ᠢᠯᠡ ᠵᠠᠰᠠᠭ   -   ᠪᠢᠴᠢᠭ ᠮᠠᠲ᠋ᠧᠷᠢᠶᠠᠯ
ᠲᠠᠸᠠᠷ ᠬᠡᠳᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-01-15

     ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
             ᠥᠪᠥᠷ ᠵᠠᠰᠠᠭ ᠠᠯᠪᠠᠨ ᠲᠠᠷᠬᠠᠭ᠋ᠠᠭᠰᠠᠨ [2023] 17 ᠳ᠋ᠤᠭ᠋ᠠᠷ ᠲᠣᠭ᠋ᠠᠲᠤ


      ᠲᠠᠸᠠᠷ ᠬᠡᠳᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ


ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     《ᠲᠠᠸᠠᠷ ᠬᠡᠲᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2022] 29 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠲᠠᠸᠠᠷ ᠬᠡᠲᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠦᠬᠦ ᠬᠡᠯᠬᠢᠶᠡᠨ᠎ᠤ ᠵᠠᠰᠠᠯᠲᠠ ᠵᠢ ᠴᠢᠩᠭ᠋ᠠᠳᠬᠠᠨ᠎ᠠ
     (ᠨᠢᠭᠡ) ᠪᠣᠭᠤᠳᠠᠯᠯᠠᠵᠤ ᠪᠠᠭᠯᠠᠬᠤ ᠬᠦᠷᠢᠶ᠎ᠡ ᠴᠠᠷᠠᠭ᠋ᠠᠨ᠎ᠳᠠᠬᠢ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠪᠦᠬᠦ ᠣᠷᠣᠨ᠎ᠤ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠰᠠᠭᠤᠷᠢ ᠲᠤᠭ᠎ᠠ ᠵᠢ ᠲᠣᠳᠣᠷᠬᠠᠢ ᠣᠶ᠋ᠢᠯᠠᠭ᠋ᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠠᠵᠢᠯ ᠲᠥᠷᠥᠯ᠎ᠤᠨ ᠳᠣᠲᠣᠭ᠋ᠠᠳᠤᠬᠢ ᠵᠢᠷᠤᠭ ᠲᠥᠯᠥᠪᠯᠡᠭᠡ᠎ᠨᠢ ᠵᠦᠢ ᠵᠣᠬᠢᠰᠲᠠᠢ᠂ ᠮᠠᠲ᠋ᠧᠷᠢᠶᠠᠯ ᠬᠡᠷᠡᠭᠯᠡᠬᠦ᠎ᠨᠢ ᠠᠷᠪᠢᠲᠠᠢ᠂ ᠡᠭᠡᠭᠦᠯᠦᠨ ᠬᠤᠷᠢᠶᠠᠬᠤ᠎ᠳᠤ ᠳᠥᠭᠦᠮ᠂ ᠬᠢᠮᠳᠠ ᠲᠣᠬᠢᠯᠢᠭ ᠪᠠᠶ᠋ᠢᠬᠤ ᠲᠠᠯ᠎ᠠ᠎ᠪᠠᠷ᠎ᠬᠢ ᠵᠢᠱ᠌ᠢᠶ᠎ᠡ ᠦᠵᠡᠭᠦᠯᠬᠦ ᠴᠢᠨᠠᠷ ᠪᠠ ᠬᠥᠲᠥᠯᠥᠨ ᠵᠢᠯᠤᠭᠤᠳᠬᠤ ᠴᠢᠨᠠᠷ᠎ᠲᠠᠢ ᠲᠥᠰᠥᠯ᠎ᠢ ᠦᠨᠳᠦᠰᠦᠯᠡᠵᠦ ᠪᠣᠭᠤᠳᠠᠯ ᠪᠠᠭᠯᠠᠭ᠎ᠠ ᠵᠢᠨ ᠪᠦᠲᠦᠭᠡᠭᠳᠡᠬᠦᠨ ᠦᠢ᠍ᠯᠡᠳᠪᠦᠷᠢᠯᠡᠬᠦ᠂ ᠪᠣᠭᠤᠳᠠᠯᠯᠠᠵᠤ ᠪᠠᠭᠯᠠᠬᠤ ᠮᠠᠲ᠋ᠧᠷᠢᠶᠠᠯ ᠵᠢᠴᠢ ᠦᠢ᠍ᠯᠡᠳᠪᠦᠷᠢᠯᠡᠯ᠎ᠤᠨ ᠲᠥᠬᠦᠭᠡᠷᠦᠮᠵᠢ ᠰᠤᠳᠤᠯᠤᠨ ᠨᠡᠭᠡᠭᠡᠬᠦ ᠵᠢ᠎ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠦᠢ᠍ᠯᠡᠳᠪᠦᠷᠢᠯᠡᠬᠦ ᠦᠵᠦᠭᠦᠷ᠎ᠠᠴᠠ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠵᠢ ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ᠎ᠢ ᠡᠬᠢ ᠢᠷᠡᠯᠲᠡ᠎ᠠᠴᠠ᠎ᠨᠢ ᠦᠢ᠍ᠯᠡᠳᠦᠯᠭᠡᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠬᠤᠶᠠᠷ) ᠲᠠᠸᠠᠷ ᠦᠢ᠍ᠯᠡᠳᠪᠦᠷᠢᠯᠡᠬᠦ ᠭᠤᠭᠴᠣᠭ᠋ᠠᠨ᠎ᠳᠤ ᠬᠡᠲᠦ ᠪᠣᠭᠤᠳᠠᠯᠯᠠᠵᠤ ᠪᠠᠭᠯᠠᠬᠤ ᠵᠢ ᠰᠡᠷᠭᠡᠶ᠋ᠢᠯᠡᠨ᠎ᠡ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠲᠠᠸᠠᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠬᠡᠲᠦ ᠪᠣᠭᠤᠳᠠᠯᠯᠠᠵᠤ ᠪᠠᠭᠯᠠᠬᠤ ᠵᠢᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠲᠠᠸᠠᠷ᠎ᠤᠨ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢ᠍ᠯᠡᠳᠬᠦ ᠪᠠ ᠬᠡᠷᠡᠭᠯᠡᠬᠦ ᠵᠡᠷᠭᠡ ᠲᠠᠯ᠎ᠠ᠎ᠪᠠᠷ᠎ᠬᠢ ᠮᠡᠳᠡᠭᠡ ᠵᠠᠩᠭᠢ ᠵᠢᠨ ᠲᠡᠮᠳᠡᠭᠯᠡᠯ᠎ᠤᠨ ᠳᠠᠩᠰᠠ ᠡᠪᠬᠡᠮᠡᠯ᠎ᠢ ᠪᠠᠶ᠋ᠢᠭᠤᠯᠵᠤ᠂ ᠲᠠᠸᠠᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠳᠥᠭᠦᠮ ᠪᠣᠷᠣᠭᠵᠢᠭᠤᠨ ᠪᠥᠭᠡᠳ ᠪᠣᠬᠢᠷᠲᠤᠯ ᠦᠭᠡᠢ ᠪᠣᠭᠤᠳᠠᠯ ᠪᠠᠭᠯᠠᠭ᠎ᠠ ᠵᠢ ᠬᠡᠷᠡᠭᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠲᠠᠸᠠᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠪᠠᠷᠢᠮᠵᠢᠶᠠᠵᠢᠭᠤᠯᠤᠯᠲᠠ ᠵᠢᠨ ᠬᠠᠤᠯᠢ ᠵᠢ ᠴᠢᠩᠭ᠎ᠠ ᠬᠡᠷᠡᠭᠵᠢᠭᠦᠯᠵᠦ᠂ ᠲᠡᠳᠡᠨ᠎ᠤ ᠭᠦᠢ᠍ᠴᠡᠳᠬᠡᠨ ᠬᠡᠷᠡᠭᠵᠢᠭᠦᠯᠵᠦ ᠪᠠᠶ᠋ᠢᠭ᠎ᠠ ᠪᠣᠭᠤᠳᠠᠯ ᠪᠠᠭᠯᠠᠭ᠎ᠠ᠎ᠲᠠᠢ ᠬᠤᠯᠪᠣᠭᠳᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ᠂ ᠪᠦᠯᠬᠦᠮ ᠨᠡᠶ᠋ᠢᠲᠡ ᠵᠢᠨ ᠪᠠᠷᠢᠮᠵᠢᠶ᠎ᠠ ᠪᠤᠶᠤ ᠠᠵᠤ ᠠᠬᠤᠶ᠋ᠢᠯᠠᠯ᠎ᠤᠨ ᠪᠠᠷᠢᠮᠵᠢᠶᠠᠨ᠎ᠤ ᠳ᠋ᠤᠭ᠋ᠠᠷᠯᠠᠯ ᠪᠠ ᠨᠡᠷᠡᠶ᠋ᠢᠳᠦᠯ᠎ᠢ᠎ᠨᠢ ᠬᠠᠤᠯᠢ ᠶᠣᠰᠣᠭ᠋ᠠᠷ ᠢᠯᠡ ᠪᠣᠯᠭ᠋ᠠᠵᠤ᠂ ᠱᠠᠭ᠋ᠠᠷᠳᠠᠯᠭ᠎ᠠ ᠶᠣᠰᠣᠭ᠋ᠠᠷ ᠢᠯᠡ ᠪᠣᠯᠭ᠋ᠠᠭᠰᠠᠨ ᠦᠭᠡᠢ ᠪᠤᠶᠤ ᠪᠦᠲᠦᠭᠡᠭᠳᠡᠬᠦᠨ᠎ᠨᠢ ᠪᠠᠷᠢᠮᠵᠢᠶ᠎ᠠ ᠱᠠᠭ᠋ᠠᠷᠳᠠᠯᠭ᠎ᠠ᠎ᠳᠤ ᠥᠯᠥ ᠨᠡᠶ᠋ᠢᠴᠡᠭᠰᠡᠨ ᠠᠵᠤ ᠠᠬᠤᠶ᠋ᠢᠯᠠᠯ᠎ᠠᠴᠠ ᠬᠠᠤᠯᠢ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠶ᠋ᠢᠯᠠᠯ᠎ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢᠨ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠡᠭᠦᠳᠡᠨ ᠡᠮᠨᠡᠯᠭᠡ᠂ ᠡᠮᠨᠡᠯᠭᠡ᠎ᠳᠤ ᠰᠠᠭᠤᠬᠤ ᠪᠠ ᠤᠵᠢᠭ ᠡᠪᠡᠳᠴᠢᠨ ᠵᠡᠷᠭᠡ ᠠᠳᠠᠯᠢ ᠪᠤᠰᠤ ᠠᠬᠤᠢ ᠪᠠᠶ᠋ᠢᠳᠠᠯ ᠪᠠ ᠲᠥᠷᠥᠯ ᠬᠡᠯᠪᠡᠷᠢ᠎ᠳᠤ ᠬᠠᠨᠳᠤᠭᠤᠯᠤᠨ ᠪᠣᠳᠠᠲᠠᠢ᠎ᠳᠤ ᠨᠡᠶ᠋ᠢᠴᠡᠭᠰᠡᠨ ᠡᠮ᠎ᠤᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠬᠡᠪ ᠪᠠᠷᠢᠮᠵᠢᠶᠠᠨ᠎ᠤ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠤ᠂ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠡᠮ᠎ᠤᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠬᠡᠪ ᠪᠠᠷᠢᠮᠵᠢᠶ᠎ᠠ ᠵᠢ ᠰᠢᠯᠢᠳᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠭᠤᠷᠪᠠ) ᠬᠡᠲᠦ ᠪᠣᠭᠤᠳᠠᠯᠯᠠᠵᠤ ᠪᠠᠭᠯᠠᠭᠰᠠᠨ ᠲᠠᠸᠠᠷ᠎ᠢ ᠪᠣᠷᠣᠯᠠᠭᠤᠯᠤᠨ ᠬᠤᠳᠠᠯᠳᠤᠬᠤ᠎ᠠᠴᠠ ᠵᠠᠶ᠋ᠢᠯᠠᠰᠬᠢᠨ᠎ᠡ᠃ ᠪᠣᠷᠣᠯᠠᠭᠤᠯᠤᠨ ᠬᠤᠳᠠᠯᠳᠤᠬᠤ ᠭᠤᠭᠴᠣᠭ᠋ᠠᠨ᠎ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠦᠢ᠍ᠯᠡ ᠵᠢ ᠬᠢᠨᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ᠎ᠢ ᠬᠠᠤᠯᠢ᠎ᠠᠴᠠ ᠵᠥᠷᠢᠴᠡᠨ ᠪᠣᠷᠣᠯᠠᠭᠤᠯᠵᠤ ᠬᠤᠳᠠᠯᠳᠤᠭᠰᠠᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠵᠦ ᠲᠣᠷᠭ᠋ᠠᠨ᠎ᠠ᠃ ᠲᠠᠸᠠᠷ ᠪᠣᠷᠣᠯᠠᠭᠤᠯᠤᠭᠴᠢ ᠬᠢᠭᠡᠳ ᠲᠠᠸᠠᠷ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠳᠡᠭᠡᠳᠦ ᠳᠣᠣᠷᠠᠳᠤ ᠬᠡᠯᠬᠢᠶ᠎ᠡ᠎ᠪᠠᠷ ᠵᠶ᠋ᠠᠨ ᠬᠠᠮᠵᠢᠯᠴᠠᠨ ᠪᠠᠶ᠋ᠢᠵᠤ ᠪᠣᠬᠢᠷᠳᠤᠯ ᠦᠭᠡᠢ᠂ ᠳᠥᠭᠦᠮ ᠪᠣᠷᠣᠭᠵᠢᠭᠤᠨ ᠵᠶ᠋ᠠᠷ ᠪᠣᠭᠤᠳᠠᠯᠯᠠᠵᠤ ᠪᠠᠭᠯᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ᠎ᠳᠤ᠎ᠨᠢ ᠵᠣᠷᠢᠭᠵᠢᠭᠤᠯᠤᠯ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠡᠯᠸᠺᠲᠷᠤᠨ ᠬᠤᠳᠠᠯᠳᠤᠭ᠋ᠠᠨ᠎ᠤ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠡᠵᠡᠩᠨᠡᠭᠴᠢᠳ᠎ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠤᠯᠠᠮ ᠨᠢᠭᠡ ᠠᠯᠬᠤᠮ ᠤᠬᠠᠭᠤᠯᠵᠤ᠂ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠱᠠᠭ᠋ᠠᠷᠳᠠᠯᠭ᠎ᠠ ᠨᠢᠭᠡᠳᠦᠯᠲᠡᠢ ᠪᠠᠶ᠋ᠢᠬᠤ ᠵᠢ ᠠᠬᠢᠭᠤᠯᠤᠨ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠮᠧᠢ ᠲᠤᠸᠠᠨ ᠵᠡᠷᠭᠡ ᠭᠠᠳᠠᠭᠰᠢ᠎ᠪᠠᠨ ᠬᠤᠳᠠᠯᠳᠤᠬᠤ ᠲᠠᠪᠴᠠᠩ᠎ᠢ ᠰᠢᠮᠳᠠᠭᠤᠯᠵᠤ ᠪᠠᠶ᠋ᠢᠭ᠋ᠠᠳ ᠲᠠᠪᠴᠠᠩ᠎ᠤᠨ ᠳᠦᠷᠢᠮ ᠵᠶ᠋ᠠᠨ ᠲᠡᠭᠦᠯᠳᠡᠷᠵᠢᠭᠦᠯᠦᠨ᠂ 《ᠬᠤᠭᠤᠯᠠᠨ᠎ᠤ ᠰᠠᠪᠠ ᠬᠡᠷᠡᠭᠰᠡᠯ ᠦᠯᠦ ᠬᠡᠷᠡᠭᠰᠡᠬᠦ》 ᠰᠣᠩᠭᠤᠯᠲᠠ ᠵᠢ ᠲᠣᠬᠢᠷᠠᠭᠤᠯᠤᠨ ᠨᠡᠭᠡᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ) ᠢᠳᠡᠭᠡᠨ ᠤᠮᠳᠠᠭ᠋ᠠᠨ ᠡᠵᠡᠩᠨᠡᠭᠴᠢᠳ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠭᠠᠳᠠᠭᠰᠢ᠎ᠪᠠᠨ ᠬᠤᠳᠠᠯᠳᠤᠬᠤ ᠪᠣᠭᠤᠳᠠᠯ ᠪᠠᠭᠯᠠᠭ᠎ᠠ ᠵᠢᠨ ᠲᠦᠷᠦᠯ ᠬᠡᠯᠪᠡᠷᠢ ᠵᠢ᠎ᠨᠢ ᠲᠣᠳᠣᠷᠬᠠᠢ ᠲᠣᠭᠲᠠᠭ᠋ᠠᠯᠭ᠋ᠠᠬᠤ ᠵᠢᠨ ᠬᠠᠮᠲᠤ ᠬᠠᠤᠯᠢ ᠶᠣᠰᠣᠭ᠋ᠠᠷ ᠦᠨ᠎ᠡ ᠬᠠᠩᠰᠢ ᠵᠢ᠎ᠨᠢ ᠢᠯᠡ ᠬᠠᠳᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠳᠥᠷᠪᠡ) ᠲᠠᠸᠠᠷ᠎ᠢ ᠲᠤᠰᠢᠶᠠᠨ ᠥᠭᠬᠦ ᠭᠤᠭᠴᠣᠭ᠋ᠠᠨ᠎ᠳᠠᠬᠢ ᠪᠣᠭᠤᠳᠠᠯ ᠪᠠᠭᠯᠠᠭ᠎ᠠ ᠵᠢᠨ ᠬᠡᠮᠵᠢᠶ᠎ᠡ ᠵᠢ ᠪᠠᠭ᠋ᠠᠰᠬᠠᠬᠤ᠎ᠪᠠᠨ ᠠᠬᠢᠭᠤᠯᠤᠨ᠎ᠠ᠃ ᠢᠯᠡᠭᠡᠨ ᠬᠦᠷᠭᠡᠬᠦ ᠠᠵᠤ ᠠᠬᠤᠶ᠋ᠢᠯᠠᠯ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠠᠵᠢᠯᠯᠠᠭ᠋ᠠᠨ᠎ᠤ ᠵᠢᠷᠤᠮᠵᠢᠯ᠎ᠢ᠎ᠨᠢ ᠪᠠᠶ᠋ᠢᠭᠤᠯᠤᠨ ᠪᠦᠷᠢᠨᠰᠢᠭᠦᠯᠵᠦ᠂ ᠠᠵᠢᠯ ᠡᠷᠬᠢᠯᠡᠭᠰᠡᠳ᠎ᠲᠤ ᠪᠣᠭᠤᠳᠠᠯᠯᠠᠵᠤ ᠪᠠᠭᠯᠠᠬᠤ ᠲᠠᠯ᠎ᠠ᠎ᠪᠠᠷ᠎ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ᠎ᠪᠠᠨ ᠴᠢᠩᠭ᠋ᠠᠳᠬᠠᠨ᠎ᠠ᠃ ᠢᠯᠡᠭᠡᠨ ᠬᠦᠷᠭᠡᠬᠦ ᠠᠵᠤ ᠠᠬᠤᠶ᠋ᠢᠯᠠᠯ᠎ᠤᠨ ᠰᠢᠤᠳᠠᠨ᠎ᠤ ᠵᠦᠢ᠍ᠯ ᠲᠦᠷᠭᠡᠨ ᠢᠯᠡᠭᠡᠯᠲᠡ ᠵᠢᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠠᠵᠢᠯᠯᠠᠭ᠋ᠠᠨ᠎ᠤ ᠵᠢᠷᠤᠮᠵᠢᠯ᠎ᠢ ᠪᠦᠷᠢᠳᠬᠡᠨ ᠳᠠᠩᠰᠠᠯᠠᠵᠣ ᠬᠠᠮᠢᠶᠠᠷᠬᠤ ᠠᠵᠢᠯ᠎ᠢ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶ᠋ᠢᠯᠠᠯ᠎ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠬᠤ᠎ᠳᠤ ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠵᠢᠨ ᠪᠦᠲᠦᠭᠡᠭᠳᠡᠬᠦᠨ ᠬᠡᠷᠡᠭᠯᠡᠬᠦ ᠵᠢ᠎ᠨᠢ ᠵᠣᠷᠢᠭᠵᠢᠭᠤᠯᠵᠤ᠂ ᠬᠦᠨᠳᠦᠴᠡ ᠪᠠᠭ᠋ᠠᠲᠠᠢ ᠳᠠᠭ᠋ᠠᠭ᠋ᠠᠴᠠ ᠶᠡᠬᠡᠲᠡᠢ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠋ᠠᠲᠤ ᠴᠠᠭ᠋ᠠᠰᠤᠨ ᠬᠠᠶ᠋ᠢᠷᠴᠠᠭ᠂ ᠴᠠᠪᠠᠤ ᠦᠭᠡᠢ ᠴᠠᠭ᠋ᠠᠰᠤᠨ ᠬᠠᠶ᠋ᠢᠷᠴᠠᠭ᠎ᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠦᠯᠢᠶᠥᠦ ᠴᠢᠭᠵᠢᠶᠡᠰᠦ ᠵᠢᠨ ᠵᠦᠢ᠍ᠯ᠎ᠢ ᠬᠡᠷᠡᠭᠯᠡᠬᠦ ᠵᠢ᠎ᠨᠢ ᠪᠠᠭ᠋ᠠᠰᠬᠠᠨ᠎ᠠ᠃ (ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠣᠬᠢᠷᠳᠤᠯ ᠦᠭᠡᠢ ᠪᠦᠲᠦᠭᠡᠭᠳᠡᠬᠦᠨ᠎ᠤ ᠭᠡᠷᠡᠴᠢᠯᠡᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠣᠬᠢᠷᠳᠤᠯ ᠦᠭᠡᠢ ᠪᠦᠲᠦᠭᠡᠭᠳᠡᠬᠦᠨ᠎ᠤ ᠭᠡᠷᠡᠴᠢᠯᠡᠭᠡ ᠬᠢᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠢᠯᠡᠭᠡᠨ ᠬᠦᠷᠭᠡᠬᠦ ᠠᠵᠤ ᠠᠬᠤᠶ᠋ᠢᠯᠠᠯ᠎ᠢ ᠵᠣᠷᠢᠭᠵᠢᠭᠤᠯᠵᠤ ᠪᠠᠶ᠋ᠢᠭ᠋ᠠᠳ ᠪᠣᠬᠢᠷᠳᠤᠯ ᠦᠭᠡᠢ ᠭᠡᠷᠡᠴᠢᠯᠡᠭᠡ᠎ᠪᠠᠷ ᠪᠠᠲᠤᠯᠠᠭᠳᠠᠭᠰᠠᠨ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠦᠲᠦᠭᠡᠭᠳᠡᠬᠦᠨ᠎ᠢ ᠤᠷᠢᠳ ᠵᠶ᠋ᠠᠷ ᠬᠤᠳᠠᠯᠳᠤᠨ ᠠᠪᠴᠤ ᠬᠡᠷᠡᠭᠯᠡᠭᠦᠯᠦᠨ᠎ᠡ᠃ (ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠡᠯᠸᠺᠲᠷᠤᠨ ᠬᠤᠳᠠᠯᠳᠤᠭ᠋ᠠᠨ᠎ᠤ ᠲᠠᠪᠴᠠᠩᠲᠤ ᠠᠵᠤ ᠠᠬᠤᠶ᠋ᠢᠯᠠᠯ᠎ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶ᠋ᠢᠭ᠋ᠠᠳ ᠪᠣᠭᠤᠳᠠᠯᠯᠠᠵᠤ ᠪᠠᠭᠯᠠᠬᠤ ᠭᠤᠭᠴᠣᠭ᠋ᠠᠨ᠎ᠳᠤ ᠪᠠᠷᠢᠮᠵᠢᠶᠠᠵᠢᠭᠤᠯᠤᠨ ᠠᠵᠢᠯᠯᠠᠭᠤᠯᠵᠤ᠂ ᠬᠤᠪᠠᠨᠴᠢᠷ ᠲᠠᠶ᠋ᠢᠫ ᠬᠡᠷᠡᠭᠯᠡᠬᠦ ᠵᠢ ᠪᠠᠭ᠋ᠠᠰᠬᠠᠵᠤ᠂ ᠬᠠᠭ᠋ᠠᠷᠠᠵᠤ ᠬᠡᠮᠬᠡᠷᠡᠬᠦ ᠵᠦᠢ᠍ᠯ᠎ᠠᠴᠠ ᠪᠤᠰᠤᠳ᠎ᠢ ᠳᠠᠬᠢᠵᠤ ᠬᠤᠶᠠᠳᠠᠭᠢ ᠤᠳᠠᠭ᠎ᠠ ᠪᠣᠭᠤᠳᠠᠯᠯᠠᠨ ᠪᠠᠭᠯᠠᠬᠤ ᠦᠭᠡᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ) ᠡᠯᠸᠺᠲᠷᠤᠨ ᠬᠤᠳᠠᠯᠳᠤᠭ᠋ᠠᠨ᠎ᠤ ᠠᠵᠤ ᠠᠬᠤᠶ᠋ᠢᠯᠠᠯ ᠬᠢᠭᠡᠳ ᠢᠯᠡᠭᠡᠨ ᠬᠦᠷᠭᠡᠬᠦ᠂ ᠦᠢ᠍ᠯᠡᠳᠪᠦᠷᠢᠯᠡᠬᠦ ᠠᠵᠤ ᠠᠬᠤᠶ᠋ᠢᠯᠠᠯ ᠵᠡᠷᠭᠡ ᠵᠢᠨ ᠳᠡᠭᠡᠳᠦ ᠳᠣᠣᠷᠠᠳᠤ ᠬᠡᠯᠬᠢᠶ᠎ᠡ᠎ᠪᠠᠷ ᠵᠶ᠋ᠠᠨ ᠬᠠᠮᠵᠢᠯᠴᠠᠬᠤ ᠵᠢ ᠦᠷᠭᠦᠯᠵᠢᠯᠡᠨ ᠠᠬᠢᠭᠤᠯᠵᠤ᠂ ᠪᠦᠲᠦᠭᠡᠭᠳᠡᠬᠦᠨ᠎ᠤ ᠪᠣᠭᠤᠳᠠᠯ ᠪᠠᠭᠯᠠᠭ᠎ᠠ᠂ ᠪᠣᠷᠣᠯᠠᠭᠤᠯᠤᠯᠲᠠ ᠵᠢᠨ ᠪᠣᠭᠤᠳᠠᠯ ᠪᠠᠭᠯᠠᠭ᠎ᠠ ᠪᠠ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠂ ᠡᠯᠸᠺᠲᠷᠤᠨ ᠬᠤᠳᠠᠯᠳᠤᠭ᠋ᠠᠨ᠎ᠤ ᠲᠦᠷᠭᠡᠨ ᠢᠯᠡᠭᠡᠯᠲᠡ ᠵᠢᠨ ᠵᠦᠢ᠍ᠯ᠎ᠢ ᠤᠤᠯ ᠪᠣᠭᠤᠳᠠᠯ ᠪᠠᠭᠯᠠᠭ᠎ᠠ᠎ᠪᠠᠷ᠎ᠨᠢ ᠰᠢᠭᠤᠳ ᠶᠠᠪᠤᠭᠤᠯᠬᠤ᠂ ᠳᠡᠭᠡᠳᠦ ᠬᠡᠯᠬᠢᠶ᠎ᠡ ᠲᠡᠶ᠋ᠢᠰᠢ᠎ᠪᠠᠨ ᠤᠷᠢᠳᠠᠴᠢ ᠪᠣᠭᠤᠳᠠᠯᠯᠠᠵᠤ ᠪᠠᠭᠯᠠᠬᠤ ᠦᠢ᠍ᠯᠡᠴᠢᠯᠡᠭᠡᠨ ᠬᠠᠩᠭ᠋ᠠᠬᠤ ᠵᠡᠷᠭᠡ ᠠᠷᠭ᠎ᠠ ᠮᠠᠶᠢᠭ᠎ᠢ ᠳᠡᠯᠭᠡᠷᠡᠭᠦᠯᠦᠨ᠎ᠡ᠃ ᠢᠯᠡᠭᠡᠨ ᠬᠦᠷᠭᠡᠬᠦ ᠠᠵᠤ ᠠᠬᠤᠶ᠋ᠢᠯᠠᠯ ᠬᠢᠭᠡᠳ ᠡᠯᠸᠺᠲᠷᠤᠨ ᠬᠤᠳᠠᠯᠳᠤᠭ᠋ᠠᠨ᠎ᠤ ᠲᠠᠪᠴᠠᠩ᠎ᠤᠨ ᠬᠠᠮᠵᠢᠯᠴᠠᠭ᠎ᠠ ᠵᠢ ᠵᠣᠷᠢᠭᠵᠢᠭᠤᠯᠤᠨ᠂ ᠬᠡᠷᠡᠭᠯᠡᠭᠴᠢᠳ᠎ᠲᠤ ᠪᠣᠬᠢᠷᠳᠤᠯ ᠦᠭᠡᠢ ᠪᠣᠭᠤᠳᠠᠯ ᠪᠠᠭᠯᠠᠭ᠋ᠠᠲᠤ ᠪᠦᠲᠦᠭᠡᠭᠳᠡᠬᠦᠨ᠎ᠤ ᠰᠣᠩᠭᠤᠯᠲᠠ ᠵᠢ ᠴᠤᠭᠭ᠋ᠠᠷ ᠬᠠᠩᠭ᠋ᠠᠬᠤ ᠵᠢᠨ ᠬᠠᠮᠲᠤ᠂ ᠨᠡᠶ᠋ᠢᠲᠡ ᠬᠤᠪᠢ᠎ᠪᠠᠷ ᠤᠷᠮᠠᠰᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠥᠲᠥᠯᠥᠨ ᠵᠢᠯᠤᠭᠤᠳᠴᠤ ᠬᠡᠷᠡᠭᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠲᠠᠪᠤ) ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠪᠠ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠵᠠᠬ᠎ᠠ ᠳᠡᠯᠭᠡᠭᠦᠷᠴᠢᠯᠡᠭᠰᠡᠨ ᠬᠤᠳᠠᠯᠳᠤᠭ᠋ᠠᠴᠢᠨ ᠤᠷᠢᠬᠤ ᠵᠡᠷᠭᠡ ᠠᠷᠭ᠎ᠠ ᠮᠠᠶᠢᠭ ᠵᠶ᠋ᠠᠷ ᠲᠤᠰᠬᠠᠶ᠋ᠢᠵᠢᠭᠰᠠᠨ ᠡᠭᠡᠭᠦᠯᠦᠨ ᠬᠤᠷᠢᠶᠠᠬᠤ ᠠᠵᠤ ᠠᠬᠤᠶ᠋ᠢᠯᠠᠯ᠎ᠤᠳ᠎ᠢ ᠲᠠᠲᠠᠨ ᠣᠷᠣᠭᠤᠯᠬᠤ ᠵᠢ ᠵᠣᠷᠢᠭᠵᠢᠭᠤᠯᠵᠤ᠂ ᠬᠤᠲᠠ ᠵᠢᠨ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠠᠷᠠᠳ᠎ᠲᠤ ᠳᠥᠭᠦᠮ ᠦᠵᠡᠭᠦᠯᠬᠦ ᠠᠵᠤ ᠠᠮᠢᠳᠤᠷᠠᠯ᠎ᠤᠨ ᠲᠣᠭᠤᠷᠢᠭ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠴᠡᠭ᠎ᠤᠨ ᠨᠡᠶ᠋ᠢᠭᠡᠮ ᠲᠣᠭᠤᠷᠢᠭ᠎ᠲᠤ ᠣᠷᠣᠵᠤ ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠤᠳ᠎ᠢ ᠡᠭᠡᠭᠦᠯᠦᠨ ᠬᠤᠷᠢᠶᠠᠬᠤ ᠵᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ ᠠᠬᠤᠶ᠋ᠢᠯᠠᠯ᠎ᠲᠠᠢ ᠨᠡᠪᠲᠡᠷᠡᠯᠴᠡᠬᠦ ᠲᠣᠭᠲᠠᠴᠠ ᠵᠢ ᠪᠠᠶ᠋ᠢᠭᠤᠯᠵᠤ᠂ ᠠᠵᠢᠯ ᠲᠥᠷᠥᠯ᠎ᠤᠨ ᠣᠳᠣᠬᠢ ᠪᠠᠶ᠋ᠢᠳᠠᠯ᠎ᠢ ᠮᠥᠷᠳᠡᠨ ᠵᠠᠳᠠᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠠᠮᠢᠳᠤᠷᠠᠯ᠎ᠤᠨ ᠬᠤᠭ ᠨᠣᠪᠰᠢ ᠵᠢᠨ ᠲᠥᠷᠥᠯ ᠬᠤᠪᠢᠶᠠᠬᠤ ᠠᠵᠢᠯ᠎ᠢ ᠠᠬᠢᠭᠤᠯᠤᠨ᠂ ᠠᠮᠢᠳᠤᠷᠠᠯ᠎ᠤᠨ ᠬᠤᠭ ᠨᠣᠪᠰᠢ ᠵᠢ ᠴᠡᠪᠡᠷᠯᠡᠨ ᠵᠥᠭᠡᠭᠡᠪᠦᠷᠢᠯᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠠᠮᠢᠳᠤᠷᠠᠯ᠎ᠤᠨ ᠬᠤᠭ ᠨᠣᠪᠰᠢ ᠵᠢᠨ ᠡᠬᠢ ᠢᠷᠡᠯᠲᠡ᠎ᠠᠴᠠ᠎ᠨᠢ ᠲᠥᠷᠥᠯ ᠬᠤᠪᠢᠶᠠᠬᠤ᠎ᠯᠤᠭ᠎ᠠ ᠲᠣᠬᠢᠷᠠᠯᠴᠠᠭᠰᠠᠨ ᠲᠥᠷᠥᠯ ᠬᠤᠪᠢᠶᠠᠨ ᠴᠤᠭᠯᠠᠭᠤᠯᠬᠤ ᠪᠡᠯᠡᠳᠬᠡᠮᠵᠢ ᠪᠠ ᠲᠥᠷᠥᠯ ᠬᠤᠪᠢᠶᠠᠨ ᠵᠥᠭᠡᠭᠡᠪᠦᠷᠢᠯᠡᠬᠦ ᠲᠥᠬᠦᠭᠡᠷᠦᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠤ ᠪᠠᠭᠯᠠᠭᠰᠠᠨ ᠪᠣᠳᠠᠰ᠎ᠢ ᠡᠭᠡᠭᠦᠯᠦᠨ ᠬᠤᠷᠢᠶᠠᠵᠤ ᠴᠡᠪᠡᠷᠯᠡᠨ ᠵᠥᠭᠡᠭᠡᠪᠦᠷᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠣᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ
     (ᠵᠢᠷᠭᠤᠭ᠎ᠠ) ᠠᠵᠢᠯ ᠲᠦᠷᠦᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠲᠠᠸᠠᠷ ᠦᠢ᠍ᠯᠡᠳᠪᠦᠷᠢᠯᠡᠬᠦ᠂ ᠪᠣᠷᠣᠯᠠᠭᠤᠯᠬᠤ᠂ ᠲᠤᠰᠢᠶᠠᠨ ᠥᠭᠬᠦ ᠵᠡᠷᠭᠡ ᠭᠤᠭᠴᠣᠭ᠋ᠠᠨ᠎ᠳᠠᠬᠢ ᠡᠵᠡᠩᠨᠡᠭᠴᠢ ᠵᠢ ᠰᠢᠮᠳᠠᠭᠤᠯᠵᠤ ᠪᠠᠶ᠋ᠢᠭ᠋ᠠᠳ ᠬᠡᠳᠤ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠲᠦᠷᠭᠡᠨ ᠢᠯᠡᠭᠡᠯᠲᠡ ᠵᠢᠨ ᠡᠯ᠎ᠡ ᠭᠤᠭᠴᠣᠭ᠋ᠠᠨ᠎ᠳᠠᠬᠢ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭ᠋ᠠᠢ ᠪᠣᠳᠠᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠪᠣᠭᠤᠳᠠᠯᠯᠠᠵᠤ ᠪᠠᠭᠯᠠᠬᠤ ᠤᠭᠤᠲᠠ᠂ ᠬᠡᠲᠦ ᠪᠣᠭᠤᠳᠠᠯᠯᠠᠵᠤ ᠪᠠᠭᠯᠠᠬᠤ ᠪᠠ ᠲᠠᠪᠠ᠎ᠪᠠᠷ ᠪᠣᠭᠤᠳᠠᠯᠯᠠᠵᠤ ᠪᠠᠭᠯᠠᠬᠤ ᠬᠤᠶᠠᠷ ᠲᠤᠰᠬᠠᠢ ᠵᠠᠰᠠᠯᠲᠠ ᠵᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶ᠋ᠢᠯᠠᠯ᠎ᠤᠳ᠎ᠢ ᠰᠢᠮᠳᠠᠭᠤᠯᠵᠤ ᠪᠠᠶ᠋ᠢᠭ᠋ᠠᠳ ᠵᠥᠪᠯᠡᠯᠴᠡᠭᠡᠷ ᠲᠣᠭᠲᠠᠭᠰᠠᠨ ᠬᠡᠷᠡᠭᠯᠡᠭᠴᠢ᠎ᠳᠤ ᠥᠪᠡᠰᠦᠪᠡᠨ ᠪᠣᠭᠤᠳᠠᠯ ᠪᠠᠭᠯᠠᠭ᠎ᠠ ᠪᠡᠯᠡᠳᠬᠡᠬᠦ ᠵᠢ ᠪᠢᠴᠢᠭ ᠵᠶ᠋ᠠᠷ ᠮᠡᠳᠡᠭᠳᠡᠬᠦ ᠡᠭᠦᠷᠭᠡ ᠵᠢ᠎ᠨᠢ ᠭᠦᠢ᠍ᠴᠡᠳᠬᠡᠯᠭᠡᠵᠦ᠂ ᠪᠣᠭᠤᠳᠠᠯ ᠪᠠᠭᠯᠠᠭ᠎ᠠ ᠵᠢᠨ ᠬᠡᠮᠵᠢᠶ᠎ᠡ ᠵᠢ᠎ᠨᠢ ᠪᠠᠭ᠋ᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ ᠵᠡᠷᠭᠡ ᠱᠠᠭ᠋ᠠᠷᠳᠠᠯᠭ᠎ᠠ ᠵᠢ ᠢᠯᠡᠭᠡᠯᠲᠡ ᠵᠢᠨ ᠵᠦᠢ᠍ᠯ᠎ᠢ ᠬᠦᠯᠢᠶᠡᠨ ᠠᠪᠬᠤ ᠦᠢ᠍ᠯᠡᠴᠢᠯᠡᠭᠡᠨ᠎ᠤ ᠵᠥᠪᠯᠡᠯᠴᠡᠭᠡᠷ᠎ᠲᠤ᠎ᠪᠠᠨ ᠣᠷᠤᠭᠤᠯᠬᠤ ᠵᠢ ᠠᠬᠢᠭᠤᠯᠤᠨ᠎ᠠ᠃ ᠡᠯᠸᠺᠲᠷᠤᠨ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠳ᠎ᠢ ᠰᠢᠮᠳᠠᠭᠤᠯᠵᠤ ᠪᠠᠶ᠋ᠢᠭ᠋ᠠᠳ ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠭᠯᠠᠬᠤ᠎ᠳᠤ ᠠᠮᠠᠷᠬᠠᠨ ᠪᠣᠭᠤᠳᠠᠯ ᠪᠠᠭᠯᠠᠭ᠎ᠠ ᠵᠢ ᠡᠩ ᠲᠡᠷᠢᠭᠦᠨ᠎ᠳᠤ ᠬᠡᠷᠡᠭᠯᠡᠭᠦᠯᠦᠨ᠂ ᠬᠦᠢ᠍ᠲᠡᠨ ᠬᠡᠯᠬᠢᠶᠡᠨ᠎ᠳᠤ ᠣᠷᠴᠢᠯᠳᠤᠭᠤᠯᠤᠨ ᠬᠡᠷᠡᠭᠯᠡᠵᠦ ᠪᠣᠯᠬᠤ ᠪᠣᠬᠢᠷᠳᠤᠯ ᠦᠭᠡᠢ ᠳᠠᠮᠵᠢᠭᠤᠯᠬᠤ ᠬᠠᠶ᠋ᠢᠷᠴᠠᠭ᠎ᠢ ᠬᠡᠷᠡᠭᠯᠡᠭᠦᠯᠦᠨ᠎ᠡ᠃ ᠤᠯᠤᠰ᠎ᠤᠨ ᠬᠡᠳᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠠᠵᠤ ᠠᠬᠤᠶ᠋ᠢᠯᠠᠯ᠎ᠤᠳ᠎ᠢ ᠪᠣᠭᠤᠳᠠᠯ ᠪᠠᠭᠯᠠᠭ᠎ᠠ ᠵᠢᠨ ᠡᠵᠡᠯᠡᠬᠦᠨ ᠬᠦᠨᠳᠦᠴᠡ ᠵᠢ ᠪᠠᠭᠤᠷᠠᠭᠤᠯᠵᠤ᠂ ᠪᠣᠭᠤᠳᠠᠯᠯᠠᠵᠤ ᠪᠠᠭᠯᠠᠬᠤ ᠥᠪᠡᠷ᠎ᠤᠨ ᠦᠷᠲᠡᠭ ᠵᠶ᠋ᠠᠨ ᠠᠷᠪᠢᠯᠠᠭᠤᠯᠬᠤ᠎ᠪᠠᠷ ᠬᠥᠲᠥᠯᠥᠨ ᠵᠢᠯᠤᠭᠤᠳᠴᠤ᠂ ᠤᠯᠤᠰ᠎ᠤᠨ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠦᠯᠦ ᠨᠠᠶ᠋ᠢᠳᠠᠪᠤᠷᠢᠵᠢᠭᠤᠯᠤᠭᠰᠠᠨ ᠠᠵᠤ ᠠᠬᠤᠶ᠋ᠢᠯᠠᠯ᠎ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ ᠪᠣᠯᠵᠣᠨ ᠬᠡᠯᠡᠯᠴᠡᠬᠦ ᠵᠡᠷᠭᠡ ᠵᠠᠰᠠᠭ ᠵᠠᠬᠢᠷᠭ᠋ᠠᠨ᠎ᠤ ᠵᠢᠯᠤᠭᠤᠳᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠭᠤᠣᠯ ᠴᠣᠭᠴᠠ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ)
     (ᠳᠣᠯᠤᠭ᠎ᠠ) ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠎ᠠ᠃ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠦᠭᠴᠢᠳ᠎ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶᠠᠨ᠎ᠤ ᠪᠣᠯᠪᠠᠰᠤᠷᠠᠯ ᠬᠦᠷᠲᠡᠭᠡᠬᠦ᠎ᠪᠠᠨ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠤ ᠪᠠᠭᠯᠠᠭᠰᠠᠨ᠎ᠢ ᠰᠤᠭᠤᠴᠢᠨ ᠪᠠᠶ᠋ᠢᠴᠠᠭ᠋ᠠᠵᠤ ᠰᠢᠯᠭ᠋ᠠᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢ᠍ᠯᠡᠳᠪᠦᠷᠢᠯᠡᠨ ᠪᠣᠷᠣᠯᠠᠭᠤᠯᠬᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠰᠤᠭᠤᠴᠢᠨ ᠪᠠᠶ᠋ᠢᠴᠠᠭ᠋ᠠᠯᠲᠠ ᠬᠢᠵᠦ᠂ ᠬᠠᠤᠯᠢ ᠬᠡᠷᠡᠭᠵᠢᠭᠦᠯᠵᠦ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠴᠢᠬᠤᠯᠠ ᠴᠠᠭ ᠤᠯᠠᠷᠢᠯ᠂ ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢ᠍ᠯᠡᠳᠪᠦᠷᠢᠯᠡᠨ ᠡᠵᠡᠩᠨᠡᠬᠦ ᠠᠵᠤ ᠠᠬᠤᠶ᠋ᠢᠯᠠᠯ᠎ᠤᠳ᠎ᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ ᠡᠷᠡᠭᠦᠯᠵᠢᠯ᠎ᠤᠨ ᠢᠳᠡᠭᠡᠨ᠎ᠤ ᠵᠦᠢ᠍ᠯᠡᠰ᠂ ᠵᠠᠰᠠᠯ ᠴᠢᠮᠡᠭᠯᠡᠯ᠎ᠤᠨ ᠡᠳ᠋ ᠵᠡᠷᠭᠡ ᠭᠤᠣᠯ ᠪᠣᠯᠬᠤ ᠲᠠᠸᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ᠎ᠢ ᠦᠢ᠍ᠯᠡᠳᠪᠦᠷᠢᠯᠡᠵᠦ ᠪᠣᠷᠣᠯᠠᠭᠤᠯᠤᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ ᠬᠡᠷᠡᠭ᠎ᠤᠳ᠎ᠢ ᠭᠦᠨ ᠠᠭᠤᠳᠠᠯᠵᠤ ᠨᠠᠷᠢᠨ ᠪᠠᠶ᠋ᠢᠴᠠᠭ᠋ᠠᠬᠤ ᠬᠡᠷᠡᠭᠲᠡᠢ᠃ ᠬᠤᠨᠤᠭ ᠪᠠᠭᠤᠳᠠᠯ᠂ ᠬᠤᠭᠤᠯᠠᠨ ᠭᠡᠷ ᠵᠡᠷᠭᠡ ᠵᠢᠨ ᠳᠡᠭᠡᠳᠦ ᠳᠡᠰ᠎ᠤᠨ ᠵᠠᠬᠢᠶᠠᠯᠠᠭᠰᠠᠨ ᠪᠡᠯᠡᠭ ᠰᠡᠯᠲᠡ ᠬᠠᠩᠭ᠋ᠠᠬᠤ ᠶᠠᠪᠤᠴᠠ᠎ᠳᠠᠬᠢ ᠬᠡᠳᠦ ᠪᠣᠭᠤᠳᠠᠯᠯᠠᠵᠤ ᠪᠠᠭᠯᠠᠬᠤ ᠦᠢ᠍ᠯᠡ ᠠᠵᠢᠯᠯᠠᠭ᠎ᠠ ᠵᠢᠴᠢ ᠰᠣᠶᠣᠯ᠎ᠤᠨ ᠡᠭᠦᠳᠦᠨ ᠪᠦᠲᠦᠭᠡᠯᠭᠡ ᠵᠢᠨ ᠨᠡᠷ᠎ᠡ᠎ᠪᠠᠷ ᠲᠠᠸᠠᠷ ᠬᠡᠳᠦ ᠪᠣᠭᠤᠳᠠᠯᠯᠠᠵᠤ ᠪᠠᠭᠯᠠᠬᠤ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠡᠯᠸᠺᠲᠷᠤᠨ ᠬᠤᠳᠠᠯᠳᠤᠭ᠋ᠠᠨ᠎ᠤ ᠲᠠᠪᠴᠠᠩᠲᠤ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠵᠤ᠂ ᠲᠡᠳᠡᠨ᠎ᠢ ᠰᠢᠮᠳᠠᠭᠤᠯᠵᠤ ᠪᠠᠶ᠋ᠢᠭ᠋ᠠᠳ ᠲᠠᠪᠴᠠᠩ᠎ᠳᠠᠬᠢ ᠡᠵᠡᠩᠨᠡᠭᠴᠢ ᠵᠢᠨ ᠭᠤᠣᠯ ᠴᠣᠭᠴᠠᠲᠤ ᠬᠢᠷᠢ ᠬᠡᠮ ᠪᠠ ᠲᠠᠸᠠᠷ᠎ᠤᠨ ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ᠎ᠪᠠᠨ ᠴᠢᠩᠭ᠋ᠠᠳᠬᠠᠯᠭ᠋ᠠᠬᠤ ᠵᠢᠨ ᠬᠠᠮᠲᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ᠎ᠳᠤ ᠢᠳᠡᠪᠬᠢᠲᠡᠢ ᠬᠠᠮᠵᠢᠯᠴᠠᠭᠤᠯᠤᠨ᠎ᠠ᠃ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠵᠢ ᠪᠠᠷᠢᠮᠲᠠᠯᠠᠨ᠂ ᠡᠯᠸᠺᠲᠷᠤᠨ ᠬᠤᠳᠠᠯᠳᠤᠭ᠋ᠠᠨ᠎ᠤ ᠠᠷᠭ᠎ᠠ ᠵᠠᠮ ᠵᠶ᠋ᠠᠷ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠬᠤ ᠲᠠᠯ᠎ᠠ᠎ᠪᠠᠷ᠎ᠬᠢ ᠪᠠᠶ᠋ᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠦᠯᠵᠢᠶᠡᠨ᠎ᠳᠤ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠤᠨ ᠬᠤᠳᠠᠯᠳᠤᠵᠤ ᠪᠠᠶ᠋ᠢᠭ᠎ᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠬᠡᠷᠡᠭᠯᠡᠭᠴᠢᠳ᠎ᠤᠨ ᠵᠠᠭ᠋ᠠᠯᠳᠤᠬᠤ ᠵᠠᠮ ᠮᠥᠷ᠎ᠢ ᠰᠢᠯᠤᠭᠤᠳᠬᠠᠨ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠡᠯ᠎ᠡ ᠲᠥᠷᠥᠯ᠎ᠤᠨ ᠰᠦᠪᠡᠭᠴᠢ ᠵᠢ ᠭᠦᠢ᠍ᠴᠡᠳ ᠠᠭᠤᠳᠠᠯᠵᠤ᠂ ᠬᠡᠷᠡᠭᠯᠡᠭᠴᠢᠳ᠎ᠤᠨ ᠲᠤᠰᠬᠠᠯ ᠶᠡᠭᠡ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠤᠳ᠎ᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠠᠵᠤ ᠠᠬᠤᠶ᠋ᠢᠯᠠᠯ᠎ᠤᠨ ᠪᠣᠭᠤᠳᠠᠯ ᠪᠠᠭᠯᠠᠭ᠎ᠠ ᠵᠢᠨ ᠬᠤᠯᠪᠣᠭᠳᠠᠯ ᠪᠦᠬᠦᠢ ᠪᠠᠷᠢᠮᠵᠢᠶ᠎ᠠ ᠵᠢ ᠢᠯᠡ᠎ᠪᠠᠷ ᠬᠡᠷᠡᠭᠵᠢᠭᠦᠯᠦᠭᠰᠡᠨ ᠪᠠᠶ᠋ᠢᠳᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠬᠢᠬᠦ ᠵᠢ ᠴᠢᠩᠭ᠋ᠠᠳᠬᠠᠨ᠎ᠠ᠃ ᠴᠠᠭ᠎ᠲᠤ᠎ᠨᠢ ᠲᠣᠬᠢᠷᠠᠭᠤᠯᠵᠤ ᠡᠰᠡᠷᠭᠦ ᠲᠠᠯ᠎ᠠ ᠵᠢᠨ ᠬᠡᠷᠡᠭ᠎ᠤᠨ ᠵᠢᠱ᠌ᠢᠶ᠎ᠡ ᠵᠢ ᠨᠡᠶ᠋ᠢᠭᠡᠮ᠎ᠳᠤ ᠢᠯᠡᠷᠡᠭᠦᠯᠦᠨ ᠨᠡᠶ᠋ᠢᠲᠡᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠡᠯ᠎ᠡ ᠠᠶ᠋ᠢᠮᠠᠭ ᠬᠤᠲᠠ ᠵᠢ ᠵᠢᠯᠤᠭᠤᠳᠴᠤ ᠪᠠᠶ᠋ᠢᠭ᠋ᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠴᠢᠩᠭ᠋ᠠᠳᠬᠠᠯᠭ᠋ᠠᠵᠦ᠂ ᠱᠠᠩᠨᠠᠵᠤ ᠵᠠᠯᠬᠠᠭ᠋ᠠᠬᠤ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠠᠰᠠᠭᠤᠳᠠᠯ ᠵᠶ᠋ᠠᠨ ᠴᠡᠭᠴᠡᠯᠡᠨ ᠵᠠᠯᠠᠷᠠᠭᠤᠯᠬᠤ ᠵᠢ ᠰᠢᠮᠳᠠᠭᠤᠯᠵᠤ᠂ ᠲᠡᠷᠢᠭᠦᠨ᠎ᠤ᠎ᠬᠢ ᠵᠢ᠎ᠨᠢ ᠨᠡᠪᠲᠡᠷᠡᠭᠦᠯᠦᠨ ᠰᠠᠶ᠋ᠢᠰᠢᠶᠠᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠡᠯ᠎ᠡ ᠠᠶ᠋ᠢᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠨ ᠲᠠᠸᠠᠷ ᠬᠡᠲᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠵᠦ ᠪᠠᠶ᠋ᠢᠭ᠎ᠠ ᠠᠵᠢᠯ᠎ᠤᠨ ᠠᠬᠢᠴᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ᠎ᠤᠨ ᠨᠢᠭᠡᠳᠦᠯᠲᠡᠢ ᠪᠠᠶ᠋ᠢᠷᠢᠯᠠᠭᠤᠯᠤᠯᠲᠠ ᠵᠢ ᠦᠨᠳᠦᠰᠦᠯᠡᠨ ᠨᠡᠶ᠋ᠢᠭᠡᠮ᠎ᠤᠨ ᠬᠠᠨᠤᠮᠵᠢ ᠵᠢᠨ ᠬᠡᠮᠵᠢᠶᠡᠨ᠎ᠤ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠠᠷᠢᠭᠤᠴᠠᠨ᠎ᠠ) ᠲᠦᠷᠭᠡᠨ ᠢᠯᠡᠭᠡᠯᠲᠡ ᠵᠢᠨ ᠬᠡᠲᠦ ᠪᠣᠭᠤᠳᠠᠯᠯᠠᠵᠤ ᠪᠠᠭᠯᠠᠬᠤ ᠵᠢᠨ ᠬᠠᠤᠯᠢ ᠬᠡᠷᠡᠭᠵᠢᠭᠦᠯᠬᠦ ᠪᠠᠶ᠋ᠢᠴᠠᠭ᠋ᠠᠯᠲᠠ ᠵᠢ ᠪᠠᠶ᠋ᠢᠩᠭᠤᠵᠢᠭᠰᠠᠨ ᠪᠠᠶ᠋ᠢᠴᠠᠭ᠋ᠠᠯᠲᠠ ᠵᠢᠨ ᠠᠭᠤᠯᠭ᠎ᠠ᠎ᠳᠤ ᠣᠷᠣᠭᠤᠯᠤᠨ᠂ 《ᠬᠤᠶᠠᠷ᠎ᠢ ᠰᠤᠭᠤᠴᠢᠬᠤ᠂ ᠨᠢᠭᠡ ᠵᠢ ᠢᠯᠡ ᠪᠠᠶ᠋ᠢᠯᠭ᠋ᠠᠬᠤ》 ᠵᠠᠷᠴᠢᠮ ᠶᠣᠰᠣᠭ᠋ᠠᠷ᠂ ᠢᠯᠡᠭᠡᠨ ᠬᠦᠷᠭᠡᠬᠦ ᠠᠵᠤ ᠠᠬᠤᠶ᠋ᠢᠯᠠᠯ ᠪᠦᠭᠦᠨ᠎ᠳᠤ ᠣᠨ᠎ᠤ ᠥᠪᠡᠷ᠎ᠢ᠎ᠪᠠᠨ ᠪᠠᠶ᠋ᠢᠴᠠᠭ᠋ᠠᠬᠤ ᠪᠠ ᠰᠤᠭᠤᠴᠢᠨ ᠪᠠᠶ᠋ᠢᠴᠠᠭ᠋ᠠᠬᠤ ᠠᠵᠢᠯ᠎ᠢ ᠬᠠᠮᠤᠷᠠᠭᠤᠯᠤᠨ ᠪᠡᠶᠡᠯᠡᠭᠦᠯᠵᠦ᠂ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ᠎ᠳᠤ ᠬᠤᠯᠪᠣᠭᠳᠠᠭᠰᠠᠨ ᠡᠯ᠎ᠡ ᠲᠥᠷᠥᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ (ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      ᠭᠤᠷᠪᠠ᠂ ᠲᠤᠯᠭ᠋ᠠᠭᠤᠷᠢᠯᠠᠵᠤ ᠪᠠᠲᠤᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ
     (ᠨᠠᠢ᠍ᠮᠠ) ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠨ᠎ᠠ᠃ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠋ᠠᠲᠤ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ᠂ 《ᠪᠥᠭᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠣᠷᠴᠢᠯ ᠠᠵᠤ ᠠᠬᠤᠢ ᠵᠢ ᠠᠬᠢᠭᠤᠯᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ ᠲᠣᠭᠤᠷᠢᠨ᠎ᠢ ᠪᠣᠬᠢᠷᠲᠤᠭᠤᠯᠬᠤ ᠵᠢ ᠰᠡᠷᠭᠡᠶ᠋ᠢᠯᠡᠨ ᠵᠠᠰᠠᠬᠤ ᠬᠠᠤᠯᠢ》 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 《ᠪᠥᠭᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠲᠤ ᠠᠷᠠᠳ ᠤᠯᠤᠰ᠎ᠤᠨ ᠦᠨ᠎ᠡ ᠬᠠᠩᠰᠢ ᠵᠢᠨ ᠬᠠᠤᠯᠢ》 《ᠲᠦᠷᠭᠡᠨ ᠢᠯᠡᠭᠡᠯᠲᠡ ᠵᠢᠨ ᠲᠦᠷ ᠬᠡᠷᠡᠭᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠲᠤᠭᠤᠰᠢᠯᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ᠎ᠬᠢᠨ᠎ᠤ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠲᠤᠬᠠᠢ ᠬᠠᠤᠯᠢ ᠴᠠᠭ᠋ᠠᠵᠠ ᠵᠢᠨ ᠤᠬᠠᠮᠰᠠᠷ᠂ ᠨᠡᠶ᠋ᠢᠭᠡᠮ ᠨᠡᠶ᠋ᠢᠲᠡ ᠵᠢᠨ᠎ᠬᠢᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠠᠤᠯᠢ ᠴᠠᠭ᠋ᠠᠵᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠶᠢᠰᠦ) ᠬᠠᠮᠢᠶ᠎ᠠ ᠪᠦᠬᠦᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠤᠯᠤᠰ᠎ᠤᠨ ᠢᠳᠡᠰᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠲᠦᠷᠭᠡᠨ ᠢᠯᠡᠭᠡᠯᠲᠡ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠂ ᠢᠳᠡᠭᠡᠨ᠎ᠤ ᠵᠦᠢ᠍ᠯ ᠪᠠ ᠵᠠᠰᠠᠯ ᠴᠢᠮᠡᠭᠯᠡᠯ᠎ᠤᠨ ᠡᠳ᠋ ᠵᠡᠷᠭᠡ ᠵᠢᠨ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠨᠡᠪᠲᠡᠷᠬᠡᠢ ᠳᠦᠷᠢᠮ᠎ᠤᠨ ᠪᠠᠷᠢᠮᠵᠢᠶ᠎ᠠ ᠵᠢ ᠲᠣᠭᠲᠠᠭ᠋ᠠᠭᠰᠠᠨ (ᠵᠠᠰᠠᠪᠤᠷᠢ ᠣᠷᠣᠭᠤᠯᠤᠭᠰᠠᠨ) ᠪᠠᠶ᠋ᠢᠳᠠᠯ᠎ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠪᠠᠷᠢᠮᠵᠢᠶ᠎ᠠ ᠵᠢ ᠲᠤᠭᠤᠰᠢᠯᠠᠭᠤᠯᠤᠨ ᠬᠡᠷᠡᠭᠵᠢᠭᠦᠯᠬᠦ᠎ᠪᠠᠨ ᠴᠢᠩᠭ᠋ᠠᠳᠬᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠥᠷ ᠮᠣᠩᠭᠤᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠠᠷᠪᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠣᠨ᠎ᠤ ᠲᠥᠰᠥᠪ ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ᠂ ᠲᠦᠷᠭᠡᠨ ᠢᠯᠡᠭᠡᠯᠲᠡ ᠵᠢᠨ ᠬᠡᠲᠦ ᠪᠣᠭᠤᠳᠠᠯᠯᠠᠵᠤ ᠪᠠᠭᠯᠠᠬᠤ ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠬᠤ ᠠᠵᠢᠯ᠎ᠢ ᠤᠷᠤᠭᠰᠢᠲᠠᠢ ᠡᠮᠬᠢ ᠵᠢᠷᠤᠮ᠎ᠲᠠᠢ᠎ᠪᠠᠷ ᠥᠷᠨᠢᠭᠦᠯᠬᠦ ᠵᠢ ᠪᠠᠲᠤᠯᠠᠬᠤ᠎ᠳᠤ ᠬᠡᠷᠡᠭᠯᠡᠨ᠎ᠡ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠡᠯ᠎ᠡ ᠠᠶ᠋ᠢᠮᠠᠭ ᠬᠤᠲᠠ ᠵᠢ ᠵᠢᠭ᠋ᠠᠨ ᠵᠢᠯᠤᠭᠤᠳᠴᠤ ᠪᠠᠶ᠋ᠢᠭ᠋ᠠᠳ ᠬᠠᠶᠠᠭᠳᠠᠮᠠᠯ ᠪᠣᠭᠤᠳᠠᠯ ᠪᠠᠭᠯᠠᠭ᠎ᠠ ᠵᠢᠨ ᠪᠣᠳᠠᠰ᠎ᠢ ᠡᠬᠢ ᠪᠠᠶᠠᠯᠢᠭᠵᠢᠭᠤᠯᠬᠤ ᠪᠠ ᠤᠷᠴᠢᠯᠳᠤᠭᠤᠯᠤᠨ ᠠᠰᠢᠭᠯᠠᠬᠤ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠵᠤ᠂ ᠲᠥᠪ᠎ᠤᠨ ᠲᠥᠰᠥᠪ᠎ᠲᠠᠬᠢ ᠪᠡᠯᠡ ᠮᠥᠩᠭᠦᠨ᠎ᠤ ᠣᠷᠤᠭᠤᠯᠤᠯᠲᠠ ᠬᠢᠬᠦ ᠬᠠᠨᠳᠤᠰᠢ ᠵᠢ ᠦᠨᠳᠦᠰᠦᠯᠡᠨ᠂ ᠳᠡᠮᠵᠢᠯᠭᠡ ᠣᠯᠬᠤ᠎ᠪᠠᠷ ᠢᠳᠡᠪᠬᠢᠲᠡᠢ ᠴᠢᠷᠮᠠᠶ᠋ᠢᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠠᠷᠢᠭᠤᠴᠠᠨ᠎ᠠ) ᠵᠠᠰᠠᠭ᠎ᠤᠨ ᠣᠷᠳᠣᠨ᠎ᠤ ᠪᠣᠬᠢᠷᠳᠤᠯ ᠦᠭᠡᠢ ᠵᠢᠨ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ 《ᠲᠠᠸᠠᠷ᠎ᠤᠨ ᠪᠣᠭᠤᠳᠠᠯ ᠪᠠᠭᠯᠠᠭ᠎ᠠ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 《ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠴᠢᠩᠭ᠎ᠠ ᠵᠢᠷᠤᠮᠯᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠨ ᠬᠥᠲᠥᠯᠥᠨ ᠵᠢᠯᠤᠭᠤᠳᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ) ᠤᠯᠤᠰ᠎ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠥᠷᠥᠯ ᠵᠦᠢ᠍ᠯ᠎ᠢ ᠢᠳᠡᠪᠬᠢᠲᠡᠢ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠶ᠋ᠢᠭᠤᠯᠵᠤ᠂ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢ ᠪᠣᠬᠢᠷᠳᠤᠯ ᠦᠭᠡᠢ᠎ᠪᠠᠷ ᠵᠢᠷᠤᠵᠤ ᠲᠥᠯᠥᠪᠯᠡᠬᠦ ᠪᠠ ᠡᠨᠧᠷᠭᠢ ᠵᠢᠨ ᠬᠤᠷᠣᠭᠳᠠᠯ ᠪᠠᠭ᠎ᠠ ᠣᠶᠤᠨᠯᠢᠭ ᠪᠠᠷᠠᠭ᠋ᠠᠨ᠎ᠤ ᠭᠦᠢ᠍ᠯᠭᠡᠭᠡ᠎ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠵᠢᠨ᠎ᠬᠢ ᠮᠡᠷᠭᠡᠵᠢᠯ᠎ᠤᠨ ᠰᠤᠳᠤᠯᠤᠨ ᠨᠡᠭᠡᠭᠡᠬᠦ ᠠᠵᠢᠯ᠎ᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠷᠢᠭᠤᠴᠠᠨ᠎ᠠ)
     (ᠠᠷᠪᠠᠨ ᠨᠢᠭᠡ) ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠨ᠎ᠠ᠃ ᠬᠠᠮᠢᠶ᠎ᠠ ᠪᠦᠬᠦᠢ ᠠᠵᠢᠯ ᠲᠥᠷᠥᠯ᠎ᠤᠨ ᠨᠡᠶ᠋ᠢᠭᠡᠮᠯᠢᠭ᠎ᠢ ᠰᠢᠮᠳᠠᠭᠤᠯᠤᠨ ᠵᠢᠯᠤᠭᠤᠳᠴᠤ ᠪᠠᠶ᠋ᠢᠭ᠋ᠠᠳ ᠠᠵᠢᠯ ᠲᠥᠷᠥᠯ᠎ᠳᠤ ᠭᠦᠨᠵᠡᠭᠡᠶ᠋ᠢᠷᠡᠬᠦ᠂ ᠠᠵᠤ ᠠᠬᠤᠶ᠋ᠢᠯᠠᠯ᠎ᠳᠤ ᠦᠢ᠍ᠯᠡᠴᠢᠯᠡᠬᠦ᠂ ᠨᠡᠶ᠋ᠢᠯᠡᠮᠡᠯ ᠬᠦᠴᠦᠨ ᠵᠶ᠋ᠠᠨ ᠨᠢᠭᠲᠠᠷᠠᠭᠤᠯᠬᠤ᠎ᠳᠠᠬᠢ ᠣᠨᠴᠠᠭ᠋ᠠᠢ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠤᠨ᠂ ᠠᠵᠢᠯ ᠲᠥᠷᠥᠯ᠎ᠤᠨ ᠳᠣᠲᠣᠭ᠋ᠠᠳᠤᠬᠢ ᠦᠢ᠍ᠯᠡᠳᠪᠦᠷᠢᠯᠡᠬᠦ᠂ ᠪᠣᠷᠣᠯᠠᠭᠤᠯᠬᠤ ᠵᠡᠷᠭᠡ ᠠᠵᠤ ᠠᠬᠤᠶ᠋ᠢᠯᠠᠯ᠎ᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠤᠬᠠᠭᠤᠯᠤᠨ ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠲᠠᠸᠠᠷ᠎ᠤᠨ ᠳᠥᠭᠦᠮ ᠪᠣᠷᠣᠭᠵᠢᠭᠤᠨ ᠪᠣᠭᠤᠳᠠᠯᠯᠠᠵᠤ ᠪᠠᠭᠯᠠᠬᠤ ᠲᠠᠯ᠎ᠠ᠎ᠪᠠᠷ᠎ᠬᠢ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢᠷᠤᠮᠵᠢᠯ᠎ᠢ ᠠᠯᠬᠤᠮ ᠠᠯᠬᠤᠮ ᠵᠶ᠋ᠠᠷ ᠪᠣᠢ ᠪᠣᠯᠭ᠋ᠠᠨ᠎ᠠ᠃ ᠬᠠᠮᠢᠶ᠎ᠠ ᠪᠦᠬᠦᠢ ᠠᠵᠢᠯ ᠲᠥᠷᠥᠯ᠎ᠤᠨ ᠨᠡᠶ᠋ᠢᠭᠡᠮᠯᠢᠭ᠎ᠨᠢ ᠠᠵᠢᠯ ᠲᠥᠷᠥᠯ᠎ᠤᠨ ᠳᠣᠲᠣᠭ᠋ᠠᠳᠤᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠲᠠᠯ᠎ᠠ ᠵᠢᠨ ᠪᠠᠶ᠋ᠢᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠪᠠᠶ᠋ᠢᠳᠠᠯ᠎ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠢ᠎ᠳᠤ᠎ᠨᠢ ᠣᠨᠣᠪᠴᠢᠲᠠᠢ᠎ᠪᠠᠷ ᠲᠤᠭ᠎ᠠ ᠪᠠᠷᠢᠮᠲᠠ ᠵᠢᠨ ᠮᠡᠳᠡᠭᠡ ᠵᠠᠩᠭᠢ ᠬᠠᠩᠭ᠋ᠠᠵᠤ᠂ ᠨᠡᠶ᠋ᠢᠭᠡᠮ᠎ᠳᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠤᠷᠢᠭᠯᠠᠨ ᠵᠣᠭᠰᠣᠭ᠋ᠠᠭᠰᠠᠨ ᠮᠡᠳᠡᠭᠦᠯᠦᠯᠲᠡ ᠵᠢ ᠨᠡᠶ᠋ᠢᠲᠡᠯᠡᠨ᠂ ᠠᠵᠢᠯ ᠲᠥᠷᠥᠯ᠎ᠤᠨ ᠬᠦᠷᠢᠶ᠎ᠡ ᠴᠠᠷᠠᠭ᠋ᠠᠨ᠎ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ᠎ᠪᠠᠨ ᠬᠢᠵᠠᠭ᠋ᠠᠷᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠤᠭᠰᠠᠨ ᠵᠢᠴᠢ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠵᠢ ᠳᠡᠯᠭᠡᠷᠡᠭᠦᠯᠦᠨ ᠬᠡᠷᠡᠭᠯᠡᠭᠰᠡᠨ ᠪᠠᠶ᠋ᠢᠳᠠᠯ᠎ᠢ ᠨᠡᠶ᠋ᠢᠲᠡᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠬᠠᠮᠢᠶ᠎ᠠ ᠪᠦᠬᠦᠢ ᠠᠵᠢᠯ ᠲᠥᠷᠥᠯ᠎ᠤᠨ ᠨᠡᠶ᠋ᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      ᠳᠥᠷᠪᠡ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠎ᠪᠠᠨ ᠴᠢᠩᠭ᠋ᠠᠳᠬᠠᠨ᠎ᠠ
     (ᠠᠷᠪᠠᠨ ᠬᠤᠶᠠᠷ) ᠵᠣᠬᠢᠶᠠᠨ ᠪᠠᠶ᠋ᠢᠭᠤᠯᠵᠤ ᠵᠣᠬᠢᠴᠠᠭᠤᠯᠬᠤ᠎ᠪᠠᠨ ᠴᠢᠩᠭ᠋ᠠᠳᠬᠠᠨ᠎ᠠ᠃ ᠰᠠᠯᠠᠭ᠎ᠠ ᠮᠥᠴᠢᠷ᠎ᠤᠨ ᠬᠤᠭᠤᠷᠤᠨᠳᠤᠬᠢ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠠᠵᠢᠯ᠎ᠤᠨ ᠵᠥᠪᠳᠡᠯᠴᠡᠬᠦ ᠲᠣᠭᠲᠠᠴᠠ ᠵᠢ ᠪᠠᠶ᠋ᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠵᠠᠰᠠᠭᠰᠠᠨ ᠠᠵᠢᠯ᠎ᠤᠨ ᠠᠬᠢᠴᠠ᠎ᠪᠠᠨ ᠳ᠋ᠦᠩᠨᠡᠵᠦ᠂ ᠣᠷᠣᠰᠢᠵᠤ ᠪᠠᠶ᠋ᠢᠭ᠎ᠠ ᠠᠰᠠᠭᠤᠳᠠᠯ᠎ᠤᠳ᠎ᠲᠤ ᠴᠢᠭᠯᠡᠭᠦᠯᠦᠨ ᠳᠠᠷᠠᠭ᠋ᠠᠴᠢ ᠵᠢᠨ ᠠᠯᠬᠤᠮ᠎ᠤᠨ ᠭᠤᠣᠯᠳᠠᠯᠭ᠎ᠠ ᠪᠣᠯᠬᠤ ᠠᠵᠢᠯ ᠵᠶ᠋ᠠᠨ ᠬᠠᠷᠠᠯᠲᠠ ᠬᠠᠨᠳᠤᠯᠭ᠎ᠠ᠎ᠲᠠᠢ᠎ᠪᠠᠷ ᠰᠤᠳᠤᠯᠤᠨ ᠪᠠᠶ᠋ᠢᠷᠢᠯᠠᠭᠤᠯᠵᠤ᠂ ᠴᠢᠬᠤᠯᠠ ᠶᠡᠭᠡ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤ᠎ᠨᠢ ᠮᠡᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
     (ᠠᠷᠪᠠᠨ ᠭᠤᠷᠪᠠ) ᠬᠠᠷᠢᠶᠠᠲᠤ ᠭᠠᠵᠠᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ᠎ᠪᠠᠨ ᠲᠠᠸᠠᠷ ᠬᠡᠲᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠠᠵᠢᠯ᠎ᠢ ᠶᠡᠷᠦᠩᠬᠡᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠠᠵᠢᠯ᠎ᠤᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠦᠨᠳᠦᠰᠦᠯᠡᠨ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠤ ᠪᠠᠭᠯᠠᠬᠤ᠎ᠳᠤ ᠵᠠᠰᠠᠯᠲᠠ ᠬᠢᠬᠦ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠶ᠋ᠢᠳᠠᠪᠤᠷᠢᠵᠢᠭᠤᠯᠤᠨ᠎ᠠ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
     (ᠠᠷᠪᠠᠨ ᠳᠥᠷᠪᠡ) ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠣᠨᠢᠨ ᠮᠡᠳᠡᠭᠡᠨ᠎ᠤ ᠵᠠᠭᠤᠴᠢᠯᠠᠭᠤᠷ᠎ᠢ ᠵᠢᠯᠤᠭᠤᠳᠴᠤ ᠪᠠᠶ᠋ᠢᠭ᠋ᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠵᠢ ᠬᠢᠵᠠᠭ᠋ᠠᠷᠯᠠᠬᠤ ᠪᠠᠷᠢᠮᠵᠢᠶ᠎ᠠ ᠪᠠ ᠲᠥᠷᠥ ᠵᠢᠨ ᠪᠣᠳᠣᠯᠭ᠎ᠠ ᠵᠢ ᠶᠡᠭᠡ᠎ᠪᠠᠷ ᠤᠬᠠᠭᠤᠯᠤᠨ ᠲᠠᠶ᠋ᠢᠯᠤᠮᠵᠢ ᠬᠢᠵᠦ᠂ ᠪᠣᠬᠢᠷᠳᠤᠯ ᠦᠭᠡᠢ ᠠᠷᠪᠢᠴᠢ ᠭᠠᠮᠲᠠᠢ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠎ᠠ᠃ ᠨᠡᠶ᠋ᠢᠲᠡᠯᠢᠭ ᠠᠷᠭ᠎ᠠ ᠬᠢᠳᠡᠯ᠂ ᠲᠡᠷᠢᠭᠦᠨ᠎ᠤ ᠨᠢᠭᠡᠴᠢ ᠪᠠ ᠬᠤᠪᠢ ᠬᠥᠮᠥᠨ᠎ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠳ᠎ᠢ ᠳᠡᠰ ᠳᠠᠷᠠᠭ᠋ᠠᠯᠠᠯ ᠶᠣᠰᠣᠭ᠋ᠠᠷ ᠴᠠᠭ᠎ᠲᠤ᠎ᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ ᠨᠡᠶ᠋ᠢᠭᠡᠮ ᠵᠶ᠋ᠠᠷ ᠵᠶ᠋ᠠᠨ ᠣᠷᠣᠯᠴᠠᠭᠰᠠᠨ ᠰᠠᠶ᠋ᠢᠨ ᠰᠠᠶ᠋ᠢᠬᠠᠨ ᠣᠷᠴᠢᠨ ᠠᠬᠤᠢ ᠵᠢ ᠪᠣᠢ ᠪᠣᠯᠭ᠋ᠠᠨ᠎ᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠳ ᠲᠦᠷᠦᠭᠦᠯᠡᠨ ᠰᠠᠨᠠᠭ᠋ᠠᠴᠢᠯᠠᠭ᠎ᠠ᠎ᠠᠴᠠ᠎ᠪᠠᠨ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ᠎ᠢ ᠡᠰᠡᠷᠭᠦᠴᠡᠨ ᠬᠤᠷᠢᠭᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠣᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
              2023 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ ᠳᠠᠷᠤᠮᠠᠯᠯᠠᠨ ᠲᠠᠷᠬᠠᠭ᠋ᠠᠪᠠ

   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ