ᠣᠶ᠋ᠢᠷᠠᠳᠤ᠂ ᠳᠤᠮᠳᠠᠳᠤ ᠤᠯᠤᠰᠤᠨ ᠡᠪ ᠬᠠᠮᠲᠤ ᠨᠠᠮᠤᠨ ᠲᠥᠪ ᠬᠤᠷᠢᠶᠠᠨᠤ ᠠᠯᠪᠠᠨ ᠲᠢᠩᠬᠢᠮ 《ᠪᠥᠬᠦ ᠨᠠᠮᠤᠨ ᠬᠡᠪᠴᠢᠶᠡᠨᠳᠤ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ》ᠢ ᠳᠠᠷᠤᠮᠠᠯᠯᠠᠨ ᠲᠠᠷᠬᠠᠭ᠋ᠠᠳ᠂ ᠵᠠᠰᠠᠪᠤᠷᠢ ᠣᠷᠣᠭᠤᠯᠤᠭᠰᠠᠨᠤ ᠳᠠᠷᠠᠭ᠋ᠠᠬᠢ 《ᠳᠤᠮᠳᠠᠳᠤ ᠤᠯᠤᠰᠤᠨ ᠡᠪ ᠬᠠᠮᠲᠤ ᠨᠠᠮᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠨᠠᠮᠤᠨ ᠲᠥᠪ ᠬᠤᠷᠢᠶᠠᠪᠠᠷ ᠵᠥᠪᠰᠢᠶᠡᠷᠡᠭᠦᠯᠦᠭᠡᠳ᠂ 2024 ᠣᠨᠤ 4 ᠳ᠋ᠦ᠍ᠭᠡᠷ ᠰᠠᠷᠠᠠᠴᠠ 7 ᠳ᠋ᠤᠭ᠋ᠠᠷ ᠰᠠᠷ᠎ᠠ ᠪᠣᠯᠲᠠᠯ᠎ᠠ᠂ ᠪᠥᠬᠦ ᠨᠠᠮᠤᠨ ᠬᠡᠪᠴᠢᠶᠡᠨᠳᠤ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ᠭᠡᠵᠦ ᠵᠢᠭ᠋ᠠᠨ ᠭᠠᠷᠭ᠋ᠠᠪᠠ᠃ ᠲᠤᠰ ᠤᠳᠠᠭ᠋ᠠᠨᠤ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯ ᠨᠠᠮᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠦᠬᠦ ᠲᠠᠯᠠᠪᠠᠷ ᠨᠠᠮᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠦᠨ ᠬᠥᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃
《ᠰᠠᠬᠢᠯᠭ᠎ᠠ ᠪᠠᠲᠤᠴᠢ ᠴᠢᠨᠠᠷᠢ ᠴᠢᠩᠭ᠋ᠠᠳᠬᠠᠪᠠᠯ ᠬᠤᠪᠢᠰᠬᠠᠯ ᠢᠯᠠᠭᠳᠠᠬᠤ ᠭᠡᠵᠦ ᠪᠠᠶ᠋ᠢᠬᠤ ᠦᠭᠡᠢ ᠶᠤᠮ᠃》 ᠰᠠᠬᠢᠯᠭ᠎ᠠ ᠪᠠᠲᠤ ᠴᠢᠩᠭ᠎ᠠ ᠪᠠᠶ᠋ᠢᠬᠤ ᠪᠣᠯ ᠨᠠᠮᠤᠨ ᠢᠷᠠᠭᠤ ᠠᠯᠳᠠᠷᠲᠤ ᠤᠯᠠᠮᠵᠢᠯᠠᠯ ᠮᠥᠷᠲᠡᠭᠡᠨ ᠥᠪᠡᠷᠮᠢᠴᠡ ᠳᠠᠪᠠᠭᠤᠯᠢᠭ ᠮᠥᠨ᠃ ᠪᠢᠳᠡ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠯᠲᠠᠪᠠᠷ ᠳᠤᠮᠳᠠᠳᠤ ᠵᠢᠨ ᠦᠨᠳᠦᠰᠦᠲᠡᠨᠤ ᠠᠭᠤᠤ ᠶᠡᠭᠡ ᠰᠡᠷᠭᠦᠨ ᠮᠠᠨᠳᠤᠯᠲᠠ ᠵᠢ ᠪᠦᠬᠦ ᠲᠠᠯᠠᠪᠠᠷ ᠠᠬᠢᠭᠤᠯᠬᠤ ᠡᠷᠬᠢᠮ ᠳᠡᠭᠡᠳᠦ ᠡᠭᠦᠷᠭᠡ ᠵᠢ ᠡᠭᠦᠷᠭᠡᠯᠡᠵᠦ ᠪᠠᠶ᠋ᠢᠬᠤ ᠪᠥᠭᠡᠳ ᠤᠷᠤᠭᠰᠢᠯᠠᠯᠲᠠ ᠵᠢᠨ ᠵᠠᠮᠳᠤ ᠬᠦᠨᠳᠦ ᠶᠡᠭᠡ ᠥᠷᠢᠰᠦᠯᠳᠦᠭᠡᠨᠨᠦᠭᠦᠳ ᠲᠤᠯᠭ᠋ᠠᠷᠠᠭᠰᠠᠭ᠋ᠠᠷ ᠪᠤᠢ᠃ ᠨᠠᠮᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠨᠡᠩ ᠪᠤᠳᠤᠯᠢᠶᠠᠨᠲᠠᠢ ᠪᠣᠯᠬᠤ ᠲᠤᠳᠤᠮ ᠡᠭᠦᠷᠭᠡᠯᠡᠵᠦ ᠪᠠᠶ᠋ᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠣᠨ᠎ᠠ᠂ ᠡᠭᠦᠷᠭᠡᠯᠡᠵᠦ ᠪᠠᠶ᠋ᠢᠭ᠎ᠠ ᠡᠭᠦᠷᠭᠡ ᠨᠡᠩ ᠬᠦᠨᠳᠦ ᠬᠡᠴᠡᠭᠦᠦ ᠪᠣᠯᠬᠤ ᠲᠤᠲᠤᠮ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠨᠡᠩ ᠴᠢᠩᠭ᠋ᠠᠳᠬᠠᠨ᠂ ᠨᠠᠮᠤᠨ ᠪᠦᠯᠬᠦᠮᠳᠡᠯᠢ ᠨᠡᠩ ᠬᠠᠮᠠᠭ᠋ᠠᠯᠠᠵᠤ᠂ ᠪᠦᠬᠦ ᠨᠠᠮ ᠵᠶ᠋ᠠᠷ ᠵᠶ᠋ᠠᠨ ᠠᠯᠬᠤᠮ ᠨᠢᠭᠡᠲᠡᠢ ᠤᠷᠤᠭᠰᠢᠯᠠᠬᠤ ᠵᠢ ᠯᠠᠪᠲᠠᠶ᠋ᠢᠶᠠ ᠪᠠᠲᠤᠯᠠᠬᠤ ᠬᠡᠷᠡᠭᠲᠡᠢ᠃ ᠨᠠᠮᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠴᠢᠨᠠᠷ ᠪᠠ ᠨᠠᠮᠤᠨ ᠰᠠᠬᠢᠯᠭ᠎ᠠ ᠪᠠᠲᠤ ᠵᠢ ᠤᠮᠳᠤᠭ᠋ᠠᠶ᠋ᠢᠯᠠᠭᠰᠠᠨ᠂ ᠵᠥᠷᠢᠴᠡᠭᠰᠡᠨ ᠠᠰᠠᠭᠤᠳᠠᠯᠤᠨ ᠬᠤᠣᠷ ᠨᠥᠯᠥᠭᠡᠲᠦ ᠴᠢᠨᠠᠷᠤᠨ ᠲᠤᠬᠠᠢ ᠲᠠᠨᠢᠯᠲᠠᠪᠠᠨ ᠴᠢᠨᠠᠭᠰᠢᠳᠠ ᠤᠯᠠᠮ ᠭᠦᠨᠵᠡᠭᠡᠶ᠋ᠢᠷᠡᠭᠦᠯᠵᠦ᠂ ᠡᠯ᠎ᠡ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠬᠢᠭᠡᠳ ᠤᠳᠤᠷᠢᠳᠬᠤ ᠪᠠᠭᠤᠨ ᠨᠠᠮᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠎ᠠ ᠠᠳᠬᠤᠬᠤ ᠵᠢ ᠠᠬᠢᠭᠤᠯᠤᠨ᠂ ᠥᠷᠭᠡᠨ ᠤᠯᠠᠨ ᠨᠠᠮᠤᠨ ᠭᠡᠰᠢᠭᠦᠳ᠂ ᠺᠠᠳ᠋ᠷᠴᠤᠳᠤᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ ᠵᠢᠨᠢ ᠠᠬᠢᠭᠤᠯᠵᠤ᠂ ᠲᠥᠪ ᠴᠢᠩᠭ᠎ᠠ ᠰᠠᠬᠢᠯᠭ᠎ᠠ ᠪᠠᠲᠤᠪᠠᠷ ᠪᠦᠬᠦ ᠨᠠᠮᠤᠨ ᠡᠷᠡᠰ ᠲᠠᠰᠤᠷᠬᠠᠢ ᠤᠬᠠᠮᠰᠠᠷᠠᠴᠠᠪᠠᠨ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮᠤᠨ ᠲᠥᠪ ᠬᠤᠷᠢᠶᠠᠲᠠᠢ ᠳᠡᠭᠡᠳᠦ ᠬᠡᠮᠵᠢᠶ᠎ᠡᠪᠠᠷ ᠨᠢᠭᠡᠳᠦᠯᠲᠡᠢ ᠪᠠᠶ᠋ᠢᠬᠤ ᠵᠢ ᠪᠠᠷᠢᠮᠲᠠᠯᠠᠨ᠂ ᠦᠵᠡᠯ ᠰᠠᠨᠠᠭᠠᠪᠠᠨ ᠨᠢᠭᠡᠳᠬᠡᠵᠦ᠂ ᠦᠢ᠍ᠯᠡ ᠠᠵᠢᠯᠯᠠᠭ᠎ᠠᠪᠠᠨ ᠨᠢᠭᠡᠳᠬᠡᠵᠦ᠂ ᠬᠢᠬᠦ ᠵᠣᠭᠰᠣᠬᠤᠪᠠᠨ ᠮᠡᠳᠡᠨ᠂ ᠵᠠᠷᠯᠢᠭ ᠴᠠᠭ᠋ᠠᠵᠠ ᠵᠢ ᠳᠠᠭ᠋ᠠᠵᠤ᠂ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠯᠲᠠ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠨᠡᠶ᠋ᠢᠯᠡᠮᠡᠯ ᠬᠦᠴᠦᠨᠢ ᠪᠦᠷᠢᠯᠳᠦᠭᠦᠯᠬᠦ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠄ 《ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠮᠤᠨ ᠭᠡᠰᠢᠭᠦᠳ ᠺᠠᠳ᠋ᠷᠴᠤᠳᠤᠨ ᠰᠠᠬᠢᠯᠭ᠎ᠠ ᠪᠠᠲᠤ ᠵᠢ ᠰᠤᠷᠴᠤ᠂ ᠮᠡᠳᠡᠵᠦ᠂ ᠣᠶ᠋ᠢᠯᠠᠭ᠋ᠠᠵᠤ᠂ ᠰᠠᠬᠢᠬᠤ ᠵᠢᠨᠢ ᠳᠠᠭ᠋ᠠᠭᠤᠯᠤᠨ ᠵᠢᠯᠤᠭᠤᠳᠴᠤ᠂ ᠤᠳᠤᠷᠢᠳᠬᠤ ᠺᠠᠳ᠋ᠷᠴᠤᠳᠤᠨ ᠵᠥᠪ ᠡᠷᠬᠡ ᠵᠢᠨ ᠦᠵᠡᠯᠲᠡ ᠵᠢ ᠪᠣᠶ ᠪᠣᠯᠭ᠋ᠠᠬᠤ᠂ ᠡᠷᠬᠡᠪᠠᠨ ᠲᠥᠪ ᠭᠤᠥᠯᠴᠢᠪᠠᠷ ᠬᠡᠷᠡᠭᠯᠡᠬᠦ᠂ ᠡᠷᠬᠡᠪᠠᠨ ᠬᠠᠤᠯᠢ ᠶᠣᠰᠣᠭ᠋ᠠᠷ ᠬᠡᠷᠡᠭᠯᠡᠬᠦ᠂ ᠠᠷᠠᠳᠤᠨ ᠲᠥᠯᠥᠭᠡ ᠡᠷᠬᠡᠪᠠᠨ ᠬᠡᠷᠡᠭᠯᠡᠬᠦ᠂ ᠠᠷᠢᠭᠤᠨ ᠴᠢᠬᠡᠴᠢᠪᠠᠷ ᠡᠷᠬᠡᠪᠠᠨ ᠬᠡᠷᠡᠭᠯᠡᠬᠦ ᠵᠢ ᠰᠢᠮᠳᠠᠭᠤᠯᠬᠤ ᠬᠡᠷᠡᠭᠲᠡᠢ》 ᠭᠡᠵᠦ ᠴᠢᠬᠤᠯᠠᠴᠢᠯᠠᠵᠠᠢ᠃ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠢ ᠰᠠᠶ᠋ᠢᠲᠤᠷ ᠥᠷᠨᠢᠭᠦᠯᠬᠦᠳᠤ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠵᠠᠷᠢᠮ ᠨᠠᠮᠤᠨ ᠭᠡᠰᠢᠭᠦᠨ᠂ ᠺᠠᠳ᠋ᠷᠤᠨ ᠨᠠᠮᠤᠨ ᠲᠣᠭᠲᠠᠭ᠋ᠠᠯ ᠨᠠᠮᠤᠨ ᠰᠠᠬᠢᠯᠭ᠎ᠠ ᠪᠠᠲᠤᠳᠤ ᠰᠠᠨᠠᠭ᠎ᠠ ᠲᠠᠯᠪᠢᠬᠤ ᠦᠭᠡᠢ᠂ ᠣᠶ᠋ᠢᠯᠠᠭ᠋ᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯᠤᠳᠢ ᠰᠢᠢ᠍ᠳᠪᠦᠷᠢᠯᠡᠬᠦᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠠᠮᠤᠨ ᠭᠡᠰᠢᠭᠦᠳ ᠢᠯᠠᠩᠭᠤᠶ᠎ᠠ ᠨᠠᠮᠤᠨ ᠤᠳᠤᠷᠢᠳᠬᠤ ᠺᠠᠳ᠋ᠷᠴᠤᠳᠢ ᠵᠣᠬᠢᠶᠠᠨ ᠪᠠᠶ᠋ᠢᠭᠤᠯᠤᠨ 《ᠳᠦᠷᠢᠮ》ᠢ ᠨᠠᠷᠢᠨ ᠬᠢᠨᠠᠮᠠᠭ᠋ᠠᠢ ᠰᠤᠷᠤᠯᠴᠠᠭᠤᠯᠵᠤ᠂ ᠰᠠᠬᠢᠯᠭ᠎ᠠ ᠪᠠᠲᠤ ᠵᠢ ᠰᠤᠷᠴᠤ᠂ ᠮᠡᠳᠡᠵᠦ᠂ ᠣᠶ᠋ᠢᠯᠠᠭ᠋ᠠᠵᠤ᠂ ᠰᠠᠬᠢᠬᠤ ᠵᠢ ᠪᠡᠶᠡᠯᠡᠭᠦᠯᠵᠦ᠂ ᠨᠠᠮᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠣᠯᠬᠤ ᠵᠢ ᠲᠣᠳᠣᠷᠬᠠᠢ ᠣᠶ᠋ᠢᠯᠠᠭ᠋ᠠᠵᠤ᠂ ᠶᠠᠭᠤ ᠬᠢᠵᠦ ᠪᠣᠯᠬᠤ᠂ ᠶᠠᠭᠤ ᠬᠢᠵᠦ ᠡᠰᠡ ᠪᠣᠯᠬᠤ ᠵᠢ ᠮᠡᠳᠡᠵᠦ᠂ ᠳᠦᠷᠢᠮ ᠲᠣᠭᠲᠠᠭ᠋ᠠᠯᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯᠳᠤᠪᠠᠨ ᠬᠠᠳᠠᠩᠰᠢᠭᠤᠯᠵᠤ᠂ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠵᠶ᠋ᠠᠨ ᠪᠠᠷᠢᠮᠵᠢᠶ᠎ᠠ ᠪᠣᠯᠭ᠋ᠠᠨ᠂ ᠰᠠᠬᠢᠯᠭ᠎ᠠ ᠪᠠᠲᠤ ᠵᠢᠨ ᠤᠬᠠᠮᠰᠠᠷ᠂ ᠥᠪᠡᠷ ᠪᠡᠶ᠎ᠡ ᠵᠢᠨ ᠬᠢᠵᠠᠭ᠋ᠠᠷᠯᠠᠯ᠂ ᠳᠠᠷᠬᠠᠯᠠᠭᠠᠪᠠᠨ ᠴᠢᠨᠠᠭᠰᠢᠳᠠ ᠤᠯᠠᠮ ᠳᠡᠭᠡᠭᠰᠢᠯᠡᠭᠦᠯᠵᠦ᠂ ᠤᠯᠤᠰ ᠲᠦᠷᠦ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨᠤ ᠲᠣᠭᠲᠠᠯ ᠬᠦᠴᠦᠨ᠂ ᠢᠯᠵᠠᠷᠠᠯᠢ ᠡᠰᠡᠷᠭᠦᠴᠡᠬᠦ ᠲᠣᠭᠲᠠᠯ ᠬᠦᠴᠦᠨ ᠵᠶ᠋ᠠᠨ ᠴᠢᠩᠭ᠋ᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭᠠᠲᠠᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ᠃
ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠪᠦᠬᠦ ᠲᠠᠯᠠᠪᠠᠷ ᠨᠠᠮᠢ ᠴᠢᠩᠭ᠎ᠠ ᠵᠠᠰᠠᠬᠤ ᠵᠢᠨ ᠦᠨᠳᠦᠰᠦ ᠵᠢᠨᠢ ᠵᠠᠰᠠᠬᠤ ᠪᠣᠳᠣᠯᠭ᠎ᠠ ᠮᠥᠨ᠃ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠᠪᠠᠨ ᠨᠠᠮᠤᠨ ᠲᠥᠪ ᠬᠤᠷᠢᠶᠠᠨᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠᠲᠠᠢ ᠨᠢᠭᠡᠳᠬᠡᠨ᠂ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠢ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠡᠯ᠎ᠡ ᠱᠠᠲᠤᠨᠤ ᠨᠠᠮᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠠᠮᠤᠨ ᠭᠡᠰᠢᠭᠦᠳ ᠺᠠᠳ᠋ᠷᠴᠤᠳᠤᠨ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠤᠨ ᠡᠭᠦᠷᠭᠡ ᠵᠢ ᠴᠢᠨᠠᠷ ᠰᠠᠶ᠋ᠢᠲᠠᠢ ᠪᠡᠶᠡᠯᠡᠭᠦᠯᠬᠦ ᠵᠢ ᠠᠬᠢᠭᠤᠯᠵᠤ᠂ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠤᠨ ᠠᠷᠭ᠎ᠠ ᠬᠡᠮᠵᠢᠶ᠎ᠡ ᠨᠢᠭᠡᠪᠦᠷᠢ ᠵᠢ ᠴᠥᠮ ᠭᠤᠣᠯ ᠠᠵᠢᠯᠢ ᠠᠬᠢᠭᠤᠯᠬᠤ᠂ ᠪᠦᠬᠦ ᠲᠠᠯᠠᠪᠠᠷ ᠨᠠᠮᠢ ᠴᠢᠩᠭ᠎ᠠ ᠵᠠᠰᠠᠬᠤ ᠵᠢ ᠭᠦᠨᠵᠡᠭᠡᠶ᠋ᠢᠷᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭ᠋ᠠᠬᠤ ᠬᠡᠷᠡᠭᠲᠡᠢ᠃ ᠨᠠᠮᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯᠢ ᠥᠷᠨᠢᠭᠦᠯᠬᠦᠪᠠᠷ ᠲᠣᠬᠢᠶᠠᠯ ᠪᠣᠯᠭ᠋ᠠᠨ᠂ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠨᠡᠩ ᠲᠣᠪᠣᠶ᠋ᠢᠮᠠ ᠪᠠᠶ᠋ᠢᠷᠢᠨᠳᠤ ᠲᠠᠯᠪᠢᠵᠤ᠂ ᠰᠠᠬᠢᠯᠭ᠎ᠠ ᠪᠠᠲᠤ ᠭᠡᠬᠦ ᠡᠨᠡ ᠬᠦ᠌ ᠨᠠᠮᠢ ᠬᠠᠮᠢᠶᠠᠷᠴᠤ ᠨᠠᠮᠢ ᠵᠠᠰᠠᠬᠤ 《ᠱᠤᠭᠤᠮ》ᠢ ᠰᠠᠶ᠋ᠢᠲᠤᠷ ᠬᠡᠷᠡᠭᠯᠡᠵᠦ᠂ ᠪᠦᠬᠦ ᠨᠠᠮ ᠵᠶ᠋ᠠᠷ ᠵᠶ᠋ᠠᠨ ᠤᠬᠠᠮᠰᠠᠷᠠᠴᠠᠪᠠᠨ ᠨᠠᠮᠤᠨ ᠲᠣᠭᠲᠠᠭ᠋ᠠᠯ ᠨᠠᠮᠤᠨ ᠰᠠᠬᠢᠯᠭ᠎ᠠ ᠪᠠᠲᠤᠪᠠᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠᠪᠠᠨ ᠵᠠᠯᠠᠷᠠᠭᠤᠯᠪᠠᠯ᠂ ᠨᠠᠮᠢ ᠨᠡᠩ ᠪᠠᠲᠤ ᠴᠢᠩᠭ᠎ᠠ ᠬᠦᠴᠦᠨᠲᠠᠢ ᠪᠣᠯᠭ᠋ᠠᠨ ᠪᠠᠶ᠋ᠢᠭᠤᠯᠵᠤ ᠴᠢᠳᠠᠬᠤᠨᠢ ᠯᠠᠪᠲᠠᠢ ᠶᠤᠮ᠃