ᠢᠯᠡ ᠵᠠᠰᠠᠭ   -   ᠪᠠᠶ᠋ᠢᠭᠤᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ
ᠨᠡᠶ᠋ᠢᠲᠡᠯᠡᠭᠰᠡᠨ ᠴᠠᠭ᠄ 2025-03-20

      ᠭᠣᠣᠯ ᠡᠭᠦᠷᠭᠡ᠄

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠴᠤᠭᠯᠠᠭᠤᠯᠵᠤ ᠰᠤᠳᠤᠯᠬᠤ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠦᠢ᠍ᠯᠡᠰ᠎ᠤᠨ ᠬᠥᠭᠵᠢᠯᠲᠡ ᠵᠢᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ; ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠰᠤᠳᠤᠯᠬᠤ ᠠᠵᠢᠯ᠎ᠢ ᠥᠷᠨᠢᠭᠦᠯᠦᠨ᠎ᠡ; ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠤᠨ ᠦᠢᠯᠡᠰ᠎ᠤᠨ ᠬᠥᠭᠵᠢᠯᠲᠡ ᠵᠢᠨ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠬᠤ ᠵᠢ ᠬᠠᠷᠢᠭᠤᠴᠠᠨ᠎ᠠ; ᠪᠦᠬᠦ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠠᠪᠤᠷᠠᠨ ᠬᠠᠮᠠᠭ᠋ᠠᠯᠠᠬᠤ᠂ ᠴᠤᠭᠯᠠᠭᠤᠯᠤᠨ ᠡᠮᠬᠢᠳᠬᠡᠬᠦ᠂ ᠣᠷᠴᠢᠭᠤᠯᠤᠨ ᠰᠤᠳᠤᠯᠬᠤ᠂ ᠬᠡᠪᠯᠡᠭᠦᠯᠦᠨ ᠠᠰᠢᠭᠯᠠᠬᠤ᠂ ᠤᠬᠠᠭᠤᠯᠤᠨ ᠳᠡᠯᠭᠡᠷᠡᠭᠦᠯᠬᠦ ᠪᠠ ᠰᠣᠯᠢᠯᠴᠠᠨ ᠬᠠᠮᠵᠢᠯᠴᠠᠬᠤ ᠠᠵᠢᠯ᠎ᠢ ᠡᠭᠦᠷᠭᠡᠯᠡᠬᠦ ᠵᠢᠨ ᠬᠠᠮᠲᠤ ᠵᠣᠬᠢᠶᠠᠨ ᠪᠠᠢ᠌ᠭᠤᠯᠤᠨ ᠵᠣᠬᠢᠴᠠᠭᠤᠯᠵᠤ ᠬᠠᠷᠢᠯᠴᠠᠨ᠎ᠠ; ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠎ᠢ ᠳ᠋ᠢᠭᠢᠲᠴᠢᠯᠡᠨ ᠬᠠᠮᠠᠭ᠋ᠠᠯᠠᠬᠤ ᠵᠢᠴᠢ ᠮᠠᠲ᠋ᠧᠷᠢᠶᠠᠯ ᠮᠡᠳᠡᠭᠡ ᠵᠠᠩᠭᠢ ᠵᠢᠨ ᠦᠢᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠨ᠎ᠡ; ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠪᠠ ᠴᠢᠳᠠᠪᠤᠷᠢᠲᠠᠨ ᠬᠥᠮᠦᠵᠢᠭᠦᠯᠬᠦ ᠠᠵᠢᠯ᠎ᠢ ᠡᠭᠦᠷᠭᠡᠯᠡᠨ᠎ᠡ; ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠢ᠌ᠷᠢᠯᠠᠭᠤᠯᠤᠭᠰᠠᠨ ᠨᠠᠢᠮᠠᠨ ᠮᠤᠵᠢ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ᠂ 《ᠭᠡᠰᠡᠷ》᠂ 《ᠵᠠᠩᠭ᠋ᠠᠷ》᠎ᠤᠨ ᠭᠣᠤᠯᠳᠠᠯᠭ᠎ᠠ᠎ᠲᠠᠢ ᠲᠥᠷᠥᠯ ᠵᠦᠢᠯ ᠪᠠ ᠴᠢᠬᠤᠯᠠ ᠶᠡᠬᠡ ᠰᠡᠳᠦᠪ᠎ᠢ ᠬᠡᠷᠡᠭᠵᠢᠭᠦᠯᠬᠦ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃ 
       ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ 
      1. ᠠᠯᠪᠠᠨ ᠬᠡᠷ 
      2. ᠲᠤᠬᠠᠢ᠌ᠯᠠᠭᠰᠠᠨ ᠠᠵᠢᠯ᠎ᠤᠨ ᠨᠢᠭᠡᠳᠦᠭᠡᠷ ᠰᠠᠯᠠᠭ᠎ᠠ 
      3. ᠲᠤᠬᠠᠢ᠌ᠯᠠᠭᠰᠠᠨ ᠠᠵᠢᠯ᠎ᠤᠨ ᠬᠣᠶᠠᠳᠤᠭ᠋ᠠᠷ ᠰᠠᠯᠠᠭ᠎ᠠ  
      4. ᠲᠤᠬᠠᠢ᠌ᠯᠠᠭᠰᠠᠨ ᠠᠵᠢᠯ᠎ᠤᠨ ᠭᠤᠷᠪᠠᠳᠤᠭ᠋ᠠᠷ ᠰᠠᠯᠠᠭ᠎ᠠ  
       ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ 
       ᠬᠠᠷᠢᠯᠴᠠᠬᠤ ᠤᠲᠠᠰᠤ᠄ 0471 - 6946076 
       ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00—12᠄ 00᠂ ᠦᠳᠡ ᠵᠢᠨ ᠬᠣᠢ᠌ᠨ᠎ᠠ 13᠄ 30—17᠄ 00 
       ᠬᠠᠷᠢᠭᠤᠴᠠᠯᠭ᠋ᠠᠲᠠᠨ᠄ ᠼᠤᠤ ᠵᠢᠶᠧ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ