ᠭᠣᠣᠯ ᠡᠭᠦᠷᠭᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠰᠡᠳᠬᠦᠯ᠎ᠤᠨ ᠬᠣᠷᠢᠶᠠᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠡᠳᠬᠦᠯ ᠨᠠᠢ᠌ᠷᠠᠭᠤᠯᠤᠨ ᠲᠠᠷᠬᠠᠭ᠋ᠠᠬᠤ ᠵᠡᠷᠭᠡ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ; ᠨᠠᠮ᠎ᠤᠨ ᠦᠨᠳᠦᠰᠦᠲᠡᠨ᠎ᠤ ᠤᠨᠤᠯ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠠᠵᠢᠯ᠎ᠳᠤ ᠣᠷᠣᠯᠴᠠᠨ᠎ᠠ; ᠪᠦᠬᠦ ᠣᠷᠣᠨ᠎ᠤ ᠦᠨᠳᠦᠰᠦᠲᠡᠨ᠎ᠤ ᠠᠵᠢᠯ᠎ᠤᠨ ᠲᠤᠬᠠᠢ ᠰᠣᠯᠢᠯᠴᠠᠭ᠋ᠠᠨ᠎ᠤ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢᠯᠡᠰ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢᠨ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠬᠦ ᠠᠵᠢᠯ᠎ᠳᠤ ᠣᠷᠣᠯᠴᠠᠨ᠎ᠠ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠰᠢᠨ᠎ᠡ ᠤᠨᠤᠯ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠤᠬᠠᠭᠤᠯᠤᠨ ᠳᠡᠯᠭᠡᠷᠡᠭᠦᠯᠬᠦ ᠠᠵᠢᠯ᠎ᠳᠤ ᠣᠷᠤᠯᠴᠠᠨ᠎ᠠ; ᠦᠨᠳᠦᠰᠦᠲᠡᠨ᠎ᠤ ᠦᠭᠡ ᠬᠡᠯᠡ ᠥᠰᠥᠭ ᠪᠢᠴᠢᠭ ᠵᠢᠴᠢ ᠦᠨᠳᠦᠰᠦᠲᠡᠨ᠎ᠤ ᠬᠡᠯᠡ ᠪᠢᠴᠢᠭ᠎ᠤᠨ ᠣᠷᠴᠢᠭᠤᠯᠭ᠎ᠠ ᠵᠢᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠦᠷ᠎ᠡ ᠪᠦᠲᠦᠭᠡᠯ᠎ᠢ ᠲᠠᠨᠢᠯᠴᠠᠭᠤᠯᠬᠤ ᠵᠢ ᠬᠠᠷᠢᠭᠤᠴᠠᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠳᠥᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠵᠢᠨ ᠠᠵᠢᠯ᠎ᠳᠤ ᠦᠢᠯᠡᠴᠢᠯᠡᠨ᠎ᠡ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠵᠠᠰᠠᠭ᠎ᠤᠨ ᠶᠠᠪᠤᠳᠠᠯ᠎ᠤᠨ ᠰᠦᠯᠵᠢᠶ᠎ᠡ᠂ ᠸᠢᠴᠠᠲ ᠵᠢᠨ ᠣᠯᠠᠨ ᠨᠡᠢ᠌ᠲᠡ ᠵᠢᠨ ᠳ᠋ᠤᠭ᠋ᠠᠷ᠎ᠤᠨ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠭᠦᠢ᠍ᠴᠡᠳᠬᠡᠯᠭᠡᠬᠦ᠎ᠪᠠᠷ ᠲᠤᠰᠢᠶᠠᠭᠰᠠᠨ ᠪᠤᠰᠤᠳ ᠡᠭᠦᠷᠭᠡ ᠵᠢ ᠡᠭᠦᠷᠭᠡᠯᠡᠨ᠎ᠡ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄
1 . ᠶᠡᠷᠦᠩᠬᠡᠢ ᠬᠡᠯᠲᠡᠰ
2 . ᠨᠠᠢ᠌ᠷᠠᠭᠤᠯᠬᠤ ᠬᠡᠯᠲᠡᠰ
3 . ᠬᠠᠮ ᠵᠠᠭᠤᠴᠢᠯᠠᠭᠤᠷ᠎ᠤᠨ ᠬᠡᠯᠲᠡᠰ
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ
ᠬᠠᠷᠢᠯᠴᠠᠬᠤ ᠤᠲᠠᠰᠤ᠄ 0471 - 6945489
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 13᠄ 30—17᠄ 00
ᠬᠠᠷᠢᠭᠤᠴᠠᠯᠭ᠋ᠠᠲᠠᠨ᠄ ᠸᠠᠩ ᠰᠢᠤᠸᠠᠢ ᠳ᠋ᠦᠩ