ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭᠲᠦ ᠲᠠᠢ᠌ᠯᠤᠮᠵᠢ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠨᠡᠶ᠋ᠢᠲᠡᠯᠡᠭᠰᠡᠨ ᠴᠠᠭ᠄ 2024-05-17

      ᠨᠢᠭᠡ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠲᠣᠭᠲᠠᠭ᠋ᠠᠭᠰᠠᠨ ᠠᠬᠤᠢ ᠪᠠᠢ᠌ᠳᠠᠯ
       ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠤᠯᠤᠰ᠎ᠤᠨ ᠦᠨᠳᠦᠰᠦᠲᠡᠨ᠎ᠤ ᠵᠦᠪᠯᠡᠯ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠨᠡᠢ᠌ᠭᠡᠮᠯᠢᠭ᠎ᠤᠨ ᠳᠠᠷᠤᠮᠠᠯᠯᠠᠨ ᠲᠠᠷᠬᠠᠭ᠋ᠠᠭᠰᠠᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠳᠠᠯᠠᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠦᠯᠦᠭᠡ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠨᠡᠢ᠌ᠭᠡᠮᠯᠢᠭ ᠬᠠᠮᠳᠤᠷᠠᠵᠤ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠢ᠌ᠲᠡᠯᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠠᠵᠢᠯ᠎ᠢ ᠰᠠᠢ᠌ᠲᠤᠷ ᠬᠢᠬᠦ ᠴᠢᠭᠯᠡᠯ ᠪᠠ ᠵᠠᠮ᠎ᠢ ᠲᠣᠳᠤᠷᠬᠠᠢ᠌ᠯᠠᠪᠠ᠂ ᠡᠨᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠬᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 
      ᠬᠣᠶᠠᠷ᠂ ᠭᠣᠣᠯ ᠠᠭᠤᠯᠭ᠎ᠠ 
      《ᠬᠡᠷᠡᠭᠵᠢᠭᠦᠯᠬᠦ ᠰᠠᠨᠠᠯ》᠎ᠳᠤ 22 ᠵᠦᠢ᠍ᠯ᠎ᠤᠨ ᠪᠣᠳᠠᠲᠠᠢ ᠠᠷᠭ᠎ᠠ ᠪᠠᠷᠢᠯ᠎ᠢ ᠭᠣᠣᠯᠳᠠᠯᠭ᠎ᠠ᠎ᠲᠠᠢ ᠲᠤᠷᠠᠳᠴᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠠᠵᠢᠯ᠎ᠢ ᠰᠠᠢ᠌ᠲᠤᠷ ᠬᠢᠬᠦ ᠴᠢᠭᠯᠡᠯ ᠪᠠ ᠵᠠᠮ᠎ᠢ ᠴᠢᠷᠮᠠᠢ᠌ᠨ ᠲᠣᠳᠣᠷᠬᠠᠢ᠌ᠯᠠᠵᠤ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠠᠵᠢᠯ᠎ᠤᠨ ᠰᠢᠨ᠎ᠡ ᠳᠦᠷᠰᠦ ᠪᠠᠢ᠌ᠳᠠᠯ ᠢᠯᠡᠷᠡᠵᠦ ᠰᠢᠨ᠎ᠡ ᠠᠮᠵᠢᠯᠲᠠ ᠣᠯᠬᠤ ᠵᠢ ᠠᠬᠢᠭᠤᠯᠤᠨ᠎ᠠ᠃ 《ᠬᠡᠷᠡᠭᠵᠢᠭᠦᠯᠬᠦ ᠰᠠᠨᠠᠯ》᠎ᠳᠤ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠳᠠᠯᠠᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠡ ᠵᠢᠨ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠲᠤᠭᠤᠰᠢᠯᠠᠭᠤᠯᠵᠦ᠂ ᠰᠢ ᠵᠢᠨ ᠫᠢᠩ ᠎ᠤᠨ ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠦᠢ᠍ᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠣᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠢ᠍ᠯᠡᠰ᠎ᠤᠨ ᠶᠡᠷᠦᠩᠬᠡᠢ ᠪᠠᠢ᠌ᠷᠢᠰᠢᠭᠤᠯᠤᠯᠲᠠ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢᠨ ᠲᠤᠭᠤᠷᠢᠨ᠎ᠳᠤ ᠨᠠᠮ᠎ᠤᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠤᠷᠤᠭᠰᠢᠯᠠᠬᠤ ᠴᠢᠭᠯᠡᠯ᠎ᠢ ᠪᠠᠷᠢᠮᠲᠠᠯᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠪᠦᠲᠦᠭᠡᠯᠴᠢ ᠴᠢᠨᠠᠷᠳᠠᠢ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠢ ᠬᠦᠭᠵᠢᠯᠳᠡ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠳᠠᠯᠠᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠦᠨ ᠬᠥᠷᠥᠰᠥᠨ᠎ᠳᠤ ᠦᠨᠳᠦᠰᠦᠯᠡᠭᠦᠯᠵᠦ᠂ ᠲᠤᠭ ᠳᠠᠯᠪᠠᠭ᠎ᠠ ᠡᠷᠭᠦᠬᠦ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠥᠨ᠎ᠢ ᠬᠥᠮᠥᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ ᠵᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠦᠨᠳᠦᠰᠦᠲᠡᠨ᠎ᠳᠤ᠎ᠪᠠᠨ ᠣᠰᠣᠯᠳᠠᠬᠤ ᠦᠭᠡᠢ᠂ ᠴᠠᠭ ᠦᠶ᠎ᠡ᠎ᠳᠤ᠎ᠪᠠᠨ ᠣᠰᠣᠯᠳᠠᠬᠤ ᠦᠭᠡᠢ ᠪᠦᠬᠦᠢ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠰᠣᠳᠣᠨ ᠪᠦᠲᠦᠭᠡᠯ᠎ᠢ ᠨᠡᠩ ᠣᠯᠠᠨ ᠪᠦᠲᠦᠭᠡᠵᠦ᠂ ᠠᠷᠠᠳ ᠤᠯᠠᠨ᠎ᠤ ᠤᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠲᠦᠯᠦᠭᠡ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
      《ᠬᠡᠷᠡᠭᠵᠢᠭᠦᠯᠬᠦ ᠰᠠᠨᠠᠯ》᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠠᠵᠢᠯ᠎ᠤᠨ ᠪᠥᠬᠥ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠦ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠠ ᠤᠳᠬ᠎ᠠ ᠤᠷᠠᠯᠢᠭ᠎ᠤᠨ ᠱᠤᠭᠤᠮ ᠴᠢᠭᠯᠡᠯᠲᠡ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠠᠵᠢᠯ᠎ᠤᠨ ᠰᠢᠨ᠎ᠡ ᠳᠦᠷᠰᠦ ᠪᠠᠢ᠌ᠳᠠᠯ᠎ᠲᠠᠢ ᠪᠣᠯᠵᠤ ᠰᠢᠨ᠎ᠡ ᠠᠮᠵᠢᠯᠲᠠ ᠣᠯᠬᠤ ᠵᠢ ᠠᠬᠢᠭᠤᠯᠤᠨ᠎ᠠ᠃ 《ᠲᠦᠷᠪᠡᠨ ᠬᠣᠣᠰ ᠬᠠᠷᠢᠴᠠᠭ᠎ᠠ》 ᠵᠢ ᠵᠥᠪ ᠡᠵᠡᠮᠲᠡᠵᠦ᠂ ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ  ᠪᠠᠲᠤ ᠪᠡᠬᠢ ᠪᠣᠢ ᠪᠣᠯᠭ᠋ᠠᠵᠤ᠂ ᠤᠮᠠᠷᠠᠲᠤ ᠬᠢᠯᠢ ᠵᠢᠨ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂  ᠤᠮᠠᠷᠠᠲᠤ ᠬᠢᠯᠢ ᠵᠢᠨ ᠰᠣᠶᠣᠯ᠎ᠤᠨ ᠨᠡᠷᠡᠲᠦ ᠲᠡᠮᠳᠡᠭ᠎ᠤᠨ ᠵᠣᠬᠢᠶᠠᠨ ᠪᠦᠲᠦᠭᠡᠵᠦ ᠦᠢ᠍ᠯᠡᠳᠬᠦ ᠲᠣᠭᠲᠠᠴᠠ ᠵᠢ ᠪᠠᠢ᠌ᠭᠤᠯᠵᠤ᠂ ᠳᠤᠮᠳᠠᠳᠤ ᠵᠢᠨ ᠪᠣᠯᠪᠠᠰᠤᠨ᠎ᠤ ᠲᠣᠪᠣᠢ᠌ᠮ᠎ᠠ ᠣᠨᠴᠠᠯᠢᠭ᠎ᠢ ᠢᠯᠡᠷᠡᠭᠦᠯᠦᠭᠰᠡᠨ᠂ ᠤᠮᠠᠷᠠᠲᠤ ᠬᠢᠯᠢ ᠵᠢᠨ ᠰᠣᠶᠣᠯ᠎ᠤᠨ ᠦᠨᠳᠦᠰᠦᠨ ᠠᠭᠤᠯᠤᠭᠳᠠᠬᠤᠨ᠎ᠢ ᠢᠯᠡᠷᠡᠭᠦᠯᠦᠭᠰᠡᠨ ᠨᠢᠭᠡ ᠪᠦᠯᠦᠭ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠬᠡᠷᠡᠭᠲᠡᠢ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠵᠣᠬᠢᠶᠠᠯᠴᠢᠳ᠎ᠤᠨ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠡᠷᠡᠮᠡᠬᠡᠢ᠌ᠯᠡᠨ ᠴᠢᠷᠮᠠᠢ᠌ᠵᠤ ᠦᠢ᠍ᠯᠡᠰ ᠪᠦᠲᠦᠭᠡᠬᠦ ᠵᠢ ᠬᠥᠲᠥᠯᠥᠨ ᠵᠢᠯᠤᠭᠣᠳᠴᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ 《ᠴᠠᠭ ᠦᠶ᠎ᠡ ᠵᠢᠨ ᠵᠢᠱ᠌ᠢᠶᠡᠴᠢ》᠂ ᠶᠣᠰᠣ ᠰᠤᠷᠲᠠᠬᠤᠨ᠎ᠤ ᠵᠢᠱ᠌ᠢᠶᠡᠴᠢ᠂ 《ᠬᠠᠮᠤᠭ᠎ᠤᠨ ᠰᠠᠢ᠌ᠬᠠᠨ ᠰᠠᠢ᠌ᠨ ᠬᠥᠮᠥᠨ》 ᠵᠡᠷᠭᠡ ᠰᠢᠨ᠎ᠡ ᠴᠠᠭ ᠦᠶ᠎ᠡ ᠵᠢᠨ ᠦᠯᠢᠭᠡᠷ᠎ᠢ ᠭᠦᠨᠵᠡᠭᠡᠢ ᠠᠭᠤᠳᠠᠯᠵᠤ᠂ ᠳᠤᠮᠳᠠᠳᠤ ᠤᠯᠤᠰ᠎ᠤᠨ ᠦᠯᠢᠭᠡᠷ᠂ ᠥᠪᠥᠷ ᠮᠣᠩᠭᠣᠯ᠎ᠤᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠰᠤᠯᠢᠯᠴᠠᠵᠤ ᠲᠤᠯᠢᠯᠠᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠬᠠᠮᠳᠤ᠎ᠪᠠᠷ ᠴᠤᠭᠴᠠᠯᠠᠨ᠎ᠠ᠃ ᠳᠠᠭᠤᠷ᠂ ᠡᠸᠡᠩᠬᠢ᠂ ᠣᠷᠴᠣᠨ᠎ᠤ ᠦᠨᠳᠦᠰᠦᠲᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠬᠦ ᠪᠢᠷ᠎ᠤᠨ ᠴᠤᠭᠯᠠᠭ᠋ᠠᠨ ᠡᠷᠬᠢᠯᠡᠬᠥ ᠵᠢ ᠲᠡᠮᠵᠢᠵᠤ᠂ ᠤᠯᠠᠨ ᠦᠨᠳᠦᠰᠦᠲᠡᠨ᠎ᠤ ᠵᠣᠬᠢᠶᠠᠯᠴᠢᠳ᠎ᠤᠨ ᠵᠣᠬᠢᠶᠠᠨ ᠪᠦᠲᠦᠭᠡᠬᠦ ᠶᠠᠷᠢᠯᠴᠠᠬᠤ ᠬᠤᠷᠠᠯ᠎ᠢ ᠡᠷᠬᠢᠯᠡᠵᠦ᠂ ᠭᠤᠸᠠᠩᠳᠦ᠋ᠩ᠂ ᠵᠧᠵᠢᠶᠠᠩ᠂ ᠬᠢᠷᠢᠨ᠂ ᠯᠢᠶᠣᠤᠨᠢᠩ ᠵᠡᠷᠭᠡ ᠭᠠᠵᠠᠷ᠎ᠯᠤᠭ᠎ᠠ ᠵᠢᠨ ᠵᠣᠬᠢᠶᠠᠯᠴᠢᠳ᠎ᠤᠨ ᠬᠣᠭᠣᠷᠣᠨᠳᠣᠬᠢ ᠤᠳᠬ᠎ᠠ ᠵᠣᠬᠢᠶᠠᠯ᠎ᠤᠨ ᠰᠣᠯᠢᠯᠴᠠᠭ᠎ᠠ ᠵᠢ ᠢᠳᠡᠪᠬᠢᠲᠡᠢ᠎ᠪᠠᠷ ᠥᠷᠨᠢᠭᠦᠯᠵᠦ᠂ ᠣᠷᠣᠨ᠎ᠤ ᠳᠣᠲᠤᠨᠠᠬᠢ ᠭᠠᠳᠠᠨᠠᠬᠢ ᠦᠨᠳᠦᠰᠦᠲᠡᠨ᢭᠎ᠤ ᠵᠣᠬᠢᠶᠠᠯᠴᠢᠳ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠬᠠᠷᠢᠯᠴᠠᠨ ᠬᠠᠪᠰᠤᠷᠴᠤ ᠬᠠᠷᠢᠯᠴᠠᠨ ᠳᠡᠮᠵᠢᠭᠰᠡᠨ᠂ ᠬᠠᠮᠳᠤ᠎ᠪᠠᠷ ᠲᠠᠪᠰᠢᠬᠰᠠᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠬᠦ ᠪᠠᠢ᠌ᠳᠠᠯ᠎ᠢ ᠪᠤᠢ ᠪᠣᠯᠭ᠋ᠠᠬᠤ ᠵᠢ ᠠᠬᠢᠭᠤᠯᠤᠨ᠎ᠠ ᠭᠡᠵᠦ ᠲᠤᠳᠤᠷᠬᠠᠢ᠌ᠯᠠᠪᠠ᠃
      《ᠬᠡᠷᠡᠭᠵᠢᠭᠦᠯᠬᠦ ᠰᠠᠨᠠᠯ》᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠳᠤ ᠦᠵᠡᠭᠦᠯᠬᠦ ᠤᠳᠬ᠎ᠠ ᠵᠣᠬᠢᠶᠠᠯ᠎ᠤᠨ ᠪᠦᠲᠦᠭᠡᠯ᠎ᠤᠨ ᠴᠢᠬᠤᠯᠠ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ 《ᠤᠮᠠᠷᠠᠲᠤ ᠬᠢᠯᠢ ᠵᠢᠨ ᠤᠳᠬ᠎ᠠ ᠤᠷᠠᠯᠢᠭ᠎ᠤᠨ ᠶᠡᠭᠡ ᠶᠠᠷᠢᠶᠠᠨ᠎ᠤ ᠲᠠᠩᠬᠢᠮ · ᠤᠳᠬ᠎ᠠ ᠵᠣᠬᠢᠶᠠᠯ᠎ᠤᠨ ᠵᠣᠬᠢᠶᠠᠨ ᠪᠦᠳᠦᠭᠡᠯ᠎ᠤᠨ ᠰᠢᠷᠢᠰ》 ᠲᠠᠢ᠌ᠯᠤᠮᠵᠢ ᠵᠢ ᠦᠷᠭᠦᠯᠵᠢᠯᠡᠨ ᠥᠷᠨᠢᠭᠦᠯᠵᠦ᠂ ᠤᠳᠬ᠎ᠠ ᠵᠣᠬᠢᠶᠠᠯ᠎ᠤᠨ ᠣᠷᠴᠢᠭᠤᠯᠭ᠎ᠠ ᠵᠢᠨ ᠴᠢᠳᠠᠪᠤᠷᠢᠲᠠᠨ᠎ᠤ ᠪᠤᠯᠪᠠᠰᠤᠷᠠᠯ᠎ᠤᠨ ᠠᠩᠭᠢ ᠵᠢ  ᠡᠷᠬᠢᠯᠡᠵᠦ᠂ 《ᠮᠣᠩᠭᠣᠯ ᠬᠡᠯᠡᠨ᠎ᠤ ᠰᠢᠯᠢᠳᠡᠭ ᠤᠷᠠᠨ ᠵᠣᠬᠢᠶᠠᠯ᠎ᠤᠨ ᠪᠦᠲᠦᠭᠡᠯ᠎ᠢ ᠤᠷᠴᠢᠭᠤᠯᠵᠦ ᠬᠡᠪᠯᠡᠭᠦᠯᠬᠦ ᠢᠨᠵᠧᠨᠧᠷᠢᠩ》᠎ᠢ ᠬᠡᠷᠡᠭᠵᠢᠭᠦᠯᠵᠦ᠂ ᠮᠣᠩᠭᠣᠯ ᠬᠡᠯᠡᠨ᠎ᠤ ᠰᠢᠯᠢᠳᠡᠭ ᠤᠷᠠᠨ ᠵᠣᠬᠢᠶᠠᠯ᠎ᠤᠨ ᠪᠦᠲᠦᠭᠡᠯ᠎ᠢ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠵᠶ᠋ᠡᠷ ᠤᠷᠴᠢᠭᠤᠯᠵᠦ ᠬᠡᠪᠯᠡᠨ ᠲᠠᠷᠬᠠᠭ᠋ᠠᠨ᠎ᠠ᠃ ᠠᠷᠠᠳ ᠲᠦᠮᠡᠨ ᠵᠶ᠋ᠡᠷ ᠭᠣᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠠᠷᠠᠳ ᠲᠦᠮᠡᠨ᠎ᠤ ᠤᠶᠤᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠪᠠᠷ ᠵᠣᠬᠢᠶᠠᠨ ᠪᠦᠲᠦᠭᠡᠬᠦ ᠵᠢᠨ ᠵᠤᠷᠢᠯᠳᠠ ᠪᠠ ᠲᠤᠰᠤᠯᠲᠠ ᠪᠣᠯᠭ᠋ᠠᠵᠤ᠂ ᠥᠪᠥᠷ ᠮᠣᠩᠭᠣᠯ᠎ᠤᠨ ᠵᠣᠬᠢᠶᠠᠯᠴᠢᠳ᠎ᠤᠨ 《ᠠᠮᠢᠳᠤᠷᠠᠯ᠎ᠳᠤ ᠭᠦᠨᠵᠡᠭᠡᠢ᠌ᠷᠡᠵᠦ ᠠᠷᠠᠳ ᠲᠦᠮᠡᠨ᠎ᠤ ᠳᠤᠮᠳᠠ ᠭᠦᠨᠵᠡᠭᠡᠢ᠌ᠷᠡᠬᠦ》 ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠤᠳᠬ᠎ᠠ ᠵᠣᠬᠢᠶᠠᠯ᠎ᠤᠨ ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ᠂  ᠦᠨᠡᠯᠡᠬᠦ ᠱᠠᠩᠨᠠᠬᠤ ᠵᠢᠨ ᠵᠢᠯᠤᠭᠤᠳᠤᠮᠵᠢ ᠵᠢ ᠴᠢᠩᠭ᠋ᠠᠳᠬᠠᠵᠤ᠂ ᠱᠠᠩᠨᠠᠬᠤ ᠵᠢᠨ ᠤᠳᠤᠷᠢᠳᠤᠮᠵᠢ ᠵᠢ ᠨᠡᠩ ᠢᠯᠡ ᠲᠣᠳᠣ᠂ ᠶᠠᠪᠤᠴᠠ ᠵᠢ ᠨᠡᠩ ᠢᠯᠡ ᠲᠣᠳᠣ᠂ ᠰᠢᠯᠭ᠋ᠠᠷᠠᠭᠤᠯᠤᠯᠲᠠ ᠵᠢ ᠨᠡᠩ ᠲᠥᠪ ᠭᠣᠣᠯᠴᠢ ᠪᠣᠯᠬᠤ ᠵᠢ ᠠᠬᠢᠭᠤᠯᠬᠤ ᠬᠡᠷᠡᠭᠲᠡᠢ᠃ ᠵᠠᠯᠠᠭᠤ ᠵᠣᠬᠢᠶᠠᠯᠴᠢᠳ ᠵᠶ᠋ᠠᠷ ᠭᠣᠣᠯᠳᠠᠯᠭ᠎ᠠ ᠪᠤᠯᠭ᠋ᠠᠭᠰᠠᠨ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠥᠪᠥᠷ ᠮᠣᠩᠭᠣᠯ᠎ᠤᠨ ᠵᠠᠯᠠᠭᠤ ᠵᠣᠬᠢᠶᠠᠯᠴᠢᠳ᠎ᠤᠨ ᠵᠣᠬᠢᠶᠠᠨ ᠪᠦᠲᠦᠭᠡᠬᠦ ᠬᠤᠷᠠᠯ᠎ᠢ ᠬᠤᠷᠠᠯᠳᠤᠭᠤᠯᠵᠤ᠂ ᠰᠦᠯᠵᠢᠶᠡᠨ᠎ᠤ ᠵᠣᠬᠢᠶᠠᠯᠴᠢᠳ᠎ᠤᠨ ᠪᠣᠯᠪᠠᠰᠤᠷᠠᠯ᠎ᠤᠨ ᠠᠩᠭᠢ᠂ ᠵᠠᠯᠠᠭᠤ ᠵᠣᠬᠢᠶᠠᠯᠴᠢᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠣᠣᠯ ᠰᠡᠳᠦᠪᠲᠦ ᠤᠳᠬ᠎ᠠ ᠵᠣᠬᠢᠶᠠᠯ᠎ᠤᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠵᠦ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠬᠦ ᠰᠤᠳᠤᠯᠭ᠋ᠠᠨ᠎ᠤ ᠠᠩᠭᠢ ᠵᠢ ᠦᠷᠭᠦᠯᠵᠢᠯᠡᠨ ᠡᠷᠬᠢᠯᠡᠵᠦ᠂ ᠤᠳᠬ᠎ᠠ ᠵᠣᠬᠢᠶᠠᠯ᠎ᠤᠨ ᠠᠵᠢᠯᠲᠠᠳ᠎ᠤᠨ ᠤᠯᠤᠰ ᠲᠦᠷᠦ ᠵᠢᠨ ᠬᠡᠪ ᠪᠤᠯᠪᠠᠰᠤᠷᠠᠯ ᠪᠣᠯᠣᠨ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠵᠣᠬᠢᠶᠠᠯ ᠪᠦᠲᠦᠭᠡᠯ᠎ᠤᠨ ᠨᠥᠯᠥᠭᠡ ᠵᠢ ᠳᠡᠭᠡᠭᠰᠢᠯᠡᠭᠦᠯᠬᠦ ᠬᠡᠷᠡᠭᠲᠡᠢ᠃ ᠰᠦᠯᠵᠢᠶᠡᠨ᠎ᠤ ᠤᠳᠬ᠎ᠠ ᠵᠣᠬᠢᠶᠠᠯ᠎ᠤᠨ ᠵᠣᠬᠢᠶᠠᠨ ᠪᠦᠳᠦᠭᠡᠯ᠎ᠢ ᠰᠠᠢ᠌ᠲᠤᠷ ᠬᠥᠲᠥᠯᠥᠨ ᠵᠢᠯᠤᠭᠣᠳᠴᠤ᠂ ᠢᠨᠲ᠋ᠧᠷ ᠰᠦᠯᠵᠢᠶ᠎ᠡ᠂ ᠲᠣᠮᠣ ᠳ᠋ᠠᠢ᠌ᠲ᠋ᠠ ᠵᠡᠷᠭᠡ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ᠎ᠢ ᠭᠡᠷᠡᠭᠯᠡᠵᠦ ᠤᠳᠬ᠎ᠠ ᠤᠷᠠᠯᠢᠭ᠎ᠤᠨ ᠵᠣᠬᠢᠶᠠᠨ ᠪᠦᠳᠦᠭᠡᠯ᠎ᠤᠨ ᠬᠡᠯᠪᠡᠷᠢ ᠵᠢ ᠪᠠᠶᠠᠯᠢᠭᠵᠢᠭᠤᠯᠵᠤ᠂ ᠵᠤᠬᠢᠶᠠᠯ ᠪᠦᠲᠦᠭᠡᠯ᠎ᠤᠨ ᠤᠶᠤᠨ ᠰᠠᠨᠠᠭ᠋ᠠᠨ᠎ᠤ ᠥᠨᠳᠥᠷᠴᠡ᠂ ᠰᠣᠶᠣᠯ᠎ᠤᠨ ᠠᠭᠤᠯᠤᠭᠳᠠᠬᠤᠨ᠂ ᠤᠷᠠᠯᠢᠭ᠎ᠤᠨ ᠦᠨ᠎ᠡ ᠦᠷᠳᠡᠭ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠦᠷ᠎ᠡ ᠪᠦᠲᠦᠭᠡᠯ᠎ᠢ ᠺᠢᠨᠣ᠋ ᠲᠧᠯᠸᠢᠰ᠂ ᠰᠢ ᠵᠦᠴᠦᠭᠡ ᠪᠣᠯᠣᠨ ᠰᠦᠯᠵᠢᠶᠡᠨ᠎ᠤ ᠳᠠᠭᠤᠨ ᠳᠠᠪᠲᠠᠮᠵᠢ ᠸᠢᠳᠢᠤ᠋ ᠵᠡᠷᠭᠡ ᠤᠳᠬ᠎ᠠ ᠤᠷᠠᠯᠢᠭ᠎ᠤᠨ ᠬᠡᠯᠪᠡᠷᠢ ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠤᠳᠬ᠎ᠠ ᠵᠣᠬᠢᠶᠠᠯ᠎ᠤᠨ 《ᠴᠠᠷᠠᠭ᠎ᠠ ᠬᠦᠷᠢᠶᠡᠨ》᠎ᠠᠴᠠ᠎ᠪᠠᠨ ᠭᠠᠳᠠᠨ᠎ᠠ ᠤᠯᠠᠮᠵᠢᠯᠠᠭᠳᠠᠬᠤ᠂  ᠠᠵᠢᠯ ᠲᠥᠷᠥᠯ ᠠᠯᠤᠰᠯᠠᠨ ᠵᠣᠬᠢᠶᠠᠨ ᠪᠦᠲᠦᠭᠡᠭᠳᠡᠬᠦ᠂ ᠤᠯᠠᠨ ᠬᠡᠮᠵᠢᠯᠳᠦ ᠬᠦᠭᠵᠢᠯᠳᠡ ᠵᠢ ᠪᠡᠶᠡᠯᠡᠭᠦᠯᠬᠦ ᠬᠡᠷᠡᠭᠲᠡᠢ ᠭᠡᠵᠦ ᠲᠤᠳᠤᠷᠬᠠᠢ᠌ᠯᠠᠪᠠ᠃
      《ᠬᠡᠷᠡᠭᠵᠢᠭᠦᠯᠬᠦ ᠰᠠᠨᠠᠯ》᠎ᠤᠨ ᠲᠠᠢ᠌ᠯᠪᠤᠷᠢᠯᠠᠭᠴᠢ ᠵᠢᠴᠢ ᠠᠰᠠᠭᠤᠨ ᠯᠠᠪᠯᠠᠬᠤ ᠤᠲᠠᠰᠤ᠄ 
      《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠤᠳᠬ᠎ᠠ ᠵᠣᠬᠢᠶᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠳᠤ ᠣᠢ᠌ᠯᠠᠭ᠋ᠠᠬᠤ ᠦᠭᠡᠢ ᠵᠦᠢ᠍ᠯ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠰᠣᠶᠣᠯ ᠤᠬᠠᠭᠤᠯᠭ᠎ᠠ ᠵᠢᠨ ᠭᠠᠵᠠᠷ᠎ᠠᠴᠠ ᠪᠣᠳᠠᠲᠠᠢ ᠠᠰᠠᠭᠤᠨ ᠯᠠᠪᠯᠠᠵᠤ ᠪᠣᠯᠣᠨ᠎ᠠ᠂ ᠠᠰᠠᠭᠤᠨ ᠯᠠᠪᠯᠠᠬᠤ ᠤᠲᠠᠰᠤ᠄ 0471— 6610283᠃ ᠲᠠᠢ᠌ᠯᠪᠤᠷᠢᠯᠠᠭᠴᠢ᠄ ᠪᠠᠢ ᠯᠢᠩ ᠳ᠋ᠢ᠃



        ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
        ᠳᠡᠳ᠋ ᠶᠡᠷᠦᠩᠬᠡᠢ ᠬᠢᠨᠠᠨ ᠣᠷᠴᠢᠭᠤᠯᠤᠭᠴᠢ᠄ ᠬᠣᠣᠰᠪᠠᠶᠠᠷ
        ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ


ᠢᠷᠡᠯᠲᠡ᠄ ᠰᠤᠶᠤᠯ ᠤᠬᠠᠭᠤᠯᠭ᠎ᠠ ᠵᠢᠨ ᠭᠠᠵᠠᠷ