2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢᠴᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ 《ᠬᠣᠶᠠᠷ ᠶᠡᠬᠡ ᠶᠠᠪᠤᠳᠠᠯ》᠎ᠢ ᠴᠢᠨᠠᠷ ᠰᠠᠢ᠌ᠲᠠᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃
ᠨᠢᠭᠡ᠂ ᠦᠵᠡᠯ ᠰᠠᠨᠠᠭ᠎ᠠ ᠤᠯᠤᠰ ᠲᠦᠷᠦ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠣᠶᠤᠨ ᠤᠬᠠᠭ᠋ᠠᠨ ᠵᠶ᠋ᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠵᠢ ᠪᠠᠷᠢᠮᠲᠠᠯᠠᠪᠠ᠃
(ᠨᠢᠭᠡ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠦᠮᠦᠵᠢᠯ᠎ᠢ ᠯᠠᠪᠳᠠᠭᠤᠨ ᠪᠠᠳᠤᠳᠠᠢ ᠥᠷᠨᠢᠭᠦᠯᠪᠡ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ 22 ᠤᠳᠠᠭ᠎ᠠ ᠬᠠᠮᠳᠤ ᠵᠢᠨ ᠰᠤᠷᠤᠯᠴᠠᠯᠭ᠎ᠠ ᠦᠷᠨᠢᠬᠦᠯᠵᠦ᠂ 11 ᠤᠳᠠᠭ᠎ᠠ ᠰᠠᠨᠠᠯ ᠵᠶ᠋ᠠᠨ ᠰᠣᠯᠢᠯᠴᠠᠨ ᠰᠤᠳᠤᠯᠤᠨ ᠶᠠᠷᠢᠯᠴᠠᠵᠤ᠂ ᠤᠳᠤᠷᠢᠳᠬᠤ ᠪᠠᠭ᠎ᠤᠨ ᠪᠦᠷᠢᠯᠳᠦᠬᠦᠨ 5 ᠤᠳᠠᠭ᠎ᠠ ᠨᠠᠮ᠎ᠤᠨ ᠬᠢᠴᠢᠶᠡᠯ ᠣᠷᠣᠪᠠ; ᠨᠣᠮ ᠤᠩᠰᠢᠬᠤ ᠠᠩᠭᠢ ᠪᠠ ᠪᠣᠯᠪᠠᠰᠤᠷᠠᠯ᠎ᠢ 4 ᠬᠤᠭᠤᠴᠠᠭ᠎ᠠ ᠡᠷᠬᠢᠯᠡᠵᠦ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠥᠪᠯᠡᠷᠡᠩᠭᠦᠢ ᠰᠤᠷᠤᠯᠴᠠᠯᠭ᠎ᠠ ᠵᠢ 106 ᠤᠳᠠᠭ᠎ᠠ ᠬᠤᠷᠠᠯᠳᠤᠭᠤᠯᠵᠤ᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ 37 ᠤᠳᠠᠭ᠎ᠠ ᠥᠷᠨᠢᠭᠦᠯᠪᠡ᠃ ᠤᠳᠤᠷᠢᠳᠬᠤ ᠪᠠᠭ᠎ᠤᠨ ᠪᠦᠷᠢᠯᠳᠦᠬᠦᠨ ᠭᠣᠣᠯᠳᠠᠯᠭ᠎ᠠ᠎ᠲᠠᠢ 4 ᠪᠠᠢ᠌ᠴᠠᠭ᠋ᠠᠨ ᠰᠤᠳᠤᠯᠬᠤ ᠰᠡᠳᠦᠪ᠎ᠤᠨ ᠳᠤᠭᠤᠷᠢᠨ᠎ᠳᠤ ᠦᠨᠳᠦᠰᠦᠨ ᠱᠠᠲᠤᠨ᠎ᠳᠤ 9 ᠤᠳᠠᠭ᠎ᠠ ᠭᠦᠨᠵᠡᠭᠡᠢ᠌ᠷᠡᠵᠦ᠂ 208 ᠺᠠᠳ᠋ᠷ᠎ᠲᠠᠢ ᠰᠤᠷᠪᠤᠯᠵᠢᠯᠠᠨ ᠶᠠᠷᠢᠯᠴᠠᠵᠤ᠂ 14 ᠠᠰᠠᠭᠤᠳᠠᠯ᠎ᠢ ᠢᠯᠡᠷᠡᠭᠦᠯᠦᠨ ᠰᠢᠢ᠍ᠳᠪᠦᠷᠢᠯᠡᠵᠦ᠂ 17 ᠵᠦᠢ᠍ᠯ᠎ᠤᠨ ᠪᠣᠳᠠᠲᠠᠢ ᠰᠠᠨᠠᠭᠤᠯᠭ᠎ᠠ ᠳᠤᠷᠠᠳᠪᠠ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠲᠤᠬᠠᠶ ᠲᠣᠭᠲᠠᠭ᠋ᠠᠯ᠎ᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠪᠠ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠳᠠᠯ᠎ᠠ᠎ᠪᠠᠷ ᠪᠠᠢ᠌ᠭᠤᠯᠬᠤ ᠶᠠᠷᠢᠶᠠᠨ᠎ᠤ ᠲᠠᠪᠴᠠᠩ ᠪᠠ ᠪᠦᠬᠦ ᠣᠷᠣᠨ᠎ᠤ ᠦᠨᠳᠦᠰᠦᠲᠡᠨ᠎ᠤ ᠵᠥᠪᠯᠡᠯ᠎ᠤᠨ ᠡᠷᠬᠢᠯᠡᠭᠴᠢᠳ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ 7 ᠲᠠᠯ᠎ᠠ᠎ᠠᠴᠠ 16 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠴᠤ᠂ ᠨᠠᠢ᠌ᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢ ᠰᠢᠯᠭ᠋ᠠᠨ ᠦᠨᠡᠯᠡᠬᠦ ᠠᠷᠭ᠎ᠠ ᠪᠠ ᠰᠢᠯᠭ᠋ᠠᠨ ᠦᠨᠡᠯᠡᠬᠦ ᠭᠦᠢ᠍ᠴᠡᠳᠬᠡᠯ ᠲᠣᠭ᠎ᠠ ᠵᠢ ᠳᠡᠭᠦᠯᠳᠡᠷᠵᠢᠭᠦᠯᠪᠡ᠃
(ᠭᠤᠷᠪᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ᠃ ᠡᠯ᠎ᠡ ᠠᠢ᠌ᠮᠠᠭ ᠬᠤᠳᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ ᠪᠠᠢ᠌ᠭᠤᠯᠬᠤ ᠵᠢ ᠵᠣᠬᠢᠶᠠᠨ ᠪᠠᠢ᠌ᠭᠤᠯᠤᠨ ᠵᠢᠯᠣᠭᠣᠳᠴᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠡᠷᠡ ᠭᠠᠵᠠᠷ ᠲᠡᠷᠡ ᠬᠠᠪᠢ᠎ᠳᠤᠨᠢ ᠤᠬᠠᠭᠤᠯᠤᠨ ᠲᠠᠢ᠌ᠯᠪᠤᠷᠢᠯᠠᠵᠤ᠂ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠵᠢ ᠤᠬᠠᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠥᠪᠥᠷ ᠮᠣᠩᠭᠣᠯ᠎ᠤᠨ ᠦᠯᠢᠬᠡᠷ᠎ᠢ ᠰᠠᠢ᠌ᠲᠤᠷ ᠶᠠᠷᠢᠪᠠ᠃ ᠬᠣᠶᠠᠳᠤᠭ᠋ᠠᠷ ᠪᠦᠯᠦᠭ᠎ᠤᠨ ᠭᠣᠤᠯ ᠰᠡᠳᠦᠪᠲᠦ ᠬᠥᠮᠦᠵᠢᠯ᠎ᠲᠠᠢ ᠤᠶᠠᠯᠳᠤᠭᠤᠯᠵᠤ᠂ ᠤᠬᠠᠭᠤᠯᠤᠨ ᠲᠠᠢ᠌ᠯᠪᠤᠷᠢᠯᠠᠬᠤ ᠡᠩᠨᠡᠭᠡ ᠵᠢ ᠪᠠᠢ᠌ᠭᠤᠯᠵᠤ᠂ ᠪᠥᠬᠥ ᠣᠷᠣᠨ᠎ᠳᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢᠨ ᠦᠨᠳᠦᠰᠦᠨ ᠱᠠᠲᠤᠨ᠎ᠤ ᠠᠶᠠᠯᠠᠯ᠎ᠤᠨ ᠭᠣᠤᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠦᠭᠰᠡᠨ ᠣᠨᠣᠯ ᠵᠶ᠋ᠠᠷ ᠨᠠᠮ᠎ᠤᠨ ᠭᠡᠰᠢᠭᠦᠳ᠎ᠢ ᠵᠡᠪᠰᠡᠭᠯᠡᠵᠦ᠂ ᠣᠯᠠᠨ ᠲᠦᠮᠡᠨ᠎ᠢ ᠬᠥᠮᠦᠵᠢᠭᠦᠯᠵᠦ᠂ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠪᠡ᠃
ᠬᠣᠶᠠᠷ᠂ ᠳᠤᠮᠳᠠᠳᠤ ᠵᠢᠨ ᠥᠨᠳᠦᠰᠦᠳᠡᠨᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠤᠯ ᠬᠦᠮᠦᠵᠢᠯ᠎ᠢ ᠪᠣᠳᠠᠲᠠᠢ ᠳᠥᠷᠦᠭᠳᠡᠯᠲᠠᠢ ᠪᠥᠳᠦᠮᠵᠢᠳᠡᠢ ᠦᠷᠨᠢᠬᠦᠯᠵᠦ᠂ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠦᠵᠡᠯ ᠰᠠᠨᠠᠭ᠋ᠠᠨ᠎ᠤ ᠭᠡᠷ ᠤᠷᠤᠨ᠎ᠢ ᠪᠥᠳᠦᠭᠡᠨ ᠪᠠᠢ᠌ᠭᠤᠯᠬᠤ ᠵᠢ ᠯᠠᠪᠳᠠᠭᠤᠨ ᠪᠠᠳᠤᠳᠠᠢ ᠠᠬᠢᠭᠤᠯᠪᠠ᠃
(ᠨᠢᠭᠡ) ᠰᠢᠨᠵᠢᠯᠡᠬᠦ ᠤᠬᠠᠭ᠋ᠠᠨᠴᠢ ᠪᠥᠭᠡᠳ ᠪᠦᠷᠢᠨ ᠲᠡᠭᠦᠯᠳᠡᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠎ᠢ ᠪᠠᠢ᠌ᠭᠤᠯᠬᠤ ᠵᠢ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ 8 ᠵᠢ ᠵᠢᠯᠣᠭᠣᠳᠤᠨ ᠪᠠᠢ᠌ᠭᠤᠯᠵᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢ ᠤᠯᠤᠰ᠎ᠤᠨ 4 ᠶᠠᠮᠤᠨ ᠵᠥᠪᠯᠡᠯ᠎ᠠᠴᠠ ᠤᠯᠤᠰ᠎ᠤᠨ ᠲᠠᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ ᠵᠶ᠋ᠠᠷ ᠨᠡᠷᠡᠢ᠌ᠳᠴᠦ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢ ᠤᠯᠤᠰ᠎ᠤᠨ ᠦᠨᠳᠦᠰᠦᠲᠡᠨ᠎ᠤ ᠵᠥᠪᠯᠡᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠤᠳᠤᠯᠭ᠋ᠠᠨ᠎ᠤ ᠰᠠᠭᠤᠷᠢᠨ ᠭᠠᠵᠠᠷ ᠵᠶ᠋ᠠᠷ ᠨᠡᠷᠡᠢ᠌ᠳᠴᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠵᠢᠨ ᠲᠣᠭᠣᠷᠢᠨ᠎ᠳᠤ ᠰᠤᠳᠤᠯᠭ᠋ᠠᠨ᠎ᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠢ ᠰᠢᠯᠭ᠋ᠠᠷᠠᠭᠤᠯᠤᠨ ᠨᠡᠷᠡᠢ᠌ᠳᠬᠦ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ᠃
(ᠬᠣᠶᠠᠷ) ᠦᠨᠳᠦᠰᠦᠲᠡᠨ᠎ᠤ ᠰᠤᠳᠤᠷ ᠪᠢᠴᠢᠭ᠎ᠲᠤ ᠠᠭᠤᠯᠤᠭᠳᠠᠵᠤ ᠪᠠᠢ᠌ᠭ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠭᠦᠨᠵᠡᠭᠡᠶ ᠠᠭᠤᠳᠠᠯᠠᠪᠠ᠃ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠵᠢᠨ ᠲᠡᠦᠬᠡᠨ ᠮᠠᠲᠸᠷᠢᠶᠠᠯ᠎ᠤᠨ ᠡᠮᠬᠢᠳᠬᠡᠯ· ᠥᠪᠥᠷ ᠮᠣᠩᠭᠣᠯ᠎ᠤᠨ ᠪᠤᠳᠢ》 ᠵᠢ ᠨᠠᠢ᠌ᠷᠠᠭᠤᠯᠤᠨ ᠲᠤᠭᠤᠷᠪᠢᠬᠤ ᠵᠢ ᠦᠷᠭᠦᠯᠵᠢᠯᠡᠨ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠵᠢᠴᠢ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠢᠩᠬᠢᠮ》᠂ 《ᠦᠨᠳᠦᠰᠦᠲᠡᠨ᠎ᠤ ᠰᠤᠳᠤᠷ ᠪᠢᠴᠢᠭ᠎ᠢ ᠬᠠᠮᠠᠭ᠋ᠠᠯᠠᠬᠤ ᠦᠷ᠎ᠡ ᠪᠦᠲᠦᠭᠡᠯ᠎ᠤᠨ ᠦᠵᠡᠭᠦᠯᠭᠡ ᠵᠢᠨ ᠰᠠᠭᠤᠷᠢᠨ ᠭᠠᠵᠠᠷ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠭᠡᠰᠡᠷ〉᠎ᠤᠨ ᠰᠣᠶᠣᠯ᠎ᠤᠨ ᠰᠤᠳᠤᠯᠭ᠋ᠠᠨ᠎ᠤ ᠰᠠᠭᠤᠷᠢᠨ ᠭᠠᠵᠠᠷ》᠎ᠢ ᠵᠢᠯᠣᠭᠣᠳᠤᠨ ᠪᠠᠢ᠌ᠭᠤᠯᠪᠠ᠃ 《ᠵᠠᠩᠭ᠋ᠠᠷ》᠎ᠤᠨ ᠠᠩᠬᠠᠨ᠎ᠤ ᠳᠠᠭᠤ ᠰᠢᠩᠬᠡᠬᠡᠯᠳᠡ ᠵᠢᠨ ᠳᠠᠢ᠌ᠫᠢ ᠳ᠋ᠢᠭᠢᠲ ᠵᠢᠡᠷ ᠬᠤᠪᠢᠷᠠᠭᠤᠯᠬᠤ ᠲᠦᠷᠦᠯ ᠵᠤᠢ᠌ᠯ᠎ᠢ ᠪᠡᠶᠡᠯᠡᠭᠦᠯᠵᠦ᠂ ᠠᠪᠤᠷᠠᠯᠳᠠ ᠵᠢᠨ ᠴᠢᠨᠠᠷᠲᠠᠶ᠎ᠪᠠᠷ 578 ᠲᠠᠢ᠌ᠫᠢ ᠬᠤᠪᠢᠷᠠᠭᠤᠯᠪᠠ᠃
(ᠭᠤᠷᠪᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠠᠷᠭ᠎ᠠ ᠬᠡᠯᠪᠡᠷᠢ ᠵᠢᠨ ᠠᠴᠢᠶᠠᠯᠠᠪᠤᠷᠢ ᠵᠢᠨ ᠰᠢᠨ᠎ᠡ ᠵᠢ ᠡᠭᠦᠳᠪᠡ᠃ 《ᠬᠣᠶᠠᠷ ᠰᠠᠷ᠎ᠠ ᠨᠢᠭᠡ ᠭᠠᠷᠠᠭ》᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠤᠨ ᠨᠠᠷᠠᠲᠤ ᠳᠡᠮᠳᠡᠭ᠎ᠢ ᠨᠠᠷᠢᠯᠢᠭ ᠪᠠᠢ᠌ᠭᠤᠯᠵᠤ᠂ 《ᠮᠠᠨ᠎ᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠤᠬᠠᠭᠤᠯᠤᠨ ᠲᠠᠢ᠌ᠯᠪᠤᠷᠢᠯᠠᠬᠤ》 ᠵᠡᠷᠭᠡ ᠭᠣᠤᠯ ᠰᠡᠳᠦᠪᠲᠦ ᠠᠵᠢᠯᠯᠠᠭ᠎ᠠ ᠵᠢ 4514 ᠲᠠᠯᠠᠪᠤᠷ ᠤᠳᠠᠭ᠎ᠠ ᠡᠷᠭᠢᠯᠡᠵᠦ᠂ ᠢᠨᠲᠸᠷ ᠰᠦᠯᠵᠢᠶ᠎ᠡ᠎ᠪᠠᠷ ᠳᠠᠮᠵᠢᠭᠤᠯᠤᠨ 60 ᠭᠠᠷᠤᠶ ᠲᠦᠮᠡᠨ ᠵᠤᠷᠪᠤᠰ ᠤᠬᠠᠭᠤᠯᠭ᠎ᠠ ᠵᠢᠨ ᠠᠭᠤᠯᠭ᠎ᠠ ᠵᠢ ᠲᠠᠨᠢᠯᠴᠠᠭᠤᠯᠤᠨ ᠬᠦᠷᠭᠡᠵᠦ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠲᠥᠷᠥ ᠵᠢᠨ ᠪᠣᠳᠣᠯᠭ᠎ᠠ ᠵᠢᠨ ᠵᠥᠪᠯᠡᠭᠡ ᠵᠢ 3 ᠲᠦᠮᠡ ᠭᠠᠷᠤᠶ ᠤᠳᠠᠭ᠎ᠠ ᠥᠷᠨᠢᠭᠦᠯᠵᠦ᠂ 350 ᠲᠦᠮᠡᠨ ᠬᠥᠮᠦᠨ ᠣᠷᠣᠯᠴᠠᠪᠠ᠃ 《ᠤᠯᠤᠰ᠎ᠤᠨ ᠬᠡᠦᠬᠡᠳ》 ᠭᠡᠬᠦ ᠲᠠᠢ᠌ᠰᠠᠨ᠎ᠤ ᠬᠡᠦᠬᠡᠳ᠎ᠤᠨ ᠵᠦᠴᠦᠭᠡ ᠵᠢ ᠨᠠᠢ᠌ᠷᠠᠭᠤᠯᠤᠨ ᠵᠣᠬᠢᠶᠠᠵᠤ᠂ ᠪᠦᠬᠦ ᠣᠷᠣᠨ᠎ᠳᠤ ᠲᠣᠭᠣᠷᠢᠨ ᠲᠣᠭᠯᠠᠬᠤ ᠵᠢ ᠵᠣᠬᠢᠶᠠᠨ ᠪᠠᠢ᠌ᠭᠤᠯᠪᠠ᠃ ᠲᠤᠯᠤᠭ᠋ᠠᠨ ᠪᠦᠯᠦᠭ᠎ᠲᠦ ᠲᠣᠮᠣ ᠬᠡᠯᠪᠡᠷᠢ ᠵᠢᠨ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ 《ᠰᠥᠭ ᠰᠦᠨᠡᠰᠦ᠎ᠪᠠᠨ ᠱᠤᠭᠤᠬᠤ》 ᠵᠢ ᠦᠢᠯᠡᠳᠴᠦ᠂ ᠪᠥᠬᠥ ᠤᠯᠤᠰ᠎ᠤᠨ 30 ᠭᠠᠷᠤᠶ ᠵᠠᠭᠤᠴᠢᠯᠠᠭᠤᠷ᠎ᠤᠨ 50 ᠭᠠᠷᠤᠶ ᠲᠠᠪᠴᠠᠩ ᠳᠡᠭᠡᠷ᠎ᠡ ᠰᠢᠭᠤᠳ ᠨᠡᠪᠲᠡᠷᠡᠭᠦᠯᠵᠦ᠂ ᠨᠡᠢ᠌ᠲᠡ 4000 ᠲᠦᠮᠡᠨ ᠬᠥᠮᠦᠨ ᠤᠳᠠᠭ᠎ᠠ ᠰᠣᠨᠢᠷᠬᠠᠪᠠ᠃ 《ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠠᠷ ᠦᠨᠳᠦᠰᠦᠲᠡᠨ᠎ᠤ ᠶᠠᠪᠤᠯᠴᠠᠭ᠎ᠠ ᠵᠢᠨ ᠦᠯᠢᠭᠡᠷ᠎ᠢ ᠶᠠᠷᠢᠬᠤ》 ᠰᠢᠷᠢᠰ ᠣᠬᠣᠷ ᠸᠢᠳᠢᠣ᠋ ᠭᠠᠷᠭ᠋ᠠᠵᠤ᠂ 《ᠠᠨᠠᠷ᠎ᠤᠨ ᠦᠷ᠎ᠡ ᠵᠢᠷᠤᠭᠲᠤ ᠳᠡᠪᠲᠡᠷ᠎ᠤᠨ ᠴᠤᠪᠤᠷᠠᠯ ᠪᠢᠴᠢᠭ》 (ᠬᠣᠶᠠᠳᠤᠭ᠋ᠠᠷ ᠢᠵᠢ)᠎ᠢ ᠲᠥᠰᠦᠪᠯᠡᠨ ᠬᠡᠪᠯᠡᠭᠦᠯᠵᠦ᠂ 《ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ》 ᠰᠡᠳᠬᠦᠯ᠎ᠢ ᠡᠷᠬᠢᠯᠡᠨ ᠨᠠᠢ᠌ᠷᠠᠭᠤᠯᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠨᠡᠢ᠌ᠲᠡ ᠵᠢᠨ ᠠᠰᠠᠷᠠᠮᠵᠢ ᠵᠢᠨ ᠸᠢᠳᠢᠣ᠋ ᠡᠭᠡᠰᠢᠭᠳᠦ ᠬᠤᠩᠬᠤ ᠵᠢ ᠦᠢ᠍ᠯᠡᠳᠦᠨ ᠳᠠᠷᠬᠠᠭ᠋ᠠᠵᠤ᠂ ᠵᠠᠭᠤᠨ ᠲᠦᠮᠡ ᠭᠠᠷᠤᠢ ᠬᠡᠷᠡᠭᠯᠡᠭᠴᠢ ᠵᠢ ᠬᠠᠮᠤᠷᠴᠤ᠂ ᠰᠠᠷ᠎ᠠ ᠵᠢᠨ ᠳᠤᠮᠳᠠᠴᠢ ᠲᠣᠪᠴᠢᠳᠠᠭᠰᠠᠨ ᠲᠣᠭ᠎ᠠ 850 ᠲᠦᠮᠡᠨ ᠬᠦᠮᠦᠨ ᠤᠳᠠᠭ᠎ᠠ᠎ᠳᠤ ᠬᠦᠷᠪᠡ᠃ ᠪᠡᠭᠡᠵᠢᠩ᠎ᠤᠨ ᠮᠣᠩᠭᠣᠯ ᠲᠥᠪᠡᠳ ᠰᠤᠷᠭ᠋ᠠᠭᠤᠯᠢ ᠵᠢᠨ ᠬᠠᠭᠤᠴᠢᠨ ᠪᠠᠭᠤᠷᠢ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠡᠶᠡᠴᠢᠯᠡᠨ ᠣᠢ᠌ᠯᠠᠭ᠋ᠠᠬᠤ ᠦᠵᠡᠰᠬᠦᠯᠡᠩ᠎ᠤᠨ ᠥᠪᠥᠷ ᠮᠣᠩᠭᠣᠯ᠎ᠤᠨ ᠲᠤᠰᠬᠠᠶ ᠰᠡᠳᠦᠪᠲᠦ ᠦᠵᠡᠭᠦᠯᠭᠡ ᠵᠢ ᠳᠠᠭ᠋ᠠᠭ᠋ᠠᠴᠢᠯᠠᠨ ᠡᠷᠭᠢᠯᠡᠵᠦ᠂ VR ᠡᠭᠦᠯᠡᠨ ᠦᠵᠡᠭᠦᠯᠭᠡ ᠵᠢᠨ ᠲᠢᠩᠬᠢᠮ ᠵᠡᠷᠭᠡ᠎ᠪᠠᠷ ᠨᠡᠪᠳᠡᠷᠡᠬᠦᠯᠬᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠡᠢ᠌ᠲᠡ 570 ᠲᠦᠮᠡᠨ ᠬᠥᠮᠦᠨ ᠦᠵᠡᠭᠦᠯᠭᠡ ᠵᠢ ᠰᠣᠨᠢᠷᠬᠠᠪᠠ᠃ ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠪᠡ᠃
(ᠲᠦᠷᠪᠡ) ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠡᠷᠡᠰ ᠭᠤᠢ᠌ᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲᠸᠷᠢᠶᠠᠯ᠎ᠢ ᠬᠡᠷᠡᠭᠯᠡᠬᠦ ᠵᠢ ᠠᠬᠢᠭᠤᠯᠪᠠ᠃
ᠭᠤᠷᠪᠠ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠳᠡᠢ᠌ᠰᠢ ᠵᠠᠮᠨᠠᠬᠤ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠪᠡ᠃
(ᠨᠢᠭᠡ) ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠪᠠ᠃ ᠴᠥᠭᠡᠨ ᠲᠣᠭ᠋ᠠᠲᠤ ᠦᠨᠳᠦᠰᠦᠲᠡᠨ᠎ᠤ ᠬᠥᠭᠵᠢᠯᠲᠡ ᠵᠢᠨ ᠡᠭᠦᠷᠭᠡ ᠵᠢᠨ ᠪᠡᠯᠡ ᠮᠥᠩᠭᠥ ᠵᠢ ᠰᠠᠢ᠌ᠳᠤᠷ ᠬᠡᠷᠡᠭᠯᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠤᠯᠭ᠋ᠠᠭᠤᠯᠪᠠ᠃ 《〈ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠤᠯᠬᠤ〉 ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠣᠷᠣᠨ᠎ᠤ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠠᠬᠤᠶ ᠲᠠᠯᠠᠪᠠᠶ ᠵᠢᠨ ᠬᠤᠷᠠᠯ ᠵᠢᠴᠢ 《ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠤᠯᠬᠤ》 ᠠᠵᠢᠯᠯᠠᠭ᠎ᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ᠃
(ᠬᠣᠶᠠᠷ) 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠳᠤ ᠦᠢᠯᠡᠴᠢᠯᠡᠬᠦ ᠰᠢᠨ᠎ᠡ ᠬᠡᠪ ᠵᠠᠭᠪᠤᠷ᠎ᠢ ᠡᠭᠦᠳᠪᠡ᠃ ᠬᠢᠯᠢ ᠬᠢᠵᠠᠭ᠋ᠠᠷ ᠣᠷᠣᠨ᠎ᠳᠤ ᠭᠣᠣᠯᠳᠠᠯᠭ᠎ᠠ᠎ᠲᠠᠢ ᠬᠠᠨᠳᠤᠭᠤᠯᠤᠨ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ 《ᠠᠨᠠᠷ᠎ᠤᠨ ᠬᠡᠯᠬᠢᠶ᠎ᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠲᠣᠣᠷ᠎ᠢ ᠨᠢᠭᠲᠠ ᠰᠦᠯᠵᠢᠳᠦᠬᠡᠢ》 ᠭᠡᠬᠦ ᠬᠠᠮᠲᠤ᠎ᠪᠠᠷ ᠰᠤᠷᠤᠯᠴᠠᠵᠤ ᠬᠠᠮᠲᠤ᠎ᠪᠠᠷ ᠪᠠᠢ᠌ᠭᠤᠯᠬᠤ ᠨᠡᠢ᠌ᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠥᠷᠨᠢᠭᠦᠯᠵᠦ᠂ 《ᠠᠨᠠᠷ᠎ᠤᠨ ᠬᠡᠯᠬᠢᠶ᠎ᠡ ᠦᠨᠳᠦᠰᠦᠲᠡᠨ᠎ᠤ ᠠᠵᠢᠯ᠎ᠤᠨ ᠳ᠋ᠢᠭᠢᠲ ᠦᠵᠡᠭᠦᠯᠭᠡ ᠵᠢᠨ ᠲᠢᠩᠬᠢᠮ》᠎ᠢ ᠪᠠᠢ᠌ᠭᠤᠯᠵᠤ᠂ ᠪᠦᠷᠢᠨ ᠮᠡᠳᠡᠭᠡ ᠵᠠᠩᠭᠢ᠂ AR᠂ VR ᠵᠡᠷᠭᠡ ᠰᠢᠨ᠎ᠡ ᠵᠠᠭᠤᠴᠢᠯᠠᠭᠤᠷ᠎ᠤᠨ ᠮᠡᠷᠭᠡᠵᠢᠯ᠎ᠢ ᠬᠡᠷᠡᠭᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠢᠳᠡᠭᠡᠰᠢᠭᠦᠯᠬᠦ᠂ ᠬᠠᠷᠢᠯᠴᠠᠨ ᠦᠢ᠍ᠯᠡᠳᠦᠯᠴᠡᠬᠦ ᠮᠠᠶᠢᠭ ᠵᠶ᠋ᠠᠷ ᠥᠷᠨᠢᠭᠦᠯᠵᠦ᠂ 400 ᠭᠠᠷᠤᠢ ᠲᠦᠮᠡᠨ ᠬᠥᠮᠦᠨ᠎ᠳᠤ ᠬᠦᠷᠲᠡᠭᠡᠵᠡᠢ᠃
(ᠭᠤᠷᠪᠠ) ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠢ᠌ᠭᠤᠯᠪᠠ᠃ ᠡᠯ᠎ᠡ ᠠᠢ᠌ᠮᠠᠭ ᠬᠣᠲᠠ ᠵᠢᠨ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠵᠢᠨ ᠬᠣᠩᠭᠢᠯ》᠎ᠤᠨ ᠪᠦᠲᠦᠭᠡᠨ ᠪᠠᠢ᠌ᠭᠤᠯᠤᠯᠲᠠ ᠥᠷᠨᠢᠭᠦᠯᠬᠦ ᠵᠢ ᠵᠢᠯᠤᠭᠤᠳᠪᠠ᠃ ᠬᠢᠯᠢ ᠵᠢᠨ 20 ᠬᠣᠰᠢᠭᠤ (ᠬᠣᠲᠠ᠂ ᠲᠣᠭᠣᠷᠢᠭ) ᠵᠢᠨ ᠬᠢᠯᠢ ᠳᠠᠭ᠋ᠠᠤ ᠰᠤᠮᠤ (ᠰᠢᠶᠠᠩ᠂ ᠪᠠᠯᠭ᠋ᠠᠰᠤ) ᠪᠣᠯᠤᠨ ᠴᠥᠭᠡᠨ ᠲᠣᠭ᠋ᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ 334 ᠭᠠᠴᠠᠭ᠎ᠠ (ᠲᠣᠰᠬᠣᠨ)᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ ᠪᠣᠶ ᠪᠥᠬᠥᠶ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠣᠯᠪᠣᠭᠳᠠᠯ》 ᠣᠯᠭᠣᠬᠤ ᠵᠢ ᠪᠠᠷᠢᠮᠳᠠᠯᠠᠪᠠ᠃
ᠳᠥᠷᠪᠡ᠂ ᠲᠣᠭᠲᠠᠯᠴᠠᠭ᠎ᠠ ᠵᠢ ᠪᠦᠷᠢᠨᠰᠢᠭᠦᠯᠵᠦ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠪᠥᠬᠥ ᠲᠠᠯ᠎ᠠ ᠵᠢᠨ ᠰᠣᠯᠢᠯᠴᠠᠭ᠎ᠠ ᠭᠦᠨᠵᠡᠭᠡᠶ ᠠᠭᠤᠰᠤᠯᠴᠠᠭ᠎ᠠ ᠵᠢ ᠠᠬᠢᠭᠤᠯᠵᠤ ᠢᠯᠡᠳᠲᠡ ᠦᠷ᠎ᠡ ᠪᠦᠲᠦᠮᠵᠢ ᠤᠯᠪᠠ᠃
(ᠨᠢᠭᠡ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠵᠢᠱ᠌ᠢᠶ᠎ᠡ ᠦᠵᠡᠭᠦᠯᠬᠦ ᠨᠢᠬᠡᠴᠢ ᠵᠢ ᠨᠡᠷᠡᠢ᠌ᠳᠬᠦ ᠠᠷᠭ᠎ᠠ ᠪᠠ ᠰᠢᠯᠭ᠋ᠠᠨ ᠦᠨᠡᠯᠡᠬᠦ ᠭᠦᠢᠴᠡᠳᠬᠡᠯ ᠲᠣᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠵᠤ ᠵᠢᠱ᠌ᠢᠶ᠎ᠡ ᠦᠵᠡᠭᠦᠯᠬᠦ᠎ᠪᠠᠷ ᠵᠠᠭᠤ ᠮᠢᠩᠭ᠎ᠠ ᠲᠦᠮᠡ ᠵᠢ ᠬᠥᠲᠥᠯᠥᠨ ᠳᠠᠭ᠋ᠠᠭᠤᠯᠬᠤ》 ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ 《ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠢᠨᠵᠧᠨᠧᠷᠢᠩ》᠎ᠢ ᠬᠡᠷᠡᠭᠵᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢᠨ ᠭᠣᠤᠯᠳᠠᠯᠭ᠎ᠠ᠎ᠲᠠᠢ ᠲᠥᠷᠥᠯ ᠵᠦᠢᠯ᠎ᠢ ᠳᠤᠭᠳᠠᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢᠨ 《ᠲᠠᠰ ᠳᠡᠪᠰᠢᠭᠰᠡᠨ ᠬᠡᠪ》᠎ᠢ ᠪᠣᠶ ᠪᠤᠯᠭ᠋ᠠᠪᠠ᠃ ᠠᠷᠪᠠᠨ ᠨᠢᠭᠡᠳᠦᠭᠡᠷ ᠪᠦᠯᠦᠭ᠎ᠤᠨ ᠪᠥᠬᠥ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠲᠠᠨᠢᠯᠴᠠᠭᠤᠯᠤᠨ ᠦᠨᠡᠯᠡᠵᠦ᠂ ᠶᠢᠰᠦᠳᠦᠭᠡᠷ ᠪᠦᠯᠦᠭ᠎ᠤᠨ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠭᠠᠵᠠᠷ ᠣᠷᠣᠨ ᠵᠢᠱ᠌ᠢᠶ᠎ᠡ ᠦᠵᠡᠭᠦᠯᠬᠦ ᠨᠢᠭᠡᠴᠢ ᠵᠢ ᠨᠡᠷᠡᠢ᠌ᠳᠬᠦ ᠵᠢ ᠵᠣᠬᠢᠶᠠᠨ ᠪᠠᠢ᠌ᠭᠤᠯᠵᠤ ᠥᠷᠨᠢᠭᠦᠯᠪᠡ᠃
(ᠬᠣᠶᠠᠷ) ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ 《ᠭᠤᠷᠪᠠᠨ ᠲᠥᠷᠥᠯ᠎ᠤᠨ ᠲᠥᠯᠥᠪᠯᠡᠭᠡ》 ᠵᠢ ᠭᠦᠨᠵᠡᠭᠡᠶ ᠬᠡᠷᠡᠭᠵᠢᠭᠦᠯᠪᠡ᠃ ᠦᠨᠳᠦᠰᠦᠲᠡᠨ᠎ᠨᠦᠭᠦᠳ᠎ᠤᠨ ᠵᠠᠯᠠᠭᠤ ᠰᠤᠷᠤᠭᠴᠢᠳ᠎ᠤᠨ ᠲᠥᠯᠥᠭᠡᠯᠡᠭᠴᠢ ᠵᠢ ᠵᠣᠬᠢᠶᠠᠨ ᠪᠠᠢ᠌ᠭᠤᠯᠤᠨ ᠣᠷᠣᠨ ᠪᠦᠰᠡ ᠠᠯᠤᠰᠯᠠᠭᠰᠠᠨ ᠰᠣᠯᠢᠯᠴᠠᠭ᠋ᠠᠨ᠎ᠤ ᠠᠵᠢᠯᠯᠠᠭ᠎ᠠ ᠵᠢ 1200 ᠭᠠᠷᠤᠢ ᠤᠳᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ 65 ᠲᠦᠮᠡᠨ ᠬᠥᠮᠦᠨ᠎ᠢ ᠬᠠᠮᠤᠷᠪᠠ᠃ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠬᠢᠳᠬᠡᠯᠳᠦ ᠮᠠᠶᠢᠭ᠎ᠤᠨ ᠬᠥᠭᠵᠢᠯᠲᠡ ᠵᠢᠨ ᠲᠥᠯᠥᠪᠯᠡᠭᠡ ᠵᠢᠨ ᠲᠤᠷᠰᠢᠯᠲᠠ ᠵᠢᠨ ᠴᠡᠭ᠎ᠢ 97 ᠪᠠᠢ᠌ᠭᠤᠯᠵᠤ᠂ ᠣᠷᠣᠨ ᠪᠦᠰᠡ ᠠᠯᠤᠰᠯᠠᠭᠰᠠᠨ ᠬᠠᠷᠢᠯᠴᠠᠨ ᠰᠢᠬᠢᠳᠬᠡᠯᠳᠦ ᠮᠠᠶᠢᠭ᠎ᠤᠨ ᠬᠥᠭᠵᠢᠯᠲᠡ ᠵᠢᠨ ᠬᠡᠯᠡᠯᠴᠡᠭᠡᠷ᠎ᠢ 35 ᠲᠣᠭᠲᠠᠭ᠋ᠠᠪᠠ᠃ ᠠᠯᠠᠱ᠌ᠠ ᠠᠢ᠌ᠮᠠᠭ᠎ᠤᠨ ᠡᠵᠡᠨ᠎ᠡ ᠬᠣᠰᠢᠭᠤᠨ᠎ᠤ ᠳ᠋ᠦᠩ ᠹᠸᠩ ᠰᠠᠨᠰᠠᠷ᠎ᠤᠨ ᠠᠶᠠᠯᠠᠯ᠎ᠤᠨ ᠬᠤᠳᠠ ᠵᠢᠨ ᠵᠠᠯᠠᠭᠤᠴᠤᠳ ᠪᠠᠭ᠋ᠠᠴᠤᠳ᠎ᠤᠨ ᠬᠤᠪᠢᠰᠬᠠᠯ᠎ᠤᠨ ᠬᠥᠮᠦᠵᠢᠯ᠎ᠤᠨ ᠰᠠᠭᠤᠷᠢᠨ ᠭᠠᠵᠠᠷ ᠪᠠ ᠬᠢᠩᠭ᠋ᠠᠨ ᠠᠢ᠌ᠮᠠᠭ᠎ᠤᠨ ᠷᠠᠰᠢᠶᠠᠨ᠎ᠤ ᠤᠯᠤᠰ᠎ᠤᠨ ᠤᠢ ᠰᠢᠭᠤᠢ ᠵᠢᠨ ᠴᠡᠴᠡᠷᠯᠢᠭ᠎ᠤᠨ ᠦᠵᠡᠮᠵᠢ ᠵᠢᠨ ᠣᠷᠣᠨ᠎ᠨᠢ ᠪᠦᠬᠦ ᠤᠯᠤᠰ᠎ᠤᠨ 2023 ᠣᠨ᠎ᠤ ᠵᠢᠭᠤᠯᠴᠢᠯᠠᠯ ᠵᠶ᠋ᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠠᠬᠢᠭᠤᠯᠬᠤ ᠲᠥᠯᠥᠪᠯᠡᠭᠡ ᠵᠢᠨ ᠲᠤᠷᠰᠢᠯᠲᠠ ᠵᠢᠨ ᠴᠡᠭ᠎ᠤᠨ ᠵᠢᠱ᠌ᠢᠢ᠎ᠡ ᠦᠵᠡᠭᠦᠯᠬᠦ ᠲᠦᠷᠦᠯ ᠵᠦᠢ᠍ᠯ ᠵᠢᠡᠷ ᠰᠣᠩᠭᠣᠭᠳᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠵᠢᠭᠤᠯᠴᠢᠯᠠᠯ᠎ᠤᠨ ᠵᠠᠮ ᠱᠤᠭᠤᠮ᠂ ᠰᠤᠳᠤᠯᠤᠨ ᠰᠤᠷᠤᠯᠴᠠᠬᠤ ᠵᠠᠮ ᠱᠤᠭᠤᠮ᠎ᠢ 126 ᠵᠤᠷᠪᠤᠰ ᠪᠠᠢ᠌ᠭᠤᠯᠪᠠ᠃
(ᠭᠤᠷᠪᠠ) ᠬᠣᠲᠠ ᠵᠢᠨ ᠦᠨᠳᠦᠰᠦᠲᠡᠨ᠎ᠤ ᠠᠵᠢᠯ᠎ᠢ ᠰᠠᠢ᠌ᠲᠤᠷ ᠬᠢᠪᠡ᠃ ᠴᠥᠭᠡᠨ ᠲᠣᠭ᠋ᠠᠲᠤ ᠦᠨᠳᠦᠰᠦᠲᠡᠨ᠎ᠤ ᠨᠡᠭᠦᠳᠡᠯ ᠬᠥᠮᠦᠨ ᠠᠮᠠ ᠵᠢ ᠬᠣᠲᠠ ᠵᠢᠨ ᠨᠡᠭᠦᠳᠡᠯ ᠬᠥᠮᠦᠨ ᠠᠮᠠ ᠵᠢᠨ ᠦᠢᠯᠡᠴᠢᠯᠡᠭᠡ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠵᠤ᠂ 《ᠠᠨᠠᠷ᠎ᠤᠨ ᠦᠷ᠎ᠡ》 ᠦᠨᠳᠦᠰᠦ ᠬᠠᠳᠬᠤᠨ ᠰᠦᠭ ᠰᠦᠨᠡᠰᠦ᠎ᠪᠠᠨ ᠱᠤᠭᠤᠬᠤ ᠢᠨᠵᠧᠨᠧᠷᠢᠩ᠂ 《ᠬᠥᠷᠰᠢ ᠵᠡᠷᠭᠡᠯᠡᠳᠡᠭᠡ᠎ᠪᠠᠷ ᠵᠶ᠋ᠡᠨ ᠰᠠᠬᠢᠨ ᠪᠠᠷᠠᠯᠠᠶ᠎ᠠ》 ᠭᠡᠬᠦ ᠬᠠᠯᠠᠮᠵᠢᠯᠠᠨ ᠬᠠᠢ᠌ᠷᠠᠯᠠᠬᠤ ᠠᠵᠢᠯᠯᠠᠭ᠎ᠠ ᠵᠡᠷᠭᠡ ᠨᠡᠷᠡᠳᠦ ᠳᠡᠮᠳᠡᠭ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢᠨ 《ᠪᠢᠴᠢᠯ ᠠᠵᠢᠯᠯᠠᠭ᠎ᠠ》 ᠵᠢ ᠥᠷᠨᠢᠭᠦᠯᠵᠦ᠂ ᠡᠯ᠎ᠡ ᠲᠥᠷᠥᠯ᠎ᠤᠨ ᠠᠵᠢᠯᠯᠠᠭ᠎ᠠ ᠵᠢ 3 ᠲᠦᠮᠡ ᠭᠠᠷᠤᠶ ᠲᠠᠯᠠᠪᠠᠶ ᠡᠷᠭᠢᠯᠡᠵᠦ᠂ 450 ᠭᠠᠷᠤᠶ ᠲᠦᠮᠡᠨ ᠬᠦᠮᠦᠨ᠎ᠳᠤ ᠬᠦᠷᠲᠡᠭᠡᠵᠡᠢ᠃ ᠪᠦᠬᠦ ᠣᠷᠣᠨ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠡᠳᠦᠪᠲᠦ ᠦᠵᠡᠭᠦᠯᠭᠡ ᠵᠢᠨ ᠣᠷᠳᠣᠨ (ᠦᠵᠡᠭᠦᠯᠭᠡ ᠵᠢᠨ ᠲᠢᠩᠬᠢᠮ) 156᠂ ᠭᠣᠣᠯ ᠰᠡᠳᠦᠪᠲᠦ ᠪᠡᠶᠡᠴᠢᠯᠡᠨ ᠣᠢ᠌ᠯᠠᠭ᠋ᠠᠬᠤ ᠣᠷᠳᠣᠨ 38᠂ ᠭᠣᠣᠯ ᠰᠡᠳᠦᠪᠲᠦ ᠴᠡᠴᠡᠷᠯᠢᠭ 66᠂ ᠭᠣᠣᠯ ᠰᠡᠳᠦᠪᠲᠦ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ 43᠂ ᠭᠣᠣᠯ ᠰᠡᠳᠦᠪᠲᠦ ᠠᠭᠤᠳᠠᠮ ᠲᠠᠯᠠᠪᠠᠢ (ᠶᠠᠪᠠᠭ᠋ᠠᠨ ᠵᠠᠮ) 44 ᠵᠢ ᠪᠠᠢ᠌ᠭᠤᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠬᠥᠮᠦᠵᠢᠯ᠎ᠢ ᠦᠯᠦ ᠮᠡᠳᠡᠭᠳᠡᠮ᠎ᠡ ᠪᠠᠢ᠌ᠳᠠᠯ ᠵᠶ᠋ᠠᠷ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠲᠤᠬᠠᠢ ᠲᠠᠨᠢᠯᠲᠠ ᠵᠢ ᠲᠠᠰᠤᠷᠠᠯᠳᠠ ᠦᠭᠡᠢ ᠴᠢᠩᠭ᠋ᠠᠳᠬᠠᠪᠠ᠃
ᠲᠠᠪᠤ᠂ ᠬᠠᠮᠢᠶ᠎ᠠ ᠪᠦᠬᠦᠢ ᠳᠦᠷᠢᠮ ᠲᠤᠳᠠᠯᠴᠠᠭᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣ᠎ᠪᠠᠷ ᠵᠠᠰᠠᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃
(ᠨᠢᠭᠡ) ᠦᠨᠳᠦᠰᠦᠲᠡᠨ᠎ᠤ ᠠᠵᠢᠯ᠎ᠤᠨ ᠲᠤᠭᠳᠠᠯᠴᠠᠭ᠎ᠠ ᠵᠢ ᠲᠠᠰᠤᠷᠠᠯᠲᠠ ᠤᠢ᠍ᠭᠡᠢ ᠳᠡᠭᠦᠯᠳᠡᠷᠵᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠭᠡᠰᠢᠭᠦᠨ᠎ᠤ ᠠᠵᠢᠯ᠎ᠤᠨ ᠲᠦᠷᠢᠮ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ᠎ᠤᠨ ᠠᠵᠢᠯ᠎ᠤᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠬᠢᠨᠠᠨ ᠰᠢᠯᠭ᠋ᠠᠵᠤ ᠬᠢᠨᠠᠬᠤ ᠲᠦᠷᠢᠮ᠎ᠢ ᠲᠡᠭᠦᠯᠳᠡᠷᠵᠢᠭᠦᠯᠵᠦ᠂ ᠦᠨᠳᠦᠰᠦᠲᠡᠨ᠎ᠤ ᠵᠥᠪᠯᠡᠯ᠎ᠤᠨ 《ᠭᠤᠷᠪᠠ ᠵᠢ ᠲᠣᠭᠲᠠᠭ᠋ᠠᠬᠤ》 ᠲᠥᠰᠦᠯ ᠪᠠ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ ᠵᠢ ᠪᠡᠶᠡᠯᠡᠭᠦᠯᠵᠦ᠂ ᠪᠣᠶ ᠪᠥᠬᠥᠶ ᠠᠵᠢᠯ᠎ᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠳᠤ ᠠᠩᠬᠠᠷᠤᠯ ᠪᠠ ᠬᠦᠴᠦᠨ ᠵᠶ᠋ᠡᠨ ᠲᠥᠪᠯᠡᠷᠡᠭᠦᠯᠬᠦ ᠵᠢ ᠠᠬᠢᠭᠤᠯᠪᠠ᠃ 《ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠮᠡᠳᠡᠪᠡᠯ ᠵᠣᠬᠢᠬᠤ ᠮᠡᠳᠡᠯᠭᠡ ᠵᠢᠨ ᠭᠠᠷ ᠳᠡᠪᠲᠡᠷ》᠎ᠢ ᠨᠠᠢ᠌ᠷᠠᠭᠤᠯᠤᠨ ᠳᠠᠷᠤᠮᠠᠯᠯᠠᠪᠠ᠃
(ᠬᠣᠶᠠᠷ) ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠴᠢᠳᠠᠪᠤᠷᠢ᠎ᠪᠠᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠲᠠᠢ ᠬᠠᠮᠵᠢᠯᠴᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠳᠠᠯ᠎ᠠ᠎ᠪᠠᠷ ᠪᠠᠢ᠌ᠭᠤᠯᠬᠤ ᠵᠢ ᠠᠬᠢᠭᠤᠯᠬᠤ ᠲᠦᠷᠢᠮ》᠎ᠢ ᠲᠤᠭᠤᠷᠪᠢᠨ ᠨᠡᠢ᠌ᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠬᠠᠤᠯᠢ ᠬᠡᠷᠡᠭᠵᠢᠭᠦᠯᠬᠦ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠪᠡ᠃ ᠦᠨᠳᠦᠰᠦᠲᠡᠨ᠎ᠤ ᠬᠡᠷᠡᠭ ᠡᠷᠬᠢᠯᠡᠬᠦ ᠵᠢ ᠬᠠᠮᠳᠤ᠎ᠪᠠᠷ ᠪᠠᠢ᠌ᠭᠤᠯᠬᠤ ᠬᠠᠮᠳᠤ᠎ᠪᠠᠷ ᠵᠠᠰᠠᠬᠤ ᠬᠠᠮᠳᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠳᠤ ᠣᠷᠣᠭᠤᠯᠵᠤ᠂ ᠬᠣᠲᠠ ᠬᠥᠳᠡᠭᠡ ᠨᠡᠢ᠌ᠭᠡᠮ ᠲᠣᠭᠣᠷᠢᠭ᠎ᠢ ᠲᠣᠣᠷᠵᠢᠭᠤᠯᠤᠭᠰᠠᠨ ᠦᠢ᠍ᠯᠡᠴᠢᠯᠡᠭᠡ ᠬᠠᠮᠢᠶᠠᠷᠤᠯᠲᠠ᠎ᠳᠤ ᠤᠷᠤᠭᠤᠯᠪᠠ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ 2023 ᠣᠨ᠎ᠤ ᠠᠵᠢᠯ᠎ᠤᠨ ᠳ᠋ᠦᠩᠨᠡᠯᠲᠡ
ᠣᠷᠴᠢᠭᠤᠯᠤᠭᠴᠢ᠄ ᠣᠶᠤᠨᠰᠡᠴᠡᠨ
ᠬᠢᠨᠠᠨ ᠣᠷᠴᠢᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ