠᠨ᠎ᠠ᠃ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠵᠠᠩ ᠳᠠᠳᠬᠠᠯ ᠵᠶ᠋ᠠᠨ ᠬᠠᠷᠢᠯᠴᠠᠨ ᠬᠦᠨᠳᠦᠳᠬᠡᠬᠦ ᠵᠢ ᠬᠥᠲᠥᠯᠦᠨ ᠵᠢᠯᠣᠭᠣᠳᠴᠤ᠂ ᠦᠨᠳᠦᠰᠦᠲᠡᠨ᠎ᠨᠦᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠨᠡᠢ᠌ᠭᠡᠮ ᠲᠣᠭᠣᠷᠢᠭ᠎ᠤᠨ ᠦᠨᠳᠦᠰᠦᠲᠡᠨ᠎ᠤ ᠬᠦᠴᠦᠨ ᠵᠦᠢᠯ᠎ᠳᠤ ᠬᠣᠯᠪᠣᠭᠳᠠᠭᠰᠠᠨ ᠵᠥᠷᠢᠴᠡᠯ ᠵᠢᠭᠤᠷᠠᠯᠳᠤᠭ᠋ᠠᠨ᠎ᠤ ᠠᠶᠤᠯ ᠲᠦᠭᠰᠢᠭᠦᠷᠢ ᠬᠡᠮ ᠰᠤᠭᠤᠭ᠎ᠢ ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠬᠤ ᠲᠤᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠨᠡᠢ᠌ᠭᠡᠮ ᠲᠣᠭᠣᠷᠢᠭ᠎ᠤᠨ ᠬᠠᠮᠢᠶᠠᠷᠤᠯᠳᠠ ᠵᠢᠨ ᠠᠵᠢᠯᠲᠠᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠤ ᠬᠦᠴᠦᠨ ᠵᠦᠢᠯ᠎ᠳᠤ ᠬᠣᠯᠪᠣᠭᠳᠠᠭᠰᠠᠨ ᠵᠥᠷᠢᠴᠡᠯ ᠪᠠ ᠵᠢᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢᠳᠪᠦᠷᠢᠯᠡᠬᠦ ᠠᠵᠢᠯ᠎ᠤᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠰᠠᠭᠤᠳᠠᠯ᠎ᠢ ᠨᠡᠢ᠌ᠭᠡᠮ ᠲᠣᠭᠣᠷᠢᠭ᠎ᠲᠤ ᠰᠢᠢᠳᠪᠦᠷᠢᠯᠡᠬᠦ᠂ ᠲᠤᠬᠠᠶ ᠵᠢᠨ ᠭᠠᠵᠠᠷ᠎ᠲᠤ᠎ᠨᠢ ᠰᠢᠢᠳᠪᠦᠷᠢᠯᠡᠬᠦ᠂ ᠡᠭᠦᠰᠦᠮᠡᠭᠴᠡ ᠳᠠᠷᠤᠢ᠌ᠬᠠᠨ ᠰᠢᠢᠳᠪᠦᠷᠢᠯᠡᠬᠦ᠎ᠪᠠᠷ ᠴᠢᠷᠮᠠᠢ᠌ᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠦᠨᠳᠦᠰᠦ ᠰᠠᠭᠤᠷᠢ ᠵᠢ ᠪᠡᠬᠢᠵᠢᠭᠦᠯᠦᠨ᠎ᠡ᠃
      (ᠲᠠᠪᠤ) 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠣᠷᠤᠭᠤᠯᠬᠤ + ᠨᠠᠮ᠎ᠤᠨ ᠪᠠᠢ᠌ᠭᠤᠯᠤᠯᠲᠠ᠎ᠳᠤ ᠣᠷᠣᠭᠤᠯᠬᠤ》 ᠠᠵᠢᠯᠯᠠᠭ᠎ᠠ ᠵᠢ ᠦᠷᠨᠢᠭᠦᠯᠦᠨ᠎ᠡ᠃ 《ᠳᠤᠮᠳᠠᠳᠤ ᠵᠢᠨ ᠦᠨᠳᠦᠰᠦᠲᠡᠨ ᠪᠦᠯᠬᠦᠮᠳᠡᠪᠡᠯ ᠨᠢᠭᠡ ᠬᠡᠷ ᠪᠦᠯᠢ ᠵᠢᠨ᠎ᠬᠢᠨ ᠮᠡᠲᠦ ᠳᠣᠲᠣᠨᠣ ᠪᠣᠯᠳᠠᠭ》᠂ 《ᠨᠠᠮ᠎ᠤᠨ ᠰᠦᠯᠳᠡ᠎ᠪᠠᠷ ᠠᠨᠠᠷ᠎ᠢ ᠤᠯᠠᠯᠵᠠᠭᠤᠯᠤᠨ᠎ᠠ》 ᠵᠡᠷᠭᠡ ᠨᠠᠮ᠎ᠤᠨ ᠪᠠᠢ᠌ᠭᠤᠯᠤᠯᠲᠠ ᠵᠢᠨ ᠬᠣᠯᠪᠣᠭ᠋ᠠᠲᠤ ᠴᠣᠭᠴᠠ ᠵᠢᠨ ᠨᠡᠷᠡᠲᠦ ᠲᠡᠮᠳᠡᠭ᠎ᠢ ᠡᠭᠦᠳᠴᠦ᠂ ᠠᠳᠠᠯᠢ ᠪᠤᠰᠤ ᠴᠠᠷᠠᠭ᠎ᠠ ᠬᠦᠷᠢᠶᠡᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠤᠯᠤᠨ ᠨᠠᠮ᠎ᠤᠨ ᠭᠡᠰᠢᠭᠦᠨ᠎ᠢ ᠨᠢᠭᠡᠳᠬᠡᠵᠦ᠂ 《ᠭᠤᠷᠪᠠᠨ ᠬᠤᠷᠠᠯ ᠨᠢᠭᠡ ᠬᠢᠴᠢᠶᠡᠯ》᠂ ᠭᠣᠤᠯ ᠰᠡᠳᠦᠪᠲᠦ ᠨᠠᠮ᠎ᠤᠨ ᠡᠳᠦᠷ ᠵᠡᠷᠭᠡ ᠠᠵᠢᠯᠯᠠᠭ᠎ᠠ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠨᠠᠮ᠎ᠤᠨ ᠪᠠᠢ᠌ᠭᠤᠯᠤᠯᠲᠠ ᠵᠢᠨ ᠡᠯ᠎ᠡ ᠲᠠᠯ᠎ᠠ᠎ᠳᠤ ᠠᠭᠤᠰᠤᠯᠴᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠳᠠᠪᠠᠭᠤᠯᠢᠭ᠎ᠢ ᠪᠠᠳᠠᠷᠠᠭᠤᠯᠵᠤ᠂ ᠨᠠᠮ᠎ᠤᠨ ᠪᠠᠢ᠌ᠭᠤᠯᠤᠯᠲᠠ ᠪᠠ ᠡᠭᠦᠳᠦᠨ ᠪᠠᠢ᠌ᠭᠤᠯᠬᠤ ᠠᠵᠢᠯ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
      (ᠵᠢᠷᠭᠤᠭ᠎ᠠ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠡᠢ᠌ᠭᠡᠮ ᠲᠣᠭᠣᠷᠢᠭ᠎ᠢ ᠢᠳᠡᠪᠬᠢᠲᠡᠶ᠎ᠪᠠᠷ ᠴᠢᠷᠮᠠᠢ᠌ᠨ ᠡᠭᠦᠳᠦᠨ ᠪᠠᠢ᠌ᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠡᠢ᠌ᠭᠡᠮ ᠲᠣᠭᠣᠷᠢᠭ᠎ᠢ ᠴᠢᠷᠮᠠᠢ᠌ᠨ ᠡᠭᠦᠳᠬᠦ ᠵᠢ ᠵᠣᠷᠢᠭᠵᠢᠭᠤᠯᠤᠨ ᠳᠡᠮᠵᠢᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ᠎ᠤᠨ ᠲᠠᠯ᠎ᠠ᠎ᠪᠠᠷ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠲᠠᠢ ᠨᠢᠭᠡ ᠪᠦᠯᠦᠭ ᠨᠡᠢ᠌ᠲᠡᠯᠢᠭ ᠨᠡᠢ᠌ᠭᠡᠮ ᠲᠣᠭᠣᠷᠢᠭ᠎ᠢ ᠨᠢᠮᠪᠠᠶ ᠰᠣᠩᠭᠣᠨ ᠪᠣᠶ ᠪᠣᠯᠭ᠋ᠠᠵᠤ᠂ ᠳᠡᠯᠭᠡᠷᠡᠭᠦᠯᠦᠨ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠵᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯ᠎ᠢ ᠰᠢᠨ᠎ᠡ ᠡᠬᠦᠳᠦᠯᠳᠡ᠎ᠲᠠᠢ᠎ᠪᠠᠷ ᠦᠷᠨᠢᠭᠦᠯᠦᠨ᠎ᠡ᠃
      (ᠳᠣᠯᠣᠭ᠎ᠠ) ᠨᠡᠢ᠌ᠭᠡᠮ ᠲᠣᠭᠣᠷᠢᠭ᠎ᠤᠨ ᠺᠠᠳ᠋ᠷ᠂ ᠨᠡᠢ᠌ᠭᠡᠮ ᠲᠣᠭᠣᠷᠢᠭ᠎ᠤᠨ ᠰᠠᠢ᠌ᠨ ᠲᠤᠷᠡᠴᠤᠤᠯ ᠪᠣᠯᠤᠨ ᠨᠡᠢ᠌ᠭᠡᠮ᠎ᠤᠨ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠨᠡᠢ᠌ᠭᠡᠮ ᠲᠣᠭᠣᠷᠢᠭ᠎ᠤᠨ ᠺᠠᠳ᠋ᠷ᠂ ᠨᠡᠢ᠌ᠬᠡᠮ ᠲᠤᠭᠤᠷᠢᠭ᠎ᠤᠨ ᠰᠠᠢ᠌ᠨ ᠲᠤᠷᠠᠴᠤᠤᠯ᠎ᠤᠨ ᠪᠤᠯᠪᠠᠰᠤᠷᠠᠯ᠎ᠢ ᠴᠢᠩᠭ᠋ᠠᠳᠬᠠᠵᠤ᠂ ᠲᠡᠳᠡᠨ᠎ᠤ ᠨᠡᠢ᠌ᠭᠡᠮ ᠲᠣᠭᠣᠷᠢᠭ᠎ᠤᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠬᠦ ᠳᠤᠮᠳᠠᠬᠢ ᠴᠢᠬᠤᠯᠠ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠨᠡᠢ᠌ᠭᠡᠮ ᠲᠣᠭᠣᠷᠢᠭ᠎ᠤᠨ ᠡᠯ᠎ᠡ ᠲᠦᠷᠦᠯ᠎ᠤᠨ ᠠᠵᠢᠯ᠎ᠲᠠᠢ ᠨᠢᠭᠲᠠ ᠤᠶᠠᠯᠳᠤᠭᠤᠯᠵᠤ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃ ᠣᠯᠠᠨ ᠲᠦᠮᠡᠨ᠎ᠤ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠪᠠᠳᠠᠷᠠᠭᠤᠯᠬᠤ ᠵᠢ ᠴᠢᠬᠤᠯᠠᠴᠢᠯᠠᠵᠤ᠂ ᠡᠯ᠎ᠡ ᠲᠥᠷᠥᠯ᠎ᠤᠨ ᠰᠠᠢ᠌ᠨ ᠲᠤᠷᠠᠴᠤᠤᠯ᠎ᠤᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠦᠨᠳᠦᠰᠦᠨ ᠱᠠᠲᠤᠨ᠎ᠤ ᠨᠡᠢ᠌ᠭᠡᠮ᠎ᠤᠨ ᠪᠦᠯᠬᠦᠮ᠎ᠤᠨ ᠵᠣᠬᠢᠶᠠᠨ ᠪᠠᠢ᠌ᠭᠤᠯᠤᠯᠲᠠ᠎ᠨᠢ ᠠᠵᠢᠯ ᠲᠥᠷᠥᠯ᠎ᠤᠨ ᠣᠨᠴᠠᠯᠢᠭ᠎ᠲᠠᠢ᠎ᠪᠠᠨ ᠤᠶᠠᠯᠳᠤᠭᠤᠯᠵᠤ᠂ ᠲᠣᠰ ᠲᠣᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢ ᠭᠦᠨᠵᠡᠭᠡᠶ ᠦᠷᠨᠢᠬᠦᠯᠵᠦ᠂ ᠨᠡᠢ᠌ᠭᠡᠮ ᠲᠣᠭᠣᠷᠢᠭ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠰᠠᠢ᠌ᠲᠤᠷ ᠬᠢᠬᠦ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃
      ᠲᠦᠷᠪᠡ᠂ ᠠᠵᠢᠯ᠎ᠤᠨ ᠱᠠᠭ᠋ᠠᠷᠳᠠᠯᠭ᠎ᠠ
      (ᠨᠢᠭᠡ) ᠨᠠᠷᠢᠨ ᠨᠢᠮᠪᠠᠶ ᠰᠤᠳᠤᠯᠤᠨ ᠲᠥᠯᠥᠪᠯᠡᠵᠦ᠂ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠨ᠎ᠠ᠃ ᠡᠯ᠎ᠡ ᠠᠢ᠌ᠮᠠᠭ ᠬᠣᠲᠠ ᠵᠢᠨ ᠦᠨᠳᠦᠰᠦᠲᠡᠨ᠎ᠤ ᠵᠥᠪᠯᠡᠯ᠂ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠷᠢᠭᠤᠴᠠᠯᠭ᠋ᠠᠲᠤ ᠤᠬᠠᠮᠰᠠᠷ ᠪᠠ ᠰᠢᠨ᠎ᠡ ᠵᠢ ᠡᠭᠦᠳᠬᠦ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠭᠦᠨᠵᠡᠭᠡᠶ ᠪᠠᠢ᠌ᠴᠠᠭ᠋ᠠᠨ ᠰᠤᠳᠤᠯᠤᠯᠲᠠ ᠬᠢᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠤᠯᠲᠠ ᠵᠢ ᠨᠡᠢ᠌ᠭᠡᠮ ᠲᠣᠭᠣᠷᠢᠭ᠎ᠲᠤ ᠤᠷᠤᠭᠤᠯᠬᠤ ᠠᠵᠢᠯ᠎ᠢ ᠥᠷᠨᠢᠭᠦᠯᠬᠦ᠎ᠳᠤ ᠣᠷᠣᠰᠢᠵᠤ ᠪᠠᠢ᠌ᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ᠎ᠪᠠᠨ ᠨᠠᠷᠢᠨ ᠬᠢᠨᠠᠮᠠᠭ᠋ᠠᠶ ᠡᠷᠢᠵᠦ᠂ ᠪᠣᠳᠠᠲᠠᠶ ᠵᠢ ᠡᠷᠬᠢᠮᠯᠡᠭᠰᠡᠨ ᠠᠴᠢ ᠲᠤᠰᠠ᠎ᠲᠠᠢ ᠠᠷᠭ᠎ᠠ ᠬᠡᠮᠵᠢᠶ᠎ᠡ ᠵᠢ ᠠᠪᠴᠤ᠂ ᠨᠡᠢ᠌ᠭᠡᠮ ᠲᠣᠭᠣᠷᠢᠭ᠎ᠲᠤ  ᠣᠷᠤᠭᠤᠯᠵᠤ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠶ ᠵᠣᠬᠢᠴᠠᠭᠤᠯᠵᠤ᠂ ᠪᠡᠯᠡ ᠮᠥᠩᠭᠥ ᠵᠢᠨ ᠪᠠᠲᠤᠯᠠᠭ᠎ᠠ ᠵᠢ ᠨᠠᠢ᠌ᠳᠠᠪᠤᠷᠢᠵᠢᠭᠤᠯᠤᠨ᠎ᠠ᠃
      (ᠬᠣᠶᠠᠷ) ᠨᠢᠭᠡᠳᠦᠯᠲᠡᠶ ᠲᠥᠯᠥᠪᠯᠡᠨ ᠬᠠᠮᠵᠢᠯᠴᠠᠬᠤ ᠵᠢ ᠡᠷᠴᠢᠮᠵᠢᠬᠦᠯᠵᠦ᠂ ᠠᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠪᠠᠲᠤᠯᠠᠨ᠎ᠠ᠃ ᠡᠯ᠎ᠡ ᠠᠢ᠌ᠮᠠᠭ ᠬᠣᠲᠠ ᠵᠢᠨ ᠦᠨᠳᠦᠰᠦᠲᠡᠨ᠎ᠤ ᠵᠥᠪᠯᠡᠯ᠂ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠨᠢᠭᠲᠠ ᠬᠠᠮᠵᠢᠯᠴᠠᠵᠤ᠂ ᠬᠤᠷᠰᠢᠨ ᠠᠵᠢᠯᠯᠠᠵᠤ᠂ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠵᠠᠭᠤᠴᠢᠯᠠᠭᠤᠷ᠎ᠯᠤᠭ᠎ᠠ ᠵᠢᠨ ᠬᠠᠷᠢᠯᠴᠠᠨ ᠦᠢ᠍ᠯᠡᠳᠦᠯᠴᠡᠭᠡ ᠰᠣᠯᠢᠯᠴᠠᠭ᠎ᠠ ᠵᠢ ᠴᠢᠩᠭ᠋ᠠᠳᠬᠠᠵᠤ᠂ ᠠᠵᠢᠯᠠᠭ᠋ᠠᠨ᠎ᠤ ᠳᠤᠮᠳᠠ ᠢᠯᠡᠷᠡᠭᠰᠡᠨ ᠲᠡᠷᠢᠭᠦᠨ᠎ᠤ ᠦᠢ᠍ᠯᠡ ᠠᠵᠢᠯᠯᠠᠭ᠎ᠠ᠂ ᠣᠨᠴᠠᠯᠢᠭ ᠪᠦᠬᠦᠢ ᠭᠢᠯᠠᠰ ᠴᠡᠭ᠎ᠢ ᠤᠬᠠᠭᠤᠯᠤᠨ ᠲᠠᠨᠢᠯᠴᠠᠭᠤᠯᠵᠤ᠂ ᠨᠡᠢ᠌ᠭᠡᠮ᠎ᠤᠨ ᠭᠦᠨ ᠵᠤᠵᠠᠭ᠋ᠠᠨ ᠠᠬᠤᠢ ᠨᠥᠭᠥᠴᠡᠯ᠎ᠢ ᠪᠣᠶ ᠪᠣᠯᠭ᠋ᠠᠨ᠎ᠠ᠃
ᠡᠯ᠎ᠡ ᠠᠢ᠌ᠮᠠᠭ ᠬᠣᠲᠠ ᠵᠢᠨ ᠦᠨᠳᠦᠰᠦᠲᠡᠨ᠎ᠤ ᠵᠥᠪᠯᠡᠯ᠂ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ 2021 ᠣᠨ᠎ᠤ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠣᠨ᠎ᠤ ᠠᠵᠢᠯ᠎ᠤᠨ ᠳ᠋ᠦᠩᠨᠡᠯᠲᠡ᠎ᠪᠠᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠢᠨᠠᠨ ᠪᠠᠢ᠌ᠴᠠᠭ᠋ᠠᠬᠤ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠪᠠ ᠨᠡᠢ᠌ᠭᠡᠮ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢᠨ ᠭᠠᠵᠠᠷ᠎ᠲᠤ ᠲᠣᠰ ᠲᠣᠰ ᠮᠡᠳᠡᠭᠦᠯᠦᠨ ᠬᠦᠷᠭᠡᠬᠦ ᠪᠣᠯᠪᠠᠥ᠃

 

 

        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ