ᠭᠣᠣᠯ ᠡᠭᠦᠷᠭᠡ᠄
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠢ᠌ᠭᠤᠯᠤᠯᠲᠠ᠂ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠵᠡᠷᠭᠡ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠬᠣᠯᠪᠣᠭᠳᠠᠯ ᠪᠦᠬᠦᠢ ᠤᠬᠠᠭᠤᠯᠭ᠎ᠠ ᠵᠡᠷᠭᠡ ᠠᠵᠢᠯ᠎ᠢ ᠡᠭᠦᠷᠭᠡᠯᠡᠨ᠎ᠡ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠢ᠌ᠭᠤᠯᠤᠯᠲᠠ ᠵᠢ ᠠᠬᠢᠭᠤᠯᠬᠤ᠎ᠳᠤ ᠦᠢ᠍ᠯᠡᠴᠢᠯᠡᠭᠡ ᠪᠠᠲᠤᠯᠠᠭ᠎ᠠ ᠬᠠᠩᠭ᠋ᠠᠵᠤ᠂ ᠪᠥᠬᠥ ᠣᠷᠣᠨ᠎ᠤ ᠦᠨᠳᠦᠰᠦᠲᠡᠨ᠎ᠤ ᠦᠭᠡ ᠬᠡᠯᠡᠨ᠎ᠤ ᠠᠵᠢᠯ ᠵᠢᠴᠢ ᠨᠠᠢᠮᠠᠨ ᠮᠤᠵᠢ ᠣᠷᠣᠨ᠎ᠤ ᠮᠣᠩᠭᠣᠯ ᠬᠡᠯᠡ ᠪᠢᠴᠢᠭ᠎ᠤᠨ ᠬᠠᠮᠵᠢᠯᠴᠠᠭ᠎ᠠ ᠰᠣᠯᠢᠯᠴᠠᠭ᠎ᠠ ᠪᠠ ᠪᠣᠯᠪᠠᠰᠤᠷᠠᠯ ᠬᠥᠮᠦᠵᠢᠯ᠎ᠳᠤ ᠦᠢᠯᠡᠴᠢᠯᠡᠭᠡ ᠬᠠᠩᠭ᠋ᠠᠨ᠎ᠠ; ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠨᠡᠢ᠌ᠭᠡᠮ᠎ᠤᠨ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ; ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠳᠤ ᠦᠢ᠍ᠯᠡᠴᠢᠯᠡᠭᠡ ᠪᠠᠲᠤᠯᠠᠭ᠎ᠠ ᠬᠠᠩᠭ᠋ᠠᠵᠤ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠨ᠎ᠠ; ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠳᠥᠷᠢᠮᠵᠢᠭᠦᠯᠬᠦ᠂ ᠪᠠᠷᠢᠮᠵᠢᠶᠠᠵᠢᠭᠤᠯᠬᠤ ᠵᠡᠷᠭᠡ ᠰᠤᠳᠤᠯᠭ᠋ᠠᠨ ᠪᠣᠯᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯ᠎ᠢ ᠥᠷᠨᠢᠭᠦᠯᠦᠨ᠎ᠡ; ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠡᠬᠢ ᠪᠠᠶᠠᠯᠢᠭ᠎ᠢ ᠴᠤᠭᠯᠠᠭᠤᠯᠬᠤ᠂ ᠪᠣᠯᠪᠠᠰᠤᠷᠠᠭᠤᠯᠬᠤ ᠪᠠ ᠬᠡᠷᠡᠭᠯᠡᠵᠦ ᠤᠬᠠᠭᠤᠯᠤᠨ ᠳᠡᠯᠭᠡᠷᠡᠭᠦᠯᠬᠦ ᠵᠡᠷᠭᠡ ᠠᠵᠢᠯ᠎ᠢ ᠡᠭᠦᠷᠭᠡᠯᠡᠨ᠎ᠡ; ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠬᠢᠴᠢᠯᠠᠯᠲᠠ ᠵᠢᠨ ᠺᠣᠳ᠋ᠯᠠᠯ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠵᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ᠎ᠢ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠪᠠᠢ᠌ᠭᠤᠯᠭ᠎ᠠ᠎ᠳᠤ ᠶᠡᠷᠦᠩᠬᠡᠢ ᠪᠠᠲᠤᠯᠠᠭ᠎ᠠ ᠵᠢᠨ ᠠᠵᠢᠯ᠎ᠢ ᠬᠠᠩᠭ᠋ᠠᠨ᠎ᠠ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄
1 . ᠠᠯᠪᠠᠨ ᠬᠡᠷ
2 . ᠤᠬᠠᠭᠤᠯᠤᠨ ᠳᠡᠯᠭᠡᠷᠡᠭᠦᠯᠬᠦ ᠰᠠᠯᠠᠭ᠎ᠠ
3 . ᠶᠡᠷᠦᠩᠬᠡᠢ ᠪᠠᠲᠤᠯᠠᠭ᠎ᠠ ᠵᠢᠨ ᠰᠠᠯᠠᠭ᠎ᠠ
4 . ᠰᠤᠳᠤᠯᠤᠯ ᠬᠡᠷᠡᠭᠯᠡᠭᠡᠨ᠎ᠤ ᠰᠠᠯᠠᠭ᠎ᠠ
5 . ᠮᠡᠳᠡᠭᠡ ᠵᠠᠩᠭᠢ ᠵᠢᠨ ᠮᠡᠷᠭᠡᠵᠢᠯ᠎ᠤᠨ ᠰᠠᠯᠠᠭ᠎ᠠ
6 . ᠡᠬᠢ ᠪᠠᠶᠠᠯᠢᠭ᠎ᠤᠨ ᠪᠠᠢ᠌ᠭᠤᠯᠤᠯᠲᠠ ᠵᠢᠨ ᠬᠠᠮᠲᠤ᠎ᠪᠠᠷ ᠡᠳ᠋ᠯᠡᠬᠦ ᠰᠠᠯᠠᠭ᠎ᠠ
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠶᠢᠩ ᠪᠢᠨ ᠬᠣᠢ᠌ᠲᠤ ᠵᠠᠮ᠎ᠤᠨ 8 ᠳ᠋ᠤᠭ᠋ᠠᠷ ᠨᠣᠮᠧᠷ
ᠬᠠᠷᠢᠯᠴᠠᠬᠤ ᠤᠲᠠᠰᠤ᠄ 0471 - 4395121
ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 13᠄ 30—17᠄ 00
ᠬᠠᠷᠢᠭᠤᠴᠠᠯᠭ᠋ᠠᠲᠠᠨ᠄ ᠠᠯᠲᠠᠨᠪᠠᠭ᠋ᠠᠨᠠ