ᠢᠯᠡ ᠵᠠᠰᠠᠭ   -   ᠪᠢᠴᠢᠭ ᠮᠠᠲ᠋ᠧᠷᠢᠶᠠᠯ
ᠨᠠᠮ᠎ᠤᠨ ᠲᠥᠪ ᠬᠤᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-02-26

    ᠣᠶ᠋ᠢᠷ᠎ᠠ᠎ᠳᠤ᠂ ᠨᠠᠮ᠎ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠷᠢᠨ ᠬᠢᠨᠠᠮᠠᠭ᠋ᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
    ᠮᠡᠳᠡᠭᠳᠡᠯ᠎ᠳᠤ᠂ 《ᠳᠦᠷᠢᠮ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠳᠦᠷᠢᠮ ᠵᠶ᠋ᠠᠷ ᠦᠨᠳᠦᠰᠦᠨ ᠦᠨᠳᠦᠰᠦᠯᠡᠯ ᠪᠤᠯᠭ᠋ᠠᠵᠤ᠂ ᠰᠢᠨ᠎ᠡ ᠴᠠᠭ ᠦᠶ᠎ᠡ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠨᠤᠯ᠎ᠤᠨ ᠰᠢᠨ᠎ᠡ ᠡᠭᠦᠳᠦᠯᠲᠡ᠂ ᠦᠢ᠍ᠯᠡᠳᠦᠯᠭᠡ ᠵᠢᠨ ᠰᠢᠨ᠎ᠡ ᠡᠭᠦᠳᠦᠯᠲᠡ᠂ ᠳᠦᠷᠢᠮ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠳ᠋ᠦᠩᠨᠡᠵᠦ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠪᠠᠶ᠋ᠢᠭᠤᠯᠤᠮᠵᠢ ᠲᠣᠭᠲᠠᠴᠠ᠂ ᠬᠠᠷᠢᠭᠤᠴᠠᠯᠭ᠎ᠠ ᠵᠢᠨ ᠰᠢᠰᠲ᠋ᠧᠮ᠎ᠢ ᠴᠢᠨᠠᠭᠰᠢᠳᠠ ᠪᠦᠷᠢᠨᠰᠢᠭᠦᠯᠬᠦ᠎ᠨᠢ ᠨᠠᠮ᠎ᠤᠨ ᠲᠥᠪ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
    ᠮᠡᠳᠡᠭᠳᠡᠯ᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) 《ᠳᠦᠷᠢᠮ》᠎ᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠤᠯᠭ᠋ᠠᠵᠤ᠂ ᠤᠬᠠᠭᠤᠯᠤᠨ ᠲᠠᠶ᠋ᠢᠯᠪᠤᠷᠢᠯᠠᠬᠤ ᠪᠠ ᠱᠠᠯᠠᠪᠳᠠᠭᠤᠯᠤᠨ ᠪᠠᠶ᠋ᠢᠴᠠᠭ᠋ᠠᠬᠤ ᠵᠢ ᠰᠠᠶ᠋ᠢᠲᠤᠷ ᠠᠳᠬᠤᠵᠤ᠂ 《ᠳᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠯᠲᠠ ᠵᠢᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ 《ᠬᠤᠶᠠᠷ᠎ᠢ ᠬᠠᠮᠠᠭ᠋ᠠᠯᠠᠬᠤ》᠎ᠪᠠᠷ ᠦᠨᠳᠦᠰᠦᠨ ᠡᠭᠦᠷᠭᠡ ᠪᠤᠯᠭ᠋ᠠᠵᠤ᠂ ᠤᠯᠤᠰ ᠲᠦᠷᠦ ᠵᠢᠨ ᠬᠢᠨᠠᠯᠲᠠ ᠵᠢ ᠪᠣᠳᠠᠲᠠᠶ᠋ᠢᠵᠢᠭᠤᠯᠵᠤ᠂ ᠣᠨᠣᠴᠠᠲᠠᠢ ᠪᠤᠯᠭ᠋ᠠᠵᠤ᠂ ᠪᠠᠶ᠋ᠢᠩᠭᠤᠵᠢᠭᠤᠯᠬᠤ ᠵᠢ ᠠᠬᠢᠭᠤᠯᠬᠤ ᠬᠡᠷᠡᠭᠲᠡᠢ᠃ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠋ᠠᠳᠬᠠᠬᠤ ᠲᠠᠯ᠎ᠠ᠎ᠪᠠᠷ ᠦᠨᠡᠨ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠣᠯᠬᠤ ᠵᠢ ᠡᠷᠬᠢᠮᠯᠡᠨ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠲᠣᠭᠤᠷᠢᠨ ᠪᠠᠶ᠋ᠢᠴᠠᠭ᠋ᠠᠭᠰᠠᠨ ᠦᠷ᠎ᠡ ᠪᠦᠲᠦᠭᠡᠯ᠎ᠢ ᠶᠡᠷᠦᠩᠬᠡᠶ᠋ᠢᠯᠡᠨ ᠰᠠᠶ᠋ᠢᠲᠤᠷ ᠬᠡᠷᠡᠭᠯᠡᠵᠦ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠲᠣᠭᠤᠷᠢᠨ ᠪᠠᠶ᠋ᠢᠴᠠᠭ᠋ᠠᠯᠲᠠ ᠵᠢᠨ ᠶᠡᠷᠦᠩᠬᠡᠶ᠋ᠢᠯᠡᠨ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠣᠭᠤᠷᠢᠨ ᠪᠠᠶ᠋ᠢᠴᠠᠭ᠋ᠠᠬᠤ ᠪᠠ ᠪᠤᠰᠤᠳ ᠬᠢᠨᠠᠯᠲᠠ ᠵᠢ ᠨᠡᠪᠲᠡᠷᠡᠭᠦᠯᠦᠨ ᠵᠣᠬᠢᠴᠠᠭᠤᠯᠬᠤ ᠵᠢ ᠴᠢᠩᠭ᠋ᠠᠳᠬᠠᠵᠤ᠂ ᠬᠢᠨᠠᠯᠲᠠ ᠲᠠᠯᠪᠢᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶ᠋ᠢᠴᠠᠭ᠋ᠠᠬᠤ᠎ᠪᠠᠷ ᠴᠠᠭᠳᠠᠨ ᠪᠠᠶ᠋ᠢᠴᠠᠭ᠋ᠠᠬᠤ ᠵᠢ ᠳᠠᠭ᠋ᠠᠭᠤᠯᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠤᠯᠪᠤᠭ᠋ᠠᠯᠠᠨ ᠬᠥᠳᠡᠯᠦᠯᠴᠡᠬᠦ ᠰᠢᠰᠲ᠋ᠧᠮ᠎ᠤᠨ ᠳᠠᠪᠠᠭᠤᠯᠢᠭ᠎ᠢ ᠪᠠᠳᠠᠷᠠᠭᠤᠯᠵᠤ᠂ ᠬᠢᠨᠠᠯᠲᠠ ᠲᠠᠯᠪᠢᠬᠤ ᠲᠣᠣᠷ᠎ᠢ ᠪᠠᠲᠤ ᠪᠠᠬᠢ ᠨᠢᠭᠲᠠ ᠰᠦᠯᠵᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠳᠦᠷᠢᠮ》᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠶ᠋ᠢᠳᠠᠯ ᠪᠠ ᠰᠠᠨᠠᠭᠤᠯᠭ᠎ᠠ ᠵᠢ ᠴᠠᠭ ᠲᠤᠬᠠᠢ᠎ᠳᠤ᠎ᠨᠢ ᠨᠠᠮ᠎ᠤᠨ ᠲᠥᠪ ᠬᠤᠷᠢᠶ᠎ᠠ᠎ᠳᠤ ᠮᠡᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
    《ᠳᠦᠷᠢᠮ》᠎ᠤᠨ ᠪᠦᠭᠦ ᠠᠭᠤᠯᠭ᠎ᠠ᠎ᠨᠢ ᠳᠣᠣᠷᠠᠬᠢ ᠮᠡᠲᠦ᠄
   

    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠦᠷᠢᠮ
   

    (2015 ᠣᠨ᠎ᠤ 6 ᠰᠠᠷ᠎ᠠ ᠵᠢᠨ 26᠎ᠤ ᠡᠳᠦᠷ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠠᠴᠠ ᠬᠢᠨᠠᠨ ᠵᠥᠪᠯᠡᠵᠦ ᠵᠥᠪᠰᠢᠶᠡᠷᠡᠪᠡ 2015 ᠣᠨ᠎ᠤ 8 ᠰᠠᠷ᠎ᠠ ᠵᠢᠨ 3᠎ᠤ ᠡᠳᠦᠷ ᠨᠠᠮ᠎ᠤᠨ ᠲᠥᠪ ᠬᠤᠷᠢᠶ᠎ᠠ ᠨᠡᠶ᠋ᠢᠲᠡᠯᠡᠪᠡ 2024 ᠣᠨ᠎ᠤ 1 ᠰᠠᠷ᠎ᠠ ᠵᠢᠨ 31᠎ᠤ ᠡᠳᠦᠷ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠠᠴᠠ ᠬᠤᠶᠠᠷᠳᠠᠭᠢ ᠤᠳᠠᠭ᠎ᠠ ᠵᠠᠰᠠᠪᠤᠷᠢ ᠣᠷᠣᠭᠤᠯᠪᠠ 2024 ᠣᠨ᠎ᠤ 2 ᠰᠠᠷ᠎ᠠ ᠵᠢᠨ 8᠎ᠤ ᠡᠳᠦᠷ ᠨᠠᠮ᠎ᠤᠨ ᠲᠥᠪ ᠬᠤᠷᠢᠶ᠎ᠠ ᠨᠡᠶ᠋ᠢᠲᠡᠯᠡᠪᠡ)
   

    ᠨᠢᠭᠡᠳᠦᠭᠡᠷ ᠪᠦᠯᠦᠭ ᠶᠡᠷᠦᠩᠬᠡᠢ ᠳᠦᠷᠢᠮ
    ᠨᠢᠭᠡᠳᠦᠭᠡᠷ ᠵᠦᠢ᠍ᠯ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠳᠠᠬᠢ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠎ᠢ ᠦᠨᠳᠦᠰᠦᠯᠡᠵᠦ᠂ ᠲᠤᠰ ᠳᠦᠷᠢᠮ᠎ᠢ ᠲᠣᠭᠲᠠᠭ᠋ᠠᠪᠠ᠃
    ᠬᠤᠶᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ ᠪᠣᠯ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠤᠳᠤᠷᠢᠳᠬᠤ ᠡᠭᠦᠷᠭᠡ ᠴᠢᠳᠠᠪᠬᠢ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠲᠠᠯᠪᠢᠬᠤ ᠤᠯᠤᠰ ᠲᠦᠷᠦ ᠵᠢᠨ ᠬᠢᠨᠠᠯᠲᠠ ᠪᠣᠯᠣᠨ᠎ᠠ᠂ ᠦᠨᠳᠦᠰᠦᠨ ᠡᠭᠦᠷᠭᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠤᠷᠢᠶ᠎ᠠ ᠵᠢᠨ ᠭᠤᠣᠯᠯᠠᠭᠴᠢ᠂ ᠪᠦᠭᠦ ᠨᠠᠮ᠎ᠤᠨ ᠭᠤᠣᠯᠯᠠᠭᠴᠢ ᠵᠢᠨ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠬᠤ ᠶᠠᠪᠤᠳᠠᠯ ᠪᠣᠯᠣᠨ᠎ᠠ᠃
    ᠲᠣᠭᠤᠷᠢᠨ ᠪᠠᠶ᠋ᠢᠴᠠᠭ᠋ᠠᠬᠤ ᠠᠵᠢᠯ᠎ᠳᠤ ᠠᠰᠠᠭᠤᠳᠠᠯ᠎ᠢ ᠢᠯᠡᠷᠡᠭᠦᠯᠬᠦ᠂ ᠰᠦᠷ ᠬᠦᠴᠦᠲᠦ ᠪᠠᠶ᠋ᠢᠳᠠᠯ᠎ᠢ ᠪᠤᠢ ᠪᠤᠯᠭ᠋ᠠᠬᠤ᠂ ᠥᠭᠡᠷᠡᠴᠢᠯᠡᠯᠲᠡ ᠵᠢ ᠠᠬᠢᠭᠤᠯᠬᠤ᠂ ᠬᠥᠭᠵᠢᠯᠲᠡ ᠵᠢ ᠠᠬᠢᠭᠤᠯᠬᠤ ᠴᠢᠭᠯᠡᠯᠲᠡ ᠵᠢ ᠪᠠᠷᠢᠮᠲᠠᠯᠠᠨ᠎ᠠ᠃
    ᠭᠤᠷᠪᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠨᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠳᠦᠷᠢᠮ᠎ᠢ ᠡᠷᠬᠢᠮᠯᠡᠨ ᠳᠡᠭᠡᠳᠦᠯᠡᠵᠦ᠂ ᠳᠦᠷᠢᠮ ᠲᠣᠭᠲᠠᠭ᠋ᠠᠯ ᠶᠣᠰᠣᠭ᠋ᠠᠷ ᠨᠠᠮ᠎ᠢ ᠵᠠᠰᠠᠵᠤ᠂ ᠨᠠᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠤᠯᠤᠰ ᠲᠥᠷᠥ ᠵᠢᠨ ᠬᠢᠨᠠᠯᠲᠠ ᠵᠢ ᠪᠣᠳᠠᠲᠠᠶ᠋ᠢᠵᠢᠭᠤᠯᠬᠤ᠂ ᠣᠨᠣᠴᠠᠲᠠᠢ ᠪᠤᠯᠭ᠋ᠠᠬᠤ᠂ ᠪᠠᠶ᠋ᠢᠩᠭᠤᠵᠢᠭᠤᠯᠬᠤ ᠵᠢ ᠠᠬᠢᠭᠤᠯᠵᠤ᠂ ᠤᠯᠤᠰ ᠲᠦᠷᠦ ᠵᠢᠨ ᠲᠣᠭᠤᠷᠢᠨ ᠪᠠᠶ᠋ᠢᠴᠠᠭ᠋ᠠᠯᠲᠠ ᠵᠢᠨ ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ᠂ ᠲᠣᠭᠤᠷᠢᠨ ᠪᠠᠶ᠋ᠢᠴᠠᠭ᠋ᠠᠯᠲᠠ ᠵᠢᠨ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠭᠦᠨᠵᠡᠭᠡᠢ ᠠᠬᠢᠭᠤᠯᠬᠤ᠂ ᠶᠡᠭᠡ ᠨᠠᠮ᠎ᠳᠤ ᠯᠡ ᠪᠠᠶ᠋ᠢᠳᠠᠭ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠲᠡᠢ ᠪᠠᠲᠤᠯᠠᠭ᠎ᠠ ᠬᠠᠩᠭ᠋ᠠᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠵᠢ ᠦᠨᠡᠨ ᠬᠦ᠌ ᠪᠠᠲᠤᠯᠠᠨ᠎ᠠ᠃
    ᠳᠥᠷᠪᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠨ᠎ᠠ᠄
    (ᠨᠢᠭᠡ) ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠂ ᠱᠠᠲᠤ ᠬᠤᠪᠢᠶᠠᠨ ᠬᠠᠷᠢᠭᠤᠴᠠᠬᠤ ᠵᠢ ᠪᠠᠷᠢᠮᠲᠠᠯᠠᠨ᠎ᠠ;
    (ᠬᠤᠶᠠᠷ) ᠭᠤᠣᠯᠳᠠᠯᠭ᠎ᠠ ᠵᠢᠨ ᠲᠣᠭᠤᠷᠢᠨ᠎ᠳᠤ᠂ ᠶᠡᠭᠡ ᠲᠠᠯ᠎ᠠ᠎ᠳᠤ ᠦᠢ᠍ᠯᠡᠴᠢᠯᠡᠬᠦ ᠵᠢ ᠪᠠᠷᠢᠮᠲᠠᠯᠠᠨ᠎ᠠ;
    (ᠭᠤᠷᠪᠠ) ᠠᠷᠠᠳ ᠲᠦᠮᠡᠨ᠎ᠤ ᠵᠣᠭᠰᠣᠯᠲᠠ ᠵᠢ ᠪᠠᠷᠢᠮᠲᠠᠯᠠᠵᠤ᠂ ᠤᠯᠡᠠ ᠲᠦᠮᠡᠨᠴᠢ ᠱᠤᠭᠤᠮ᠎ᠢ ᠲᠤᠭᠤᠰᠢᠯᠠᠭᠤᠯᠤᠨ᠎ᠠ;
    (ᠳᠥᠷᠪᠡ) ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠎ᠠ;
    (ᠲᠠᠪᠤ) ᠦᠨᠡᠨ᠎ᠠᠴᠠ ᠵᠥᠪ᠎ᠢ ᠡᠷᠢᠬᠦ᠂ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ ᠵᠢ ᠪᠠᠷᠢᠮᠲᠠᠯᠠᠨ᠎ᠠ᠃
    ᠬᠤᠶᠠᠳᠤᠭ᠋ᠠᠷ ᠪᠦᠯᠦᠭ ᠵᠣᠬᠢᠶᠠᠨ ᠪᠠᠶ᠋ᠢᠭᠤᠯᠵᠤ ᠤᠳᠤᠷᠢᠳᠬᠤ ᠪᠠ ᠪᠠᠶ᠋ᠢᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ
    ᠲᠠᠪᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠨᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ᠎ᠤᠨ ᠵᠣᠬᠢᠶᠠᠨ ᠪᠠᠶ᠋ᠢᠭᠤᠯᠤᠯᠲᠠ ᠱᠠᠲᠤ ᠬᠤᠪᠢᠶᠠᠨ ᠬᠠᠷᠢᠭᠤᠴᠠᠬᠤ᠂ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠠ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠬᠠᠮᠵᠢᠯᠴᠠᠬᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠳᠡᠮᠵᠢᠬᠦ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠬᠠᠮᠵᠢᠯᠴᠠᠬᠤ᠂ ᠠᠷᠠᠳ ᠤᠯᠠᠨ ᠣᠷᠤᠯᠴᠠᠬᠤ ᠪᠠᠶ᠋ᠢᠭᠤᠯᠤᠮᠵᠢ ᠲᠣᠭᠲᠠᠴᠠ ᠵᠢ ᠬᠡᠷᠡᠭᠵᠢᠭᠦᠯᠦᠨ᠎ᠡ᠃
    ᠵᠢᠷᠭᠤᠳᠤᠭ᠋ᠠᠷ ᠵᠦᠢ᠍ᠯ ᠨᠠᠮ᠎ᠤᠨ ᠲᠥᠪ ᠬᠤᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠬᠤᠷᠢᠶ᠎ᠠ ᠲᠣᠭᠤᠷᠢᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠵᠦ᠂ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠪᠠᠶ᠋ᠢᠭᠤᠯᠬᠤ᠂ ᠨᠢᠭᠡ ᠲᠤᠰᠢᠶᠠᠯ᠎ᠤᠨ ᠬᠤᠭᠤᠴᠠᠭ᠋ᠠᠨ᠎ᠳᠤ ᠬᠠᠮᠢᠶᠠᠷᠴᠤ ᠪᠠᠶ᠋ᠢᠭ᠎ᠠ ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠯᠲᠠ ᠵᠢ ᠪᠦᠭᠦᠨ᠎ᠢ ᠪᠦᠷᠬᠦᠭᠦᠯᠬᠦ ᠵᠢ ᠪᠡᠶᠡᠯᠡᠭᠦᠯᠦᠨ᠎ᠡ᠃
    ᠲᠥᠪ᠎ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ᠎ᠤᠨ ᠲᠦᠷᠦ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ) ᠪᠠ ᠲᠥᠪ᠎ᠠᠴᠠ ᠬᠠᠮᠢᠶᠠᠷᠬᠤ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠬᠤ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠬᠤ ᠶᠡᠭᠡ ᠳᠡᠭᠡᠳᠦ ᠰᠤᠷᠭ᠋ᠠᠭᠤᠯᠢ ᠵᠡᠷᠭᠡ ᠵᠢᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠪᠠᠶ᠋ᠢᠭᠤᠯᠬᠤ᠂ ᠵᠠᠷᠴᠢᠮ ᠳᠡᠭᠡᠷ᠎ᠡ᠎ᠪᠠᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠶᠠᠯᠠᠭᠳᠠᠬᠤ ᠬᠠᠷᠢᠴᠠᠭ᠎ᠠ ᠪᠠ ᠺᠠᠳ᠋ᠷ᠎ᠤᠨ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ᠂ ᠳᠣᠣᠷ᠎ᠠ ᠨᠢᠭᠡ ᠱᠠᠲᠤᠨ᠎ᠤ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠨ᠎ᠠ᠃
    ᠳᠣᠯᠣᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠲᠣᠭᠤᠷᠢᠨ ᠪᠠᠶ᠋ᠢᠴᠠᠭ᠋ᠠᠬᠤ ᠵᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ᠂ ᠪᠦᠭᠦ ᠲᠠᠯ᠎ᠠ᠎ᠪᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠴᠢᠬᠤᠯᠠ ᠭᠠᠷᠳᠠᠴᠠ ᠪᠤᠯᠭ᠋ᠠᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠪᠡᠯ ᠵᠣᠬᠢᠨ᠎ᠠ᠃ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ;
    (ᠬᠤᠶᠠᠷ) ᠲᠣᠭᠤᠷᠢᠨ ᠪᠠᠶ᠋ᠢᠴᠠᠭ᠋ᠠᠬᠤ ᠠᠵᠢᠯ᠎ᠤᠨ ᠴᠢᠬᠤᠯᠠ ᠶᠡᠭᠡ ᠵᠦᠢ᠍ᠯᠡᠰ᠎ᠢ ᠰᠤᠳᠤᠯᠤᠨ ᠪᠠᠶ᠋ᠢᠷᠢᠯᠠᠭᠤᠯᠵᠤ᠂ ᠡᠷᠬᠡ ᠵᠢᠨ ᠬᠡᠪᠴᠢᠶ᠎ᠡ ᠶᠣᠰᠣᠭ᠋ᠠᠷ ᠲᠣᠭᠤᠷᠢᠨ ᠪᠠᠶ᠋ᠢᠴᠠᠭ᠋ᠠᠬᠤ ᠠᠵᠢᠯ᠎ᠤᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠬᠲᠠᠭ᠋ᠠᠨ᠎ᠠ;
    (ᠭᠤᠷᠪᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠥᠯᠦᠪᠵᠢᠭᠦᠯᠭᠡ᠂ ᠣᠨ᠎ᠤ ᠲᠥᠯᠥᠪᠯᠡᠭᠡ ᠪᠣᠯᠣᠨ ᠱᠠᠲᠤ ᠦᠶ᠎ᠡ ᠵᠢᠨ ᠡᠭᠦᠷᠭᠡ ᠵᠢᠨ ᠲᠣᠬᠢᠷᠠᠭᠤᠯᠤᠯᠲᠠ ᠵᠢ ᠬᠢᠨᠠᠨ ᠲᠣᠭᠲᠠᠭ᠋ᠠᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠢ ᠪᠦᠭᠦᠨ᠎ᠢ ᠪᠦᠷᠬᠦᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠤᠨ᠎ᠠ;
    (ᠳᠥᠷᠪᠡ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠴᠢᠩᠭ᠋ᠠᠳᠬᠠᠨ᠎ᠠ;    (ᠲᠠᠪᠤ) ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠠᠵᠢᠯ᠎ᠤᠨ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠤᠯᠪᠤᠭ᠋ᠠᠯᠠᠨ ᠬᠥᠳᠡᠯᠦᠯᠴᠡᠬᠦ ᠠᠵᠢᠯ᠎ᠤᠨ ᠪᠠᠶ᠋ᠢᠷᠢᠰᠢᠯ᠎ᠢ ᠨᠢᠭᠡᠳᠦᠯᠲᠡᠢ ᠲᠥᠯᠥᠪᠵᠢᠭᠦᠯᠦᠨ ᠪᠠᠶ᠋ᠢᠭᠤᠯᠤᠨ᠎ᠠ;
    (ᠵᠢᠷᠭᠤᠭ᠎ᠠ) ᠲᠣᠭᠤᠷᠢᠨ ᠪᠠᠶ᠋ᠢᠴᠠᠭ᠋ᠠᠬᠤ ᠶᠡᠷᠦᠩᠬᠡᠶ᠋ᠢᠯᠡᠭᠰᠡᠨ ᠬᠢᠨᠠᠯᠲᠠ ᠲᠠᠯᠪᠢᠬᠤ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠵᠤ᠂ ᠲᠣᠭᠤᠷᠢᠨ ᠪᠠᠶ᠋ᠢᠴᠠᠭ᠋ᠠᠵᠤ ᠬᠢᠨᠠᠯᠲᠠ ᠪᠠ ᠪᠤᠰᠤᠳ ᠬᠢᠨᠠᠯᠲᠠ ᠵᠢ ᠨᠡᠪᠲᠡᠷᠡᠭᠦᠯᠦᠨ ᠵᠣᠬᠢᠴᠠᠭᠤᠯᠬᠤ ᠵᠢ ᠠᠭᠢᠭᠤᠯᠤᠨ᠎ᠠ;
    (ᠲᠤᠯᠤᠭ᠎ᠠ) ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠪᠣᠯᠣᠨ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠴᠢᠩᠭ᠋ᠠᠳᠬᠠᠨ᠎ᠠ;
    (ᠨᠠᠢ᠍ᠮᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠪᠤᠰᠤᠳ ᠴᠢᠬᠤᠯᠠ ᠵᠦᠢ᠍ᠯᠡᠰ᠎ᠢ ᠰᠤᠳᠤᠯᠤᠨ ᠲᠣᠭᠲᠠᠭ᠋ᠠᠨ᠎ᠠ᠃
    ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠨ᠎ᠡ᠃
    ᠨᠠᠢ᠍ᠮᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠤᠨ᠎ᠠ᠃ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠬᠠᠷᠢᠭᠤᠴᠠᠬᠤ ᠪᠥᠭᠡᠳ ᠠᠵᠢᠯ ᠵᠶ᠋ᠠᠨ ᠬᠠᠷᠢᠭᠤ ᠮᠡᠳᠡᠭᠦᠯᠦᠨ᠎ᠡ᠃
    ᠲᠥᠪ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠱᠦᠵᠢ ᠡᠭᠦᠷᠭᠡᠯᠡᠵᠦ᠂ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠩ᠎ᠤᠨ ᠪᠠᠶ᠋ᠢᠳᠠᠯ᠎ᠳᠤ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠪᠣᠯᠣᠨ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠡᠳᠦᠷ ᠳᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠱᠦᠵᠢ ᠡᠭᠦᠷᠭᠡᠯᠡᠨ᠎ᠡ᠃
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠠᠳᠠᠯᠢ ᠱᠠᠲᠤᠨ᠎ᠤ ᠨᠠᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠵᠢᠨ ᠱᠦᠵᠢ ᠡᠭᠦᠷᠭᠡᠯᠡᠵᠦ᠂ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠩ᠎ᠤᠨ ᠪᠠᠶ᠋ᠢᠳᠠᠯ᠎ᠳᠤ ᠠᠳᠠᠯᠢ ᠱᠠᠲᠤᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠡᠭᠦᠷᠭᠡᠯᠡᠨ᠎ᠡ᠃
    ᠲᠥᠪ᠎ᠤᠨ ᠬᠠᠮᠢᠶ᠎ᠠ ᠪᠦᠬᠦᠢ ᠶᠠᠮᠤᠨ ᠵᠥᠪᠯᠡᠯ᠂ ᠲᠥᠪ᠎ᠤᠨ ᠲᠦᠷᠦ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ) ᠪᠣᠯᠣᠨ ᠲᠥᠪ᠎ᠠᠴᠠ ᠬᠠᠮᠢᠶᠠᠷᠴᠤ ᠪᠠᠶ᠋ᠢᠭ᠎ᠠ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠵᠡᠷᠭᠡ ᠵᠢᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠩ᠎ᠤᠨ ᠪᠠᠶ᠋ᠢᠳᠠᠯ᠎ᠳᠤ ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠵᠢᠨ ᠱᠦᠵᠢ (ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠪᠠᠶ᠋ᠢᠭᠤᠯᠤᠭᠰᠠᠨ ᠦᠭᠡᠢ ᠨᠢᠭᠡᠴᠢ ᠵᠢᠨ ᠤᠳᠤᠷᠢᠳᠬᠤ ᠪᠠᠭ᠎ᠤᠨ ᠭᠤᠣᠯ ᠬᠠᠷᠢᠭᠤᠴᠠᠯᠭ᠋ᠠᠲᠠᠨ ᠪᠠᠭᠲᠠᠨ᠎ᠠ) ᠡᠭᠦᠷᠭᠡᠯᠡᠵᠦ᠂ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠩ᠎ᠤᠨ ᠪᠠᠶ᠋ᠢᠳᠠᠯ᠎ᠳᠤ ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠬᠤ ᠪᠠᠭ᠎ᠤᠨ ᠪᠦᠷᠢᠯᠳᠦᠭᠦᠨ ᠪᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠭᠤᠣᠯ ᠬᠠᠷᠢᠭᠤᠴᠠᠯᠭ᠋ᠠᠲᠠᠨ ᠡᠭᠦᠷᠭᠡᠯᠡᠨ᠎ᠡ᠃
    ᠶᠢᠰᠦᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ;
    (ᠬᠤᠶᠠᠷ) ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠥᠯᠦᠪᠵᠢᠭᠦᠯᠭᠡ᠂ ᠣᠨ᠎ᠤ ᠲᠥᠯᠥᠪᠯᠡᠭᠡ ᠪᠣᠯᠣᠨ ᠱᠠᠲᠤ ᠦᠶ᠎ᠡ ᠵᠢᠨ ᠡᠭᠦᠷᠭᠡ ᠵᠢᠨ ᠲᠣᠬᠢᠷᠠᠭᠤᠯᠤᠯᠲᠠ ᠵᠢ ᠰᠤᠳᠤᠯᠤᠨ ᠳᠤᠷᠠᠳᠴᠤ᠂ ᠲᠣᠭᠤᠷᠢᠨ ᠪᠠᠶ᠋ᠢᠴᠠᠭ᠋ᠠᠯᠲᠠ ᠵᠢ ᠪᠦᠭᠦᠨ᠎ᠢ ᠪᠦᠷᠬᠦᠭᠦᠯᠬᠦ ᠵᠢ ᠵᠣᠬᠢᠶᠠᠨ ᠪᠠᠶ᠋ᠢᠭᠤᠯᠤᠨ ᠭᠡᠷᠡᠭᠵᠢᠭᠦᠯᠦᠨ᠎ᠡ;
    (ᠭᠤᠷᠪᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠂ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
    (ᠳᠥᠷᠪᠡ) ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠭᠰᠠᠨ ᠠᠵᠢᠯ᠎ᠤᠨ ᠪᠠᠶ᠋ᠢᠳᠠᠯ ᠵᠶ᠋ᠠᠨ ᠬᠠᠷᠢᠭᠤ ᠮᠡᠳᠡᠭᠦᠯᠦᠨ᠎ᠡ;
    (ᠲᠠᠪᠤ) ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠳᠣᠣᠷ᠎ᠠ᠂ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠬᠤ᠂ ᠵᠠᠷᠯᠠᠨ ᠮᠡᠳᠡᠭᠳᠡᠬᠦ ᠪᠠ ᠰᠢᠯᠵᠢᠭᠦᠯᠦᠨ ᠲᠤᠰᠢᠶᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠵᠢᠨ ᠭᠤᠣᠯ ᠴᠣᠭᠴᠠ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠱᠠᠯᠠᠪᠳᠠᠭᠤᠯᠤᠨ ᠠᠭᠢᠭᠤᠯᠤᠨ᠎ᠠ;
    (ᠵᠢᠷᠭᠤᠭ᠎ᠠ) ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠠᠵᠢᠯ᠎ᠢ ᠵᠢᠯᠣᠭᠤᠳᠤᠨ᠎ᠠ;
    (ᠲᠤᠯᠤᠭ᠎ᠠ) ᠲᠣᠭᠤᠷᠢᠨ ᠪᠠᠶ᠋ᠢᠴᠠᠭ᠋ᠠᠵᠤ ᠬᠢᠨᠠᠯᠲᠠ ᠪᠠ ᠪᠤᠰᠤᠳ ᠬᠢᠨᠠᠯᠲᠠ ᠵᠢ ᠨᠡᠪᠲᠡᠷᠡᠭᠦᠯᠦᠨ ᠵᠣᠬᠢᠴᠠᠭᠤᠯᠬᠤ ᠵᠢ ᠠᠭᠢᠭᠤᠯᠤᠨ᠎ᠠ;
    (ᠨᠠᠢ᠍ᠮᠠ) ᠲᠣᠭᠤᠷᠢᠨ ᠪᠠᠶ᠋ᠢᠴᠠᠭ᠋ᠠᠬᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠠᠬᠢᠭᠤᠯᠵᠤ᠂ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠬᠠᠮᠢᠶᠠᠷᠤᠯᠲᠠ ᠪᠠ ᠬᠢᠨᠠᠯᠲᠠ ᠲᠠᠯᠪᠢᠨ᠎ᠠ;
    (ᠶᠢᠰᠦ) ᠲᠣᠭᠤᠷᠢᠨ ᠪᠠᠶ᠋ᠢᠴᠠᠭ᠋ᠠᠬᠤ ᠠᠵᠢᠯ᠎ᠤᠨ ᠪᠤᠰᠤᠳ ᠴᠢᠬᠤᠯᠠ ᠵᠦᠢ᠍ᠯᠡᠰ᠎ᠢ ᠰᠤᠳᠤᠯᠤᠨ ᠰᠢᠢ᠍ᠳᠪᠦᠷᠢᠯᠡᠨ᠎ᠡ᠃
    ᠠᠷᠪᠠᠳᠤᠭ᠋ᠠᠷ ᠵᠦᠢ᠍ᠯ ᠲᠥᠪ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠪᠣᠯ ᠲᠥᠪ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠳᠦᠷ ᠲᠤᠳᠤᠮ᠎ᠤᠨ ᠬᠡᠷᠡᠭ ᠡᠷᠭᠢᠯᠡᠭᠦ ᠪᠠᠶ᠋ᠢᠭᠤᠯᠤᠮᠵᠢ ᠮᠥᠨ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠳᠤ ᠭᠠᠷᠭ᠋ᠠᠨ᠎ᠠ᠃
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠪᠣᠯ ᠨᠠᠮ᠎ᠤᠨ ᠬᠤᠷᠢᠶ᠎ᠠ ᠵᠢᠨ ᠠᠵᠢᠯ᠎ᠤᠨ ᠰᠠᠯᠠᠭ᠎ᠠ ᠮᠥᠴᠢᠷ ᠪᠣᠯᠣᠨ᠎ᠠ᠂ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠳᠦᠷ ᠲᠤᠳᠤᠮ᠎ᠤᠨ ᠠᠵᠢᠯ᠎ᠢ ᠡᠭᠦᠷᠭᠡᠯᠡᠵᠦ᠂ ᠠᠳᠠᠯᠢ ᠱᠠᠲᠤᠨ᠎ᠤ ᠨᠠᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ᠎ᠳᠤ ᠭᠠᠷᠭ᠋ᠠᠨ᠎ᠠ᠃    ᠲᠥᠪ᠎ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ᠎ᠤᠨ ᠲᠦᠷᠦ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ) ᠪᠣᠯᠣᠨ ᠲᠥᠪ᠎ᠠᠴᠠ ᠬᠠᠮᠢᠶᠠᠷᠴᠤ ᠪᠠᠶ᠋ᠢᠭ᠎ᠠ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠵᠡᠷᠭᠡ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠲᠤᠰᠠᠭ᠋ᠠᠷ ᠪᠠᠶ᠋ᠢᠭᠤᠯᠵᠤ ᠪᠣᠯᠣᠨ᠎ᠠ᠂ ᠪᠠᠰᠠ ᠳᠣᠲᠣᠭ᠋ᠠᠳᠤ ᠪᠠᠶ᠋ᠢᠭᠤᠯᠤᠮᠵᠢ᠎ᠲᠠᠢ᠎ᠪᠠᠨ ᠵᠠᠬᠢᠷᠭ᠎ᠠ ᠨᠡᠶ᠋ᠢᠯᠡᠭᠦᠯᠦᠨ ᠠᠯᠪᠠᠯᠠᠵᠤ ᠪᠣᠯᠣᠨ᠎ᠠ᠂ ᠵᠣᠬᠢᠬᠤ ᠲᠤᠰᠬᠠᠢ ᠲᠤᠰᠢᠶᠠᠯ᠎ᠤᠨ ᠠᠵᠢᠯᠲᠠᠨ ᠲᠣᠬᠢᠷᠠᠭᠤᠯᠵᠤ᠂ ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠳᠦᠷ ᠳᠤᠳᠤᠮ᠎ᠤᠨ ᠠᠵᠢᠯ᠎ᠢ ᠡᠭᠦᠷᠭᠡᠯᠡᠨ᠎ᠡ᠃
    ᠠᠷᠪᠠᠨ ᠨᠢᠭᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠠ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠣᠭᠲᠠᠭ᠋ᠠᠯ᠎ᠤᠨ ᠵᠦᠢ᠍ᠯᠡᠰ᠎ᠢ ᠱᠠᠯᠠᠪᠳᠠᠭᠤᠯᠤᠨ ᠰᠢᠢ᠍ᠳᠪᠦᠷᠢᠯᠡᠨ᠎ᠡ;
    (ᠬᠤᠶᠠᠷ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠠᠵᠢᠯ᠎ᠤᠨ ᠪᠠᠶ᠋ᠢᠳᠠᠯ ᠪᠣᠯᠣᠨ ᠴᠢᠬᠤᠯᠠ ᠵᠦᠢ᠍ᠯᠡᠰ᠎ᠢ ᠬᠠᠷᠢᠭᠤ ᠮᠡᠳᠡᠭᠦᠯᠦᠨ᠎ᠡ;
    (ᠭᠤᠷᠪᠠ) ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ ᠵᠶ᠋ᠠᠨ ᠥᠷᠨᠢᠭᠦᠯᠬᠦ ᠵᠢ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠤᠭᠤᠳᠴᠤ᠂ ᠪᠠᠲᠤᠯᠠᠨ᠎ᠠ;
    (ᠳᠥᠷᠪᠡ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶ᠋ᠢᠯᠠᠨ ᠬᠠᠷᠢᠭᠤ ᠮᠡᠳᠡᠭᠦᠯᠬᠦ ᠵᠢ ᠬᠠᠷᠢᠭᠤᠴᠠᠨ᠎ᠠ;
    (ᠲᠠᠪᠤ) ᠳᠣᠣᠷᠠᠳᠤ ᠱᠠᠲᠤᠨ᠎ᠤ ᠲᠣᠭᠤᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠪᠠᠶ᠋ᠢᠭᠤᠯᠤᠮᠵᠢ᠎ᠳᠤ ᠵᠢᠯᠣᠭᠤᠳᠤᠯᠭ᠎ᠠ ᠬᠢᠬᠦ ᠵᠢ ᠬᠠᠷᠢᠭᠤᠴᠠᠨ᠎ᠠ;
    (ᠵᠢᠷᠭᠤᠭ᠎ᠠ) ᠬᠤᠯᠪᠣᠭᠳᠠᠯ ᠪᠦᠬᠦᠢ ᠪᠠᠶ᠋ᠢᠭᠤᠯᠭ᠎ᠠ᠂ ᠰᠠᠯᠠᠭ᠎ᠠ ᠮᠥᠴᠢᠷ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠬᠤ᠂ ᠳᠡᠮᠵᠢᠯᠭᠡ ᠦᠵᠡᠭᠦᠯᠭᠦ ᠵᠢ ᠬᠠᠷᠢᠭᠤᠴᠠᠨ ᠵᠣᠬᠢᠴᠠᠭᠤᠯᠵᠤ᠂ ᠲᠣᠭᠤᠷᠢᠨ ᠪᠠᠶ᠋ᠢᠴᠠᠭ᠋ᠠᠬᠤ ᠬᠢᠨᠠᠯᠲᠠ ᠪᠠ ᠪᠤᠰᠤᠳ ᠬᠢᠨᠠᠯᠲᠠ ᠵᠢ ᠨᠡᠪᠲᠡᠷᠡᠭᠦᠯᠦᠨ ᠵᠣᠬᠢᠴᠠᠭᠤᠯᠬᠤ ᠪᠣᠳᠠᠲᠠᠢ ᠲᠣᠭᠲᠠᠴᠠ ᠵᠢ ᠪᠠᠶ᠋ᠢᠭᠤᠯᠬᠤ ᠵᠢ ᠠᠭᠢᠭᠤᠯᠤᠨ᠎ᠠ;
    (ᠳᠣᠯᠤᠭ᠎ᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠣᠨᠣᠯ᠎ᠤᠨ ᠰᠤᠳᠤᠯᠭ᠋ᠠᠨ᠂ ᠲᠥᠷᠥ ᠵᠢᠨ ᠪᠣᠳᠣᠯᠭ᠎ᠠ ᠵᠢᠨ ᠪᠠᠶ᠋ᠢᠴᠠᠭ᠋ᠠᠨ ᠰᠤᠳᠤᠯᠤᠯᠲᠠ᠂ ᠳᠦᠷᠢᠮ᠎ᠤᠨ ᠪᠠᠶ᠋ᠢᠭᠤᠯᠤᠯᠲᠠ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠡᠷᠭᠡ ᠠᠵᠢᠯ᠎ᠢ ᠬᠠᠷᠢᠭᠤᠴᠠᠨ᠎ᠠ;
    (ᠨᠠᠢ᠍ᠮᠠ) ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠲᠣᠭᠤᠷᠢᠨ ᠪᠠᠶ᠋ᠢᠴᠠᠭ᠋ᠠᠬᠤ ᠺᠠᠳ᠋ᠷ᠎ᠢ ᠬᠥᠮᠥᠵᠢᠭᠦᠯᠬᠦ᠂ ᠪᠤᠯᠪᠠᠰᠤᠷᠠᠭᠤᠯᠬᠤ᠂ ᠬᠢᠨᠠᠨ ᠰᠢᠯᠭ᠋ᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ;
    (ᠶᠢᠰᠦ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠪᠠ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠠᠷᠢᠭᠤᠴᠠᠨ᠎ᠠ;
    (ᠠᠷᠪᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠤᠰᠢᠶᠠᠭᠰᠠᠨ ᠪᠤᠰᠤᠳ ᠵᠦᠢ᠍ᠯᠡᠰ᠎ᠢ ᠭᠦᠢ᠍ᠴᠡᠳᠬᠡᠨ᠎ᠡ᠃
    ᠠᠷᠪᠠᠨ ᠬᠤᠶᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠤᠨ᠎ᠠ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠲᠣᠰ ᠲᠣᠰ ᠳᠤᠭᠤᠶ᠋ᠢᠯᠠᠩ᠎ᠤᠨ ᠳᠠᠷᠤᠭ᠎ᠠ᠂ ᠳᠤᠭᠤᠶ᠋ᠢᠯᠠᠩ᠎ᠤᠨ ᠳᠡᠳ᠋ ᠳᠠᠷᠤᠭ᠎ᠠ᠂ ᠲᠣᠭᠤᠷᠢᠨ ᠪᠠᠶ᠋ᠢᠴᠠᠭ᠋ᠠᠬᠤ ᠲᠤᠰᠬᠠᠢ ᠲᠤᠰᠢᠶᠠᠯᠲᠠᠨ ᠪᠠ ᠪᠤᠰᠤᠳ ᠲᠤᠰᠢᠶᠠᠯ᠎ᠤᠨ ᠪᠠᠶ᠋ᠢᠷᠢ ᠭᠠᠷᠭ᠋ᠠᠨ᠎ᠠ᠃ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠳᠡᠳ᠋ ᠳᠤᠭᠤᠶ᠋ᠢᠯᠠᠩ᠎ᠤᠨ ᠳᠠᠷᠤᠭ᠎ᠠ ᠵᠢᠨ ᠪᠣᠳᠠᠲᠠᠢ ᠵᠢᠱ᠌ᠢᠭᠳᠡᠭᠴᠢ ᠵᠢ ᠤᠳᠠᠭ᠎ᠠ ᠪᠦᠷᠢ ᠵᠢᠨ ᠲᠣᠭᠤᠷᠢᠨ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ ᠲᠣᠭᠲᠠᠭ᠋ᠠᠬᠤ ᠵᠢᠨ ᠬᠠᠮᠲᠤ ᠡᠷᠬᠡ ᠣᠯᠭᠤᠨ᠎ᠠ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ ᠶᠣᠰᠣᠭ᠋ᠠᠷ ᠴᠢᠬᠤᠯᠠ ᠶᠡᠭᠡ ᠵᠦᠢ᠍ᠯᠡᠰ᠎ᠢ ᠰᠤᠳᠤᠯᠤᠨ ᠶᠠᠷᠢᠯᠴᠠᠵᠤ ᠲᠣᠭᠲᠠᠭ᠋ᠠᠬᠤ ᠬᠡᠷᠡᠭᠲᠡᠢ᠃ ᠳᠤᠭᠤᠶ᠋ᠢᠯᠠᠩ᠎ᠤᠨ ᠳᠠᠷᠤᠭ᠎ᠠ᠎ᠨᠢ ᠲᠤᠰ ᠳᠤᠭᠤᠶ᠋ᠢᠯᠠᠩ᠎ᠤᠨ ᠵᠶ᠋ᠠᠨ ᠠᠵᠢᠯ᠎ᠢ ᠪᠦᠭᠦ ᠲᠠᠯ᠎ᠠ᠎ᠪᠠᠷ ᠬᠠᠷᠢᠭᠤᠴᠠᠵᠤ᠂ ᠳᠤᠭᠤᠶ᠋ᠢᠯᠠᠩ᠎ᠤᠨ ᠳᠡᠳ᠋ ᠳᠠᠷᠤᠭ᠎ᠠ᠎ᠨᠢ ᠳᠤᠭᠤᠶ᠋ᠢᠯᠠᠩ᠎ᠤᠨ ᠳᠠᠷᠤᠭ᠎ᠠ᠎ᠪᠠᠨ ᠬᠠᠮᠵᠢᠯᠴᠠᠨ ᠠᠵᠢᠯ ᠥᠷᠨᠢᠭᠦᠯᠦᠨ᠎ᠡ᠃
    ᠠᠷᠪᠠᠨ ᠭᠤᠷᠪᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠦᠨᠳᠦᠰᠦᠯᠡᠨ ᠲᠣᠭᠤᠷᠢᠨ ᠪᠠᠶ᠋ᠢᠴᠠᠭ᠋ᠠᠯᠲᠠ ᠥᠷᠨᠢᠭᠦᠯᠦᠨ᠎ᠡ;
    (ᠬᠤᠶᠠᠷ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠤᠨ᠎ᠠ;
    (ᠭᠤᠷᠪᠠ) ᠲᠣᠭᠤᠷᠢᠨ ᠪᠠᠶ᠋ᠢᠴᠠᠭ᠋ᠠᠭᠳᠠᠵᠤ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠭᠰᠠᠨ ᠰᠠᠨᠠᠯ᠎ᠢ ᠬᠠᠷᠢᠭᠤ ᠲᠤᠰᠬᠠᠵᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ᠎ᠳᠤ ᠲᠣᠭᠤᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ ᠪᠣᠯᠣᠨ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠲᠤᠰᠢᠶᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠬᠤ᠎ᠳᠤ ᠣᠷᠣᠯᠴᠠᠨ᠎ᠠ;
    (ᠳᠥᠷᠪᠡ) ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠺᠠᠳ᠋ᠷᠴᠤᠳ᠎ᠲᠤ ᠡᠳᠦᠷ ᠳᠤᠳᠤᠮ᠎ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠨ᠎ᠠ;
    (ᠲᠠᠪᠤ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠤᠰᠢᠶᠠᠭᠰᠠᠨ ᠪᠤᠰᠤᠳ ᠵᠦᠢ᠍ᠯᠡᠰ᠎ᠢ ᠭᠦᠢ᠍ᠴᠡᠳᠬᠡᠨ᠎ᠡ᠃
    ᠠᠷᠪᠠᠨ ᠳᠥᠷᠪᠡᠳᠦᠭᠡᠷ ᠵᠦᠢ᠍ᠯ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠬᠠᠮᠵᠢᠨ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭ᠋ᠠᠵᠠ᠂ ᠨᠢᠭᠤᠴᠠ ᠵᠢ ᠬᠠᠮᠠᠭ᠋ᠠᠯᠠᠬᠤ᠂ ᠬᠢᠨᠠᠨ ᠪᠤᠳᠤᠬᠤ᠂ ᠡᠳ᠋᠎ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠭᠤᠷᠢᠨ ᠪᠠᠶ᠋ᠢᠴᠠᠭ᠋ᠠᠬᠤ ᠠᠵᠢᠯ᠎ᠢ ᠳᠡᠮᠵᠢᠵᠦ᠂ ᠠᠵᠢᠯᠲᠠᠨ᠎ᠢ ᠰᠣᠩᠭᠤᠨ ᠲᠣᠮᠢᠯᠠᠬᠤ᠂ ᠪᠠᠶ᠋ᠢᠳᠠᠯ᠎ᠢ ᠮᠡᠳᠡᠭᠳᠡᠬᠦ᠂ ᠲᠦᠷᠦ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠠᠰᠠᠭᠤᠳᠠᠯ᠎ᠢ ᠰᠤᠳᠤᠯᠤᠨ ᠮᠠᠭ᠋ᠠᠳᠯᠠᠬᠤ᠂ ᠠᠷᠭ᠎ᠠ ᠬᠡᠮᠵᠢᠶ᠎ᠡ ᠵᠢ ᠬᠠᠮᠵᠢᠯᠴᠠᠬᠤ᠂ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠬᠤ᠂ ᠦᠷ᠎ᠡ ᠪᠦᠲᠦᠭᠡᠯ᠎ᠢ ᠬᠡᠷᠡᠭᠯᠡᠬᠦ ᠵᠡᠷᠭᠡ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ᠃
    ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠲᠣᠮᠢᠯᠠᠨ ᠰᠠᠭᠤᠯᠭ᠋ᠠᠭᠰᠠᠨ ᠪᠠᠶ᠋ᠢᠭᠤᠯᠤᠮᠵᠢ᠎ᠨᠢ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠰᠠᠭᠤᠭ᠎ᠠ ᠨᠢᠭᠡᠴᠢ (ᠶᠡᠷᠦᠩᠬᠡᠶ᠋ᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ) ᠵᠢᠨ ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠵᠢ ᠬᠠᠮᠵᠢᠨ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ᠃
    ᠠᠷᠪᠠᠨ ᠲᠠᠪᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ ᠤᠬᠠᠮᠰᠠᠷ᠎ᠠᠴᠠ᠎ᠪᠠᠨ ᠲᠣᠭᠤᠷᠢᠨ ᠪᠠᠶ᠋ᠢᠴᠠᠭ᠋ᠠᠬᠤ ᠬᠢᠨᠠᠯᠲᠠ ᠵᠢ ᠬᠦᠯᠢᠶᠡᠵᠦ᠂ ᠲᠣᠭᠤᠷᠢᠨ ᠪᠠᠶ᠋ᠢᠴᠠᠭ᠋ᠠᠬᠤ ᠠᠵᠢᠯ᠎ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃
    ᠨᠠᠮ᠎ᠤᠨ ᠭᠡᠰᠢᠭᠦᠨ᠂ ᠺᠠᠳ᠋ᠷᠴᠤᠳ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠪᠠᠶ᠋ᠢᠳᠠᠯ᠎ᠢ ᠦᠨᠡᠨ ᠮᠥᠨ ᠵᠶ᠋ᠠᠷ᠎ᠨᠢ ᠲᠤᠰᠬᠠᠬᠤ ᠡᠭᠦᠷᠭᠡ᠎ᠲᠠᠢ᠃
    ᠭᠤᠷᠪᠠᠳᠤᠭ᠋ᠠᠷ ᠪᠦᠯᠦᠭ ᠲᠣᠭᠤᠷᠢᠨ ᠪᠠᠶ᠋ᠢᠴᠠᠭ᠋ᠠᠬᠤ ᠡᠲᠡᠭᠡᠳ ᠪᠠ ᠠᠭᠤᠯᠭ᠎ᠠ
    ᠠᠷᠪᠠᠨ ᠵᠢᠷᠭᠤᠳᠤᠭ᠋ᠠᠷ ᠵᠦᠢ᠍ᠯ ᠲᠥᠪ᠎ᠤᠨ ᠲᠣᠭᠤᠷᠢᠨ ᠪᠠᠶ᠋ᠢᠴᠠᠭ᠋ᠠᠬᠤ ᠡᠲᠡᠭᠡᠳ ᠪᠣᠯ᠄
    (ᠨᠢᠭᠡ) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠴᠢ ᠲᠡᠭᠦᠨ᠎ᠤ ᠤᠳᠤᠷᠢᠳᠬᠤ ᠪᠠᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠬᠠᠷᠢᠭᠤᠴᠠᠯᠭ᠋ᠠᠲᠠᠨ᠂ ᠳᠡᠳ᠋ ᠮᠤᠵᠢ ᠵᠢᠨ ᠱᠠᠲᠤᠨ᠎ᠤ ᠬᠤᠳᠠ ᠵᠢᠨ ᠨᠠᠮ᠎ᠤᠨ ᠬᠤᠷᠢᠶ᠎ᠠ ᠪᠣᠯᠣᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠬᠠᠷᠢᠭᠤᠴᠠᠯᠭ᠋ᠠᠲᠠᠨ;
    (ᠬᠤᠶᠠᠷ) ᠲᠥᠪ᠎ᠤᠨ ᠶᠠᠮᠤᠨ ᠵᠥᠪᠯᠡᠯ᠎ᠤᠨ ᠤᠳᠤᠷᠢᠳᠬᠤ ᠪᠠᠭ᠂ ᠲᠥᠪ᠎ᠤᠨ ᠲᠥᠷᠥ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠂ ᠠᠷᠠᠳ᠎ᠤᠨ ᠪᠦᠯᠭᠦᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ);
    (ᠭᠤᠷᠪᠠ) ᠲᠥᠪ᠎ᠠᠴᠠ ᠬᠠᠮᠢᠶᠠᠷᠴᠤ ᠪᠠᠶ᠋ᠢᠭ᠎ᠠ ᠮᠥᠩᠭᠦᠨ ᠭᠦᠢ᠍ᠯᠭᠡᠭᠡᠨ᠎ᠤ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠂ ᠲᠥᠪ᠎ᠠᠴᠠ ᠬᠠᠮᠢᠶᠠᠷᠴᠤ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠵᠢᠴᠢ ᠲᠥᠪ᠎ᠠᠴᠠ ᠬᠠᠮᠢᠶᠠᠷᠴᠤ ᠪᠠᠶ᠋ᠢᠭ᠎ᠠ ᠪᠤᠰᠤᠳ ᠨᠢᠭᠡᠴᠢ ᠵᠢᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ);
    (ᠳᠥᠷᠪᠡ) ᠨᠠᠮ᠎ᠤᠨ ᠲᠥᠪ ᠬᠤᠷᠢᠶ᠎ᠠ᠎ᠠᠴᠠ ᠲᠣᠭᠤᠷᠢᠨ ᠪᠠᠶ᠋ᠢᠴᠠᠭ᠋ᠠᠬᠤ ᠵᠢ ᠱᠠᠭ᠋ᠠᠷᠳᠠᠭᠰᠠᠨ ᠪᠤᠰᠤᠳ ᠨᠠᠮ᠎ᠤᠨ ᠵᠣᠬᠢᠶᠠᠨ ᠪᠠᠶ᠋ᠢᠭᠤᠯᠤᠯᠲᠠ᠃
    ᠠᠷᠪᠠᠨ ᠳᠣᠯᠣᠳᠤᠭ᠋ᠠᠷ ᠵᠦᠢ᠍ᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠡᠲᠡᠭᠡᠳ ᠪᠣᠯ᠄
    (ᠨᠢᠭᠡ) ᠬᠤᠲᠠ (ᠲᠤᠰᠬᠠᠢ ᠣᠷᠣᠨ᠂ ᠵᠧᠦ᠂ ᠠᠶ᠋ᠢᠮᠠᠭ)᠂ ᠰᠢᠶᠠᠨ (ᠬᠤᠲᠠ᠂ ᠲᠣᠭᠤᠷᠢᠭ᠂ ᠬᠤᠰᠢᠭᠤ)᠎ᠤ ᠨᠠᠮ᠎ᠤᠨ ᠬᠤᠷᠢᠶ᠎ᠠ ᠵᠢᠴᠢ ᠲᠡᠭᠦᠨ᠎ᠤ ᠤᠳᠤᠷᠢᠳᠬᠤ ᠪᠠᠭ᠂ ᠬᠤᠲᠠ (ᠲᠤᠰᠬᠠᠢ ᠣᠷᠣᠨ᠂ ᠵᠧᠦ᠂ ᠠᠶ᠋ᠢᠮᠠᠭ)᠂ ᠰᠢᠶᠠᠨ (ᠬᠤᠲᠠ᠂ ᠲᠣᠭᠤᠷᠢᠭ᠂ ᠬᠤᠰᠢᠭᠤ)᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠂ ᠬᠤᠲᠠ (ᠲᠤᠰᠬᠠᠢ ᠣᠷᠣᠨ᠂ ᠵᠧᠦ᠂ ᠠᠶ᠋ᠢᠮᠠᠭ) ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠪᠠ ᠰᠢᠶᠠᠨ (ᠬᠤᠲᠠ᠂ ᠲᠣᠭᠤᠷᠢᠭ᠂ ᠬᠤᠰᠢᠭᠤ)᠎ᠤ ᠠᠷᠠᠳ᠎ᠤᠨ ᠰᠢᠭᠦᠬᠦ ᠬᠤᠷᠢᠶ᠎ᠠ᠂ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠬᠠᠷᠢᠭᠤᠴᠠᠯᠭ᠋ᠠᠲᠠᠨ;
    (ᠬᠤᠶᠠᠷ) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠨ ᠠᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠂ ᠮᠤᠵᠢ ᠵᠢᠨ ᠱᠠᠲᠤᠨ᠎ᠤ ᠲᠦᠷᠦ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠂ ᠠᠷᠠᠳ᠎ᠤᠨ ᠪᠦᠯᠭᠦᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ);
    (ᠭᠤᠷᠪᠠ) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠎ᠠᠴᠠ ᠬᠠᠮᠢᠶᠠᠷᠴᠤ ᠪᠠᠶ᠋ᠢᠭ᠎ᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ);
    (ᠳᠥᠷᠪᠡ) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠵᠢ ᠱᠠᠭ᠋ᠠᠷᠳᠠᠭᠰᠠᠨ ᠪᠤᠰᠤᠳ ᠨᠠᠮ᠎ᠤᠨ ᠵᠣᠬᠢᠶᠠᠨ ᠪᠠᠶ᠋ᠢᠭᠤᠯᠤᠯᠲᠠ᠃
    ᠠᠷᠪᠠᠨ ᠨᠠᠢ᠍ᠮᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠨᠢ ᠡᠷᠬᠡ ᠪᠠ ᠬᠠᠷᠢᠭᠤᠴᠠᠯᠭ᠎ᠠ ᠵᠢ ᠴᠢᠩᠭ᠎ᠠ ᠠᠩᠬᠠᠷᠴᠤ ᠤᠯᠤᠰ ᠲᠦᠷᠦ ᠵᠢᠨ ᠬᠢᠨᠠᠯᠲᠠ ᠵᠢ ᠴᠢᠩᠭ᠋ᠠᠳᠬᠠᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ᠎ᠢ ᠴᠢᠩᠳᠠᠯᠠᠵᠤ᠂ ᠳᠣᠣᠷᠠᠬᠢ ᠪᠠᠶ᠋ᠢᠳᠠᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠬᠤ ᠬᠡᠷᠡᠭᠲᠡᠢ᠄
    (ᠨᠢᠭᠡ) ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠭᠰᠠᠨ ᠪᠠᠶ᠋ᠢᠳᠠᠯ᠂ ᠨᠠᠮ᠎ᠤᠨ ᠳᠦᠷᠢᠮ ᠪᠠ ᠨᠠᠮ᠎ᠤᠨ ᠳᠣᠲᠣᠭ᠋ᠠᠳᠤ ᠵᠢᠨ ᠪᠤᠰᠤᠳ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠂ ᠡᠭᠦᠷᠭᠡ ᠴᠢᠳᠠᠪᠬᠢ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠂ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
    (ᠬᠤᠶᠠᠷ) ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠴᠢ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠠᠬᠢᠭᠤᠯᠤᠭᠰᠠᠨ ᠪᠠᠶ᠋ᠢᠳᠠᠯ᠂ ᠤᠳᠤᠷᠢᠳᠬᠤ ᠺᠠᠳ᠋ᠷᠴᠤᠳ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠦᠭᠰᠡᠨ᠂ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠭᠰᠠᠨ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠤᠭᠰᠠᠨ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠭᠰᠠᠨ ᠪᠠᠶ᠋ᠢᠳᠠᠯ;
    (ᠭᠤᠷᠪᠠ) ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠶ᠋ᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ ᠪᠠᠭ ᠪᠠ ᠺᠠᠳ᠋ᠷ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠭᠰᠠᠨ ᠪᠠᠶ᠋ᠢᠳᠠᠯ;
    (ᠳᠥᠷᠪᠡ) ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠵᠢᠴᠢ ᠬᠢᠨᠠᠨ ᠪᠤᠳᠤᠬᠤ᠂ ᠡᠳ᠋᠎ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠪᠤᠰᠤᠳ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ;
    (ᠲᠠᠪᠤ) ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠣᠶ᠋ᠢᠯᠠᠭ᠋ᠠᠬᠤ᠎ᠪᠠᠷ ᠱᠠᠭ᠋ᠠᠷᠳᠠᠭᠰᠠᠨ ᠪᠤᠰᠤᠳ ᠪᠠᠶ᠋ᠢᠳᠠᠯ᠃
    ᠠᠷᠪᠠ ᠶᠢᠰᠦᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠨᠢ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠲᠡᠭᠦᠨ᠎ᠤ ᠨᠠᠮ᠎ᠳᠤ᠎ᠪᠠᠨ ᠦᠨᠡᠨᠴᠢ ᠰᠢᠳᠤᠷᠭᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠂ ᠲᠣᠭᠲᠠᠭ᠋ᠠᠯ ᠶᠣᠰᠣᠭ᠋ᠠᠷ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ ᠡᠷᠬᠡ᠎ᠪᠠᠨ ᠬᠡᠷᠡᠭᠯᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠭᠰᠠᠨ ᠵᠡᠷᠭᠡ ᠪᠠᠶ᠋ᠢᠳᠠᠯ᠎ᠢ ᠭᠤᠣᠯᠳᠠᠯᠭ᠎ᠠ᠎ᠲᠠᠢ ᠪᠠᠶ᠋ᠢᠴᠠᠭ᠋ᠠᠵᠤ᠂ ᠲᠤᠰᠬᠠᠭᠰᠠᠨ ᠴᠢᠬᠤᠯᠠ ᠠᠰᠠᠭᠤᠳᠠᠯ᠎ᠢ ᠭᠦᠨᠵᠡᠭᠡᠢ ᠣᠶ᠋ᠢᠯᠠᠭ᠋ᠠᠵᠤ᠂ ᠲᠤᠰᠬᠠᠢ ᠰᠡᠳᠦᠪᠲᠦ ᠮᠠᠲ᠋ᠧᠷᠢᠶᠠᠯ᠎ᠢ ᠪᠦᠷᠢᠯᠳᠦᠭᠦᠯᠬᠦ ᠬᠡᠷᠡᠭᠲᠡᠢ᠃
    ᠬᠤᠷᠢᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠵᠤᠷᠰᠢᠯᠲᠤ ᠲᠣᠭᠤᠷᠢᠨ ᠪᠠᠶ᠋ᠢᠴᠠᠭ᠋ᠠᠯᠲᠠ᠂ ᠲᠤᠰᠬᠠᠢ ᠲᠣᠭᠤᠷᠢᠨ ᠪᠠᠶ᠋ᠢᠴᠠᠭ᠋ᠠᠯᠲᠠ᠂ ᠬᠥᠳᠡᠯᠦᠩᠭᠦᠢ ᠲᠣᠭᠤᠷᠢᠨ ᠪᠠᠶ᠋ᠢᠴᠠᠭ᠋ᠠᠯᠲᠠ᠂ 《ᠡᠷᠭᠢᠨ ᠬᠠᠷᠠᠬᠤ》 ᠵᠡᠷᠭᠡ ᠠᠷᠭ᠎ᠠ ᠭᠡᠯᠪᠡᠷᠢ᠎ᠪᠠᠷ ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠂ ᠴᠢᠬᠤᠯᠠᠲᠠᠢ ᠦᠶ᠎ᠡ᠎ᠳᠤ ᠲᠡᠰ ᠳᠡᠪᠰᠢᠭᠦᠯᠵᠦ ᠲᠣᠭᠤᠷᠢᠨ ᠪᠠᠶ᠋ᠢᠴᠠᠭ᠋ᠠᠵᠤ ᠪᠣᠯᠣᠨ᠎ᠠ᠃
    ᠳᠥᠷᠪᠡᠳᠦᠭᠡᠷ ᠪᠦᠯᠦᠭ ᠠᠵᠢᠯ᠎ᠤᠨ ᠳᠡᠰ ᠳᠠᠷᠠᠭ᠋ᠠᠯᠠᠯ᠂ ᠠᠷᠭ᠎ᠠ ᠭᠡᠯᠪᠡᠷᠢ ᠪᠠ ᠡᠷᠬᠡ ᠮᠡᠳᠡᠯ᠎ᠤᠨ ᠬᠡᠪᠴᠢᠶ᠎ᠡ
    ᠬᠤᠷᠢᠨ ᠨᠢᠭᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠬᠦ᠎ᠠᠴᠠ ᠡᠮᠦᠨ᠎ᠡ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠠᠳᠠᠯᠢ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠣᠯᠣᠨ ᠵᠣᠬᠢᠶᠠᠨ ᠪᠠᠶ᠋ᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭ᠋ᠠᠵᠠ᠂ ᠨᠢᠭᠤᠴᠠ ᠵᠢ ᠬᠠᠮᠠᠭ᠋ᠠᠯᠠᠬᠤ᠂ ᠬᠢᠨᠠᠨ ᠪᠤᠳᠤᠬᠤ᠂ ᠡᠳ᠋᠎ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠵᠢᠨ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ᠎ᠤ ᠲᠤᠬᠠᠢ ᠬᠤᠯᠪᠣᠭᠳᠠᠯ ᠪᠦᠬᠦᠢ ᠪᠠᠶ᠋ᠢᠳᠠᠯ᠎ᠤᠨ ᠮᠡᠳᠡᠭᠦᠯᠦᠯᠲᠡ ᠵᠢ ᠰᠣᠨᠣᠰᠬᠤ ᠬᠡᠷᠡᠭᠲᠡᠢ᠃
    ᠬᠤᠷᠢᠨ ᠬᠤᠶᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠣᠷᠣᠵᠤ ᠰᠠᠭᠤᠭᠰᠠᠨ᠎ᠤ ᠲᠠᠷᠠᠭ᠎ᠠ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠬᠤ ᠡᠭᠦᠷᠭᠡ᠎ᠪᠠᠨ ᠮᠡᠳᠡᠭᠳᠡᠵᠦ᠂ ᠲᠣᠭᠲᠠᠭᠰᠠᠨ ᠠᠵᠢᠯ᠎ᠤᠨ ᠠᠷᠭ᠎ᠠ ᠭᠡᠯᠪᠡᠷᠢ ᠪᠣᠯᠣᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠲᠣᠭᠤᠷᠢᠨ ᠪᠠᠶ᠋ᠢᠴᠠᠭ᠋ᠠᠵᠤ ᠣᠶ᠋ᠢᠯᠠᠭ᠋ᠠᠬᠤ ᠠᠵᠢᠯ ᠥᠷᠨᠢᠭᠦᠯᠬᠦ ᠬᠡᠷᠡᠭᠲᠡᠢ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ᠎ᠤ ᠲᠤᠬᠠᠢ ᠲᠤᠰᠬᠠᠭᠰᠠᠨ ᠴᠢᠬᠤᠯᠠ ᠠᠰᠠᠭᠤᠳᠠᠯ ᠪᠠ ᠠᠰᠠᠭᠤᠳᠠᠯ᠎ᠤᠨ ᠰᠦᠪᠡᠭᠴᠢ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃
    ᠬᠤᠷᠢᠨ ᠭᠤᠷᠪᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠳᠣᠣᠷᠠᠬᠢ ᠠᠷᠭ᠎ᠠ ᠭᠡᠯᠪᠡᠷᠢ᠎ᠪᠠᠷ ᠪᠠᠶ᠋ᠢᠳᠠᠯ᠎ᠢ ᠣᠶ᠋ᠢᠯᠠᠭ᠋ᠠᠨ᠎ᠠ᠄
    (ᠨᠢᠭᠡ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤ ᠮᠡᠳᠡᠭᠦᠯᠦᠯᠲᠡ ᠪᠠ ᠬᠤᠯᠪᠣᠭᠳᠠᠯ ᠪᠦᠬᠦᠢ ᠪᠠᠶ᠋ᠢᠭᠤᠯᠭ᠎ᠠ᠂ ᠰᠠᠯᠠᠭ᠎ᠠ ᠮᠥᠴᠢᠷ᠎ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠵᠢ ᠰᠣᠨᠣᠰᠬᠤ;
    (ᠬᠤᠶᠠᠷ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠪᠠ ᠪᠤᠰᠤᠳ ᠺᠠᠳ᠋ᠷ ᠤᠯᠠᠨ ᠲᠦᠮᠡᠨ᠎ᠲᠠᠢ ᠲᠤᠰᠬᠠᠢ ᠶᠠᠷᠢᠯᠴᠠᠬᠤ;
    (ᠭᠤᠷᠪᠠ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨ᠎ᠤ ᠪᠦᠷᠢᠯᠳᠦᠭᠦᠨ ᠪᠠ ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠭᠤᠣᠯ ᠬᠠᠷᠢᠭᠤᠴᠠᠯᠭ᠋ᠠᠲᠠᠨ᠎ᠤ ᠠᠰᠠᠭᠤᠳᠠᠯ᠎ᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠯ ᠵᠡᠷᠭᠡ ᠵᠢ ᠭᠥᠯᠢᠶᠡᠨ ᠠᠪᠴᠤ ᠰᠢᠢ᠍ᠳᠪᠦᠷᠢᠯᠡᠭᠦ;
    (ᠳᠥᠷᠪᠡ) ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠤᠯᠪᠣᠭᠳᠠᠯ ᠪᠦᠬᠦᠢ ᠤᠴᠢᠷ ᠶᠠᠪᠤᠳᠠᠯ ᠵᠶ᠋ᠠᠨ ᠮᠡᠳᠡᠭᠦᠯᠦᠭᠰᠡᠨ ᠪᠠᠶ᠋ᠢᠳᠠᠯ᠎ᠢ ᠰᠣᠩᠭᠤᠨ ᠪᠠᠶ᠋ᠢᠴᠠᠭ᠋ᠠᠵᠤ ᠬᠢᠨᠠᠨ ᠬᠠᠷᠭᠤᠭᠤᠯᠬᠤ;
    (ᠲᠠᠪᠤ) ᠬᠤᠯᠪᠣᠭᠳᠠᠯ ᠪᠦᠬᠦᠢ ᠪᠠᠶ᠋ᠢᠳᠠᠯ᠎ᠢ ᠮᠡᠳᠡᠬᠦ ᠬᠥᠮᠥᠨ᠎ᠠᠴᠠ ᠪᠠᠶ᠋ᠢᠳᠠᠯ᠎ᠢ ᠯᠠᠪᠯᠠᠨ ᠠᠰᠠᠭᠤᠬᠤ;
    (ᠵᠢᠷᠭᠤᠭ᠎ᠠ) ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ᠎ᠤᠨ ᠲᠡᠮᠳᠡᠭᠯᠡᠯ ᠵᠡᠷᠭᠡ ᠮᠠᠲ᠋ᠧᠷᠢᠶᠠᠯ᠎ᠢ ᠰᠢᠯᠵᠢᠭᠦᠯᠦᠨ ᠦᠵᠡᠬᠦ᠂ ᠪᠠᠭᠤᠯᠭ᠋ᠠᠬᠤ;    (ᠲᠤᠯᠤᠭ᠎ᠠ) ᠶᠠᠷᠢᠯᠴᠠᠬᠤ ᠬᠤᠷᠠᠯ ᠬᠤᠷᠠᠯᠳᠤᠭᠤᠯᠬᠤ;
    (ᠨᠠᠢ᠍ᠮᠠ) ᠬᠤᠯᠪᠣᠭᠳᠠᠯ ᠪᠦᠬᠦᠢ ᠬᠤᠷᠠᠯ᠎ᠳᠤ ᠰᠤᠯᠠ ᠣᠷᠣᠯᠴᠠᠬᠤ;
    (ᠶᠢᠰᠦ) ᠠᠷᠠᠳᠴᠢᠯᠠᠯ ᠵᠶ᠋ᠠᠷ ᠰᠢᠯᠭ᠋ᠠᠨ ᠦᠨᠡᠯᠡᠬᠦ᠂ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠯᠲᠠ ᠭᠢᠭᠦ;
    (ᠠᠷᠪᠠ) ᠳᠣᠷᠣᠭᠰᠢ ᠪᠠᠭᠤᠵᠤ ᠪᠠᠶ᠋ᠢᠴᠠᠭ᠋ᠠᠨ ᠰᠤᠳᠤᠯᠤᠯᠲᠠ ᠬᠢᠵᠦ ᠪᠠᠶ᠋ᠢᠳᠠᠯ᠎ᠢ ᠣᠶ᠋ᠢᠯᠠᠭ᠋ᠠᠬᠤ;
    (ᠠᠷᠪᠠᠨ ᠨᠢᠭᠡ) ᠲᠤᠰᠬᠠᠢ ᠪᠠᠶ᠋ᠢᠴᠠᠭ᠋ᠠᠯᠲᠠ ᠥᠷᠨᠢᠭᠦᠯᠭᠦ;
    (ᠠᠷᠪᠠᠨ ᠬᠤᠶᠠᠷ) ᠬᠤᠯᠪᠣᠭᠳᠠᠯ ᠪᠦᠬᠦᠢ ᠨᠢᠭᠡᠴᠢ᠎ᠳᠤ ᠬᠠᠮᠵᠢᠯᠴᠠᠭᠤᠯᠬᠤ᠎ᠪᠠᠷ ᠳᠤᠷᠠᠳᠤᠨ ᠳᠡᠪᠰᠢᠭᠦᠯᠭᠦ;
    (ᠠᠷᠪᠠᠨ ᠭᠤᠷᠪᠠ) ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠵᠥᠪᠰᠢᠶᠡᠷᠡᠭᠰᠡᠨ ᠪᠤᠰᠤᠳ ᠠᠷᠭ᠎ᠠ ᠭᠡᠯᠪᠡᠷᠢ᠃
    ᠬᠤᠷᠢᠨ ᠳᠥᠷᠪᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠵᠢᠭ᠋ᠠᠪᠤᠷᠢ ᠠᠪᠴᠤ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠳᠤᠮᠳᠠᠬᠢ ᠴᠢᠬᠤᠯᠠ ᠪᠠᠶ᠋ᠢᠳᠠᠯ ᠪᠣᠯᠣᠨ ᠴᠢᠬᠤᠯᠠ ᠶᠡᠭᠡ ᠠᠰᠠᠭᠤᠳᠠᠯ᠎ᠢ ᠴᠠᠭ ᠲᠤᠬᠠᠢ᠎ᠳᠤ᠎ᠨᠢ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠦᠨ ᠵᠢᠭ᠋ᠠᠪᠤᠷᠢ ᠠᠪᠬᠤ ᠬᠡᠷᠡᠭᠲᠡᠢ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠦᠰᠢᠭᠯᠡᠨ ᠠᠵᠢᠯ ᠵᠶ᠋ᠠᠨ ᠥᠷᠨᠢᠭᠦᠯᠵᠦ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠡᠪ᠎ᠤᠨ ᠠᠵᠢᠯ᠎ᠳᠤ ᠭᠠᠷ ᠲᠦᠷᠦᠭᠦ ᠦᠭᠡᠢ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠦᠭᠡᠢ᠃
    ᠬᠤᠷᠢᠨ ᠲᠠᠪᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠬᠤᠭᠤᠴᠠᠭ᠋ᠠᠨ᠎ᠳᠤ᠂ ᠺᠠᠳ᠋ᠷ ᠤᠯᠠᠨ ᠲᠦᠮᠡᠨ᠎ᠤ ᠲᠤᠰᠬᠠᠯ ᠴᠢᠩᠭ᠎ᠠ᠂ ᠳᠦᠷᠦ ᠵᠢᠨ ᠪᠣᠳᠣᠯᠭ᠎ᠠ ᠵᠢᠨ ᠲᠣᠭᠲᠠᠭ᠋ᠠᠯ᠎ᠢ ᠢᠯᠡᠳᠲᠡ ᠵᠥᠷᠢᠴᠡᠭᠰᠡᠨ ᠪᠥᠭᠡᠳ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠡᠷᠬᠡ ᠲᠤᠰᠢᠶᠠᠯ᠎ᠤᠨ ᠬᠡᠪᠴᠢᠶᠡᠨ᠎ᠳᠤ ᠪᠠᠭᠲᠠᠵᠤ᠂ ᠴᠠᠭ ᠲᠤᠬᠠᠢ᠎ᠳᠤ᠎ᠨᠢ ᠰᠢᠢ᠍ᠳᠪᠦᠷᠢᠯᠡᠵᠦ ᠳᠡᠶ᠋ᠢᠯᠭᠦ ᠠᠰᠠᠭᠤᠳᠠᠯ᠎ᠢ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠳᠡᠰ ᠳᠠᠷᠠᠭ᠋ᠠᠯᠠᠯ ᠶᠣᠰᠣᠭ᠋ᠠᠷ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠳᠠᠷᠤᠶ᠋ᠢᠬᠠᠨ ᠬᠡᠷᠡᠭᠵᠢᠭᠦᠯᠵᠦ ᠳᠠᠷᠤᠶ᠋ᠢᠬᠠᠨ ᠵᠠᠯᠠᠷᠠᠭᠤᠯᠬᠤ ᠵᠢ ᠱᠠᠯᠠᠪᠳᠠᠭᠤᠯᠬᠤ ᠬᠡᠷᠡᠭᠲᠡᠢ᠃
    ᠲᠣᠭᠤᠷᠢᠨ ᠪᠠᠶ᠋ᠢᠴᠠᠭ᠋ᠠᠬᠤ ᠬᠤᠭᠤᠴᠠᠭ᠋ᠠᠨ᠎ᠳᠤ᠂ ᠲᠤᠰᠬᠠᠯ ᠲᠥᠪᠯᠡᠷᠡᠭᠰᠡᠨ ᠨᠠᠮ᠎ᠤᠨ ᠭᠡᠰᠢᠭᠦᠨ᠂ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠡᠵᠢᠭᠯᠡᠯᠲᠡᠢ ᠠᠰᠠᠭᠤᠳᠠᠯ᠎ᠤᠨ ᠰᠦᠪᠡᠭᠴᠢ ᠵᠢ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠳᠡᠰ ᠳᠠᠷᠠᠭ᠋ᠠᠯᠠᠯ ᠶᠣᠰᠣᠭ᠋ᠠᠷ ᠬᠤᠯᠪᠣᠭᠳᠠᠯ ᠪᠦᠬᠦᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠰᠢᠯᠵᠢᠭᠦᠯᠦᠨ ᠲᠤᠰᠢᠶᠠᠵᠤ ᠴᠠᠭ ᠲᠤᠬᠠᠢ᠎ᠳᠤ᠎ᠨᠢ ᠰᠢᠢ᠍ᠳᠪᠦᠷᠢᠯᠡᠭᠦᠯᠵᠦ ᠪᠣᠯᠣᠨ᠎ᠠ᠃
    ᠬᠤᠷᠢᠨ ᠵᠢᠷᠭᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠨᠢ ᠣᠶ᠋ᠢᠯᠠᠭ᠋ᠠᠭᠰᠠᠨ ᠴᠢᠬᠤᠯᠠ ᠪᠠᠶ᠋ᠢᠳᠠᠯ ᠪᠣᠯᠣᠨ ᠠᠰᠠᠭᠤᠳᠠᠯ᠎ᠳᠤ ᠲᠣᠭᠤᠷᠢᠨ ᠪᠠᠶ᠋ᠢᠴᠠᠭ᠋ᠠᠭᠰᠠᠨ ᠮᠡᠳᠡᠭᠦᠯᠦᠯᠲᠡ ᠪᠦᠷᠢᠯᠳᠦᠭᠦᠯᠬᠦ ᠭᠡᠷᠡᠭᠲᠡᠢ; ᠨᠡᠶ᠋ᠢᠳᠡᠮ᠎ᠤᠨ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠠᠰᠠᠭᠤᠳᠠᠯ ᠪᠠ ᠪᠠᠶ᠋ᠢᠭᠤᠯᠤᠮᠵᠢ ᠲᠣᠭᠲᠠᠴᠠ ᠵᠡᠷᠭᠡ ᠲᠠᠯ᠎ᠠ ᠵᠢᠨ ᠴᠢᠬᠤᠯᠠ ᠶᠡᠭᠡ ᠠᠰᠠᠭᠤᠳᠠᠯ᠎ᠳᠤ ᠲᠤᠰᠬᠠᠢ ᠰᠡᠳᠦᠪᠲᠦ ᠮᠡᠳᠡᠭᠦᠯᠦᠯᠲᠡ ᠪᠦᠷᠢᠯᠳᠦᠭᠦᠯᠵᠦ ᠪᠣᠯᠣᠨ᠎ᠠ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠭᠰᠠᠨ ᠮᠡᠳᠡᠭᠦᠯᠦᠯᠲᠡ᠂ ᠲᠤᠰᠬᠠᠢ ᠰᠡᠳᠦᠪᠲᠦ ᠮᠡᠳᠡᠭᠦᠯᠦᠯᠲᠡ ᠵᠡᠷᠭᠡ᠎ᠳᠤ ᠲᠤᠰᠬᠠᠭᠰᠠᠨ ᠠᠰᠠᠭᠤᠳᠠᠯ᠎ᠳᠤ ᠡᠬᠡ ᠨᠣᠣᠷᠠᠭ ᠪᠢᠴᠢᠬᠦ ᠬᠡᠷᠡᠭᠲᠡᠢ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠲᠤᠰᠬᠠᠭᠰᠠᠨ ᠴᠢᠬᠤᠯᠠ ᠠᠰᠠᠭᠤᠳᠠᠯ᠂ ᠳᠤᠷᠠᠳᠤᠭᠰᠠᠨ ᠴᠡᠭᠴᠡᠯᠡᠨ ᠰᠠᠶ᠋ᠢᠵᠢᠷᠠᠭᠤᠯᠬᠤ ᠰᠠᠨᠠᠭᠤᠯᠭ᠎ᠠ ᠵᠢ ᠲᠣᠭᠲᠠᠭ᠋ᠠᠯ ᠶᠣᠰᠣᠭ᠋ᠠᠷ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ᠎ᠲᠠᠢ ᠣᠯᠣᠯᠴᠠᠵᠤ᠂ ᠰᠠᠨᠠᠯ᠎ᠢ᠎ᠨᠢ ᠰᠣᠨᠣᠰᠬᠤ ᠭᠡᠷᠡᠭᠲᠡᠢ; ᠲᠣᠭᠤᠷᠢᠨ ᠪᠠᠶ᠋ᠢᠴᠠᠭ᠋ᠠᠭᠰᠠᠨ ᠮᠡᠳᠡᠭᠦᠯᠦᠯᠲᠡ᠎ᠳᠤ ᠲᠤᠰᠬᠠᠭᠰᠠᠨ ᠴᠢᠬᠤᠯᠠ ᠲᠦᠷᠦ ᠵᠢᠨ ᠪᠣᠳᠣᠯᠭ᠎ᠠ ᠵᠢᠨ ᠴᠢᠨᠠᠷᠲᠠᠢ ᠠᠰᠠᠭᠤᠳᠠᠯ᠎ᠤᠨ ᠲᠤᠬᠠᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠠᠢ ᠣᠯᠣᠯᠴᠠᠵᠤ᠂ ᠰᠠᠨᠠᠯ᠎ᠢ᠎ᠨᠢ ᠰᠣᠨᠣᠰᠴᠤ ᠪᠣᠯᠣᠨ᠎ᠠ᠃
    ᠬᠤᠷᠢᠨ ᠳᠣᠯᠣᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠴᠠᠭ ᠲᠤᠬᠠᠢ᠎ᠳᠤ᠎ᠨᠢ ᠰᠣᠨᠣᠰᠴᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠ ᠦᠷ᠎ᠡ ᠪᠦᠲᠦᠭᠡᠯ᠎ᠢ ᠬᠡᠷᠡᠭᠯᠡᠭᠰᠡᠨ ᠰᠠᠨᠠᠯ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠮᠡᠳᠡᠭᠦᠯᠦᠨ ᠲᠣᠭᠲᠠᠭ᠋ᠠᠯᠭ᠋ᠠᠬᠤ ᠬᠡᠷᠡᠭᠲᠡᠢ᠃
    ᠬᠤᠷᠢᠨ ᠨᠠᠢ᠍ᠮᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠯᠪᠣᠭᠳᠠᠯ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠴᠠᠭ ᠲᠤᠬᠠᠢ᠎ᠳᠤ᠎ᠨᠢ ᠰᠣᠨᠣᠰᠴᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ ᠵᠦᠢ᠍ᠯ᠎ᠢ ᠰᠤᠳᠤᠯᠤᠨ ᠲᠣᠭᠲᠠᠭ᠋ᠠᠬᠤ ᠬᠡᠷᠡᠭᠲᠡᠢ᠃ ᠴᠢᠬᠤᠯᠠᠲᠠᠢ ᠦᠶ᠎ᠡ᠎ᠳᠤ᠂ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠢᠭᠤᠳ ᠰᠣᠨᠣᠰᠴᠤ ᠪᠣᠯᠣᠨ᠎ᠠ᠃
    ᠬᠤᠷᠢ ᠶᠢᠰᠦᠳᠦᠭᠡᠷ ᠵᠦᠢ᠍ᠯ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠪᠠᠷ ᠵᠥᠪᠰᠢᠶᠡᠷᠡᠭᠦᠯᠦᠭᠰᠡᠨ᠎ᠤ ᠲᠠᠷᠠᠭ᠎ᠠ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠴᠠᠭ ᠲᠤᠬᠠᠢ᠎ᠳᠤ᠎ᠨᠢ ᠵᠣᠬᠢᠶᠠᠨ ᠪᠠᠶ᠋ᠢᠭᠤᠯᠵᠤ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠵᠢᠴᠢ ᠲᠡᠭᠦᠨ᠎ᠤ ᠭᠤᠣᠯ ᠬᠠᠷᠢᠭᠤᠴᠠᠯᠭ᠋ᠠᠲᠠᠨ᠎ᠳᠤ ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠲᠤᠰ ᠲᠤᠰ ᠬᠠᠷᠢᠭᠤ ᠲᠤᠰᠬᠠᠵᠤ᠂ ᠠᠰᠠᠭᠤᠳᠠᠯ᠎ᠢ ᠵᠢᠭ᠋ᠠᠨ ᠭᠠᠷᠭ᠋ᠠᠵᠤ᠂ ᠬᠠᠨᠳᠤᠯᠭ᠋ᠠᠲᠤ ᠴᠢᠨᠠᠷᠲᠠᠢ᠎ᠪᠠᠷ ᠴᠡᠭᠴᠡᠯᠡᠨ ᠰᠠᠶ᠋ᠢᠵᠢᠷᠠᠭᠤᠯᠬᠤ ᠰᠠᠨᠠᠯ ᠳᠤᠷᠠᠳᠬᠤ ᠬᠡᠷᠡᠭᠲᠡᠢ᠃
    ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠲᠣᠭᠤᠷᠢᠨ ᠪᠠᠶ᠋ᠢᠴᠠᠭ᠋ᠠᠭᠰᠠᠨ ᠬᠤᠯᠪᠣᠭᠳᠠᠯ ᠪᠦᠬᠦᠢ ᠪᠠᠶ᠋ᠢᠳᠠᠯ᠎ᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠲᠡᠭᠦᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠳᠤ ᠮᠡᠳᠡᠭᠳᠡᠨ᠎ᠡ᠃
    ᠭᠤᠴᠢᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ ᠪᠠ ᠨᠠᠮ᠎ᠤᠨ ᠭᠡᠰᠢᠭᠦᠨ᠂ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ᠎ᠤᠨ ᠰᠦᠪᠡᠭᠴᠢ ᠵᠢ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠪᠠ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠺᠠᠳ᠋ᠷ᠎ᠤᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ ᠪᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠳᠡᠰ ᠳᠠᠷᠠᠭ᠋ᠠᠯᠠᠯ ᠶᠣᠰᠣᠭ᠋ᠠᠷ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ᠎ᠳᠤ ᠲᠤᠰ ᠲᠤᠰ ᠰᠢᠯᠵᠢᠭᠦᠯᠦᠨ ᠲᠤᠰᠢᠶᠠᠨ᠎ᠠ᠃
    ᠲᠣᠭᠤᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠨᠡᠶ᠋ᠢᠳᠡᠮ᠎ᠤᠨ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠠᠰᠠᠭᠤᠳᠠᠯ ᠪᠣᠯᠣᠨ ᠪᠠᠶ᠋ᠢᠭᠤᠯᠤᠮᠵᠢ ᠲᠣᠭᠲᠠᠴᠠ ᠵᠡᠷᠭᠡ ᠲᠠᠯ᠎ᠠ ᠵᠢᠨ ᠴᠢᠬᠤᠯᠠ ᠶᠡᠭᠡ ᠠᠰᠠᠭᠤᠳᠠᠯ᠎ᠳᠤ ᠲᠣᠭᠤᠷᠢᠨ ᠪᠠᠶ᠋ᠢᠴᠠᠭ᠋ᠠᠬᠤ ᠰᠠᠨᠠᠭᠤᠯᠭ᠎ᠠ ᠵᠢᠨ ᠪᠢᠴᠢᠭ ᠪᠤᠶᠤ ᠪᠤᠰᠤᠳ ᠵᠣᠬᠢᠰᠲᠠᠢ ᠠᠷᠭ᠎ᠠ ᠭᠡᠯᠪᠡᠷᠢ ᠵᠢ ᠠᠪᠴᠤ᠂ ᠬᠤᠯᠪᠣᠭᠳᠠᠯ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ᠎ᠲᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ᠂ ᠳᠦᠷᠢᠮ᠎ᠢ ᠪᠦᠷᠢᠨᠰᠢᠭᠦᠯᠬᠦ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃
    ᠭᠤᠴᠢᠨ ᠨᠢᠭᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ᠎ᠪᠠᠷ ᠣᠷᠣᠵᠤ ᠰᠠᠭᠤᠬᠤ᠂ ᠬᠠᠷᠢᠭᠤ ᠲᠤᠰᠬᠠᠬᠤ᠂ ᠴᠡᠭᠴᠡᠯᠡᠨ ᠰᠠᠶ᠋ᠢᠵᠢᠷᠠᠭᠤᠯᠬᠤ ᠵᠡᠷᠭᠡ ᠪᠠᠶ᠋ᠢᠳᠠᠯ᠎ᠢ ᠵᠣᠬᠢᠰᠲᠠᠢ ᠠᠷᠭ᠎ᠠ ᠭᠡᠯᠪᠡᠷᠢ᠎ᠪᠠᠷ ᠢᠯᠡ ᠪᠤᠯᠭ᠋ᠠᠵᠤ᠂ ᠨᠠᠮ᠎ᠤᠨ ᠭᠡᠰᠢᠭᠦᠨ᠂ ᠺᠠᠳ᠋ᠷ ᠪᠣᠯᠣᠨ ᠠᠷᠠᠳ ᠤᠯᠠᠨ᠎ᠤ ᠬᠢᠨᠠᠯᠲᠠ ᠵᠢ ᠬᠦᠯᠢᠶᠡᠬᠦ ᠬᠡᠷᠡᠭᠲᠡᠢ᠃
    ᠲᠠᠪᠤᠳᠤᠭ᠋ᠠᠷ ᠪᠦᠯᠦᠭ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ
    ᠭᠤᠴᠢᠨ ᠬᠤᠶᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠ ᠦᠷ᠎ᠡ ᠪᠦᠲᠦᠭᠡᠯ᠎ᠢ ᠬᠡᠷᠡᠭᠯᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠬᠤ ᠬᠡᠷᠡᠭᠲᠡᠢ᠃
    ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠲᠠᠢ᠎ᠪᠠᠨ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠳᠠᠬᠢ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠬᠤ ᠬᠡᠷᠡᠭᠲᠡᠢ᠃
    ᠭᠤᠴᠢᠨ ᠭᠤᠷᠪᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠴᠡᠭᠴᠡᠯᠡᠨ ᠰᠠᠶ᠋ᠢᠵᠢᠷᠠᠭᠤᠯᠬᠤ ᠵᠢ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠤᠯᠭ᠋ᠠᠵᠤ᠂ ᠡᠳᠦᠷ ᠲᠤᠳᠤᠮ᠎ᠤᠨ ᠠᠵᠢᠯ᠎ᠳᠤ᠎ᠪᠠᠨ ᠠᠭᠤᠰᠤᠯᠴᠠᠭᠤᠯᠵᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠠᠭᠤᠰᠤᠯᠴᠠᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠠᠭᠤᠰᠤᠯᠴᠠᠭᠤᠯᠵᠤ᠂ ᠤᠳᠤᠷᠢᠳᠬᠤ ᠪᠠᠭ ᠪᠣᠯᠣᠨ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ᠎ᠳᠤ ᠠᠭᠤᠰᠤᠯᠴᠠᠭᠤᠯᠬᠤ ᠬᠡᠷᠡᠭᠲᠡᠢ᠃
    ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠵᠦ᠂ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠬᠡᠷᠡᠭᠲᠡᠢ᠃    ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯ ᠬᠠᠷᠢᠭᠤᠴᠠᠯᠭ᠋ᠠᠲᠠᠨ ᠪᠠ ᠤᠳᠤᠷᠢᠳᠬᠤ ᠪᠠᠭ᠎ᠤᠨ ᠪᠤᠰᠤᠳ ᠪᠦᠷᠢᠯᠳᠦᠭᠦᠨ᠎ᠳᠤ ᠲᠣᠬᠢᠷᠠᠭᠤᠯᠤᠯᠲᠠ ᠬᠢᠭᠰᠡᠨ ᠪᠠᠶ᠋ᠢᠪᠠᠯ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠵᠤᠯᠭ᠋ᠠᠯᠴᠠᠭᠤᠯᠬᠤ ᠠᠵᠢᠯ᠎ᠢ ᠰᠠᠶ᠋ᠢᠲᠤᠷ ᠬᠢᠵᠦ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠬᠤ ᠬᠡᠷᠡᠭᠲᠡᠢ᠃
    ᠭᠤᠴᠢᠨ ᠳᠥᠷᠪᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠣᠯᠣᠭᠰᠠᠨ ᠡᠳᠦᠷ᠎ᠠᠴᠠ ᠡᠬᠢᠯᠡᠨ᠂ 6 ᠰᠠᠷ᠎ᠠ ᠵᠢᠨ ᠬᠤᠭᠤᠴᠠᠭ᠎ᠠ᠎ᠲᠠᠢ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠄
    (ᠨᠢᠭᠡ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠥᠯ᠎ᠢ ᠰᠤᠳᠤᠯᠤᠨ ᠲᠣᠭᠲᠠᠭ᠋ᠠᠵᠤ᠂ ᠠᠰᠠᠭᠤᠳᠠᠯ᠎ᠤᠨ ᠨᠠᠷᠢᠨ ᠲᠠᠩᠰᠠ᠂ ᠡᠭᠦᠷᠭᠡ ᠵᠢᠨ ᠨᠠᠷᠢᠨ ᠲᠠᠩᠰᠠ᠂ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠠᠶ᠋ᠢᠭᠤᠯᠵᠤ᠂ ᠬᠠᠷᠢᠭᠤᠴᠠᠯᠭ᠋ᠠᠲᠠᠨ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠎ᠠ;
    (ᠬᠤᠶᠠᠷ) ᠤᠳᠤᠷᠢᠳᠬᠤ ᠪᠠᠭ᠎ᠤᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠤᠨ᠎ᠠ;
    (ᠭᠤᠷᠪᠠ) ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠪᠦᠭᠦ ᠲᠠᠯ᠎ᠠ᠎ᠪᠠᠷ ᠰᠠᠶ᠋ᠢᠲᠤᠷ ᠠᠳᠬᠤᠨ᠎ᠠ;
    (ᠳᠥᠷᠪᠡ) ᠲᠣᠭᠤᠷᠢᠨ ᠪᠠᠶ᠋ᠢᠴᠠᠭ᠋ᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ᠎ᠤᠨ ᠰᠦᠪᠡᠭᠴᠢ ᠵᠢᠴᠢ ᠣᠯᠠᠨ ᠲᠦᠮᠡᠨ᠎ᠤ ᠲᠤᠰᠬᠠᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠨ᠎ᠡ;
    (ᠲᠠᠪᠤ) ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠳᠤ ᠨᠢᠭᠡ᠎ᠠᠴᠠ ᠵᠦᠢ᠍ᠴᠢᠯᠡᠨ ᠨᠥᠭᠦᠭᠡ ᠵᠢ ᠮᠡᠳᠡᠵᠦ᠂ ᠳᠦᠷᠢᠮ᠎ᠢ ᠪᠦᠷᠢᠨᠰᠢᠭᠦᠯᠵᠦ᠂ ᠳᠤᠲᠠᠭᠤᠳᠠᠯ᠎ᠢ ᠨᠥᠬᠦᠪᠦᠷᠢᠯᠡᠨ᠂ ᠠᠯᠳᠠᠰᠢ ᠭᠠᠷᠬᠤ ᠵᠢ ᠬᠤᠷᠢᠬᠯᠠᠨ᠎ᠠ;
    (ᠵᠢᠷᠭᠤᠭ᠎ᠠ) ᠲᠣᠭᠤᠷᠢᠨ ᠪᠠᠶ᠋ᠢᠴᠠᠭ᠋ᠠᠬᠤ ᠠᠵᠢᠯ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠳᠠᠯᠢ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠲᠤ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠤᠭᠰᠠᠨ ᠠᠬᠢᠴᠠ ᠵᠢᠨ ᠪᠠᠶ᠋ᠢᠳᠠᠯ᠎ᠤᠨ ᠮᠡᠳᠡᠭᠦᠯᠦᠯᠲᠡ ᠵᠢ ᠮᠡᠳᠡᠭᠦᠯᠦᠨ ᠬᠦᠷᠭᠡᠨ᠎ᠡ᠃
    ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠬᠤ ᠠᠵᠢᠯ ᠳᠠᠭᠤᠰᠤᠭᠰᠠᠨ᠎ᠤ ᠳᠠᠷᠠᠭ᠎ᠠ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠩᠭᠤᠵᠢᠭᠰᠠᠨ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠠᠷᠠᠬᠠᠨ ᠰᠢᠢ᠍ᠳᠪᠦᠷᠢᠯᠡᠭᠡᠳᠦᠢ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠠᠵᠢᠯ᠎ᠤᠨ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ ᠳᠠᠷᠠᠭ᠋ᠠᠴᠢ ᠵᠢᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠴᠠᠭ᠎ᠲᠤ᠎ᠨᠢ ᠮᠡᠳᠡᠭᠦᠯᠬᠦ ᠬᠡᠷᠡᠭᠲᠡᠢ᠃
    ᠭᠤᠴᠢᠨ ᠲᠠᠪᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠠᠳᠠᠯᠢ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠡᠭᠦᠷᠭᠡᠯᠡᠵᠦ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠪᠦᠭᠦ ᠲᠠᠯ᠎ᠠ᠎ᠪᠠᠷ ᠬᠢᠨᠠᠯᠲᠠ ᠲᠠᠯᠪᠢᠨ᠎ᠠ᠃ ᠡᠭᠦᠨ᠎ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠭᠰᠠᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠥᠯ᠎ᠢ ᠬᠢᠨᠠᠨ ᠬᠠᠷᠭᠤᠭᠤᠯᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠰᠤᠯᠠ ᠣᠷᠣᠯᠴᠠᠨ᠎ᠠ;
    (ᠬᠤᠶᠠᠷ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠬᠤ ᠡᠬᠡ ᠲᠠᠩᠰᠠ ᠪᠠᠶ᠋ᠢᠭᠤᠯᠵᠤ᠂ ᠬᠠᠷᠢᠭᠤ ᠮᠡᠳᠡᠭᠦᠯᠦᠯᠲᠡ ᠵᠢ ᠰᠣᠨᠣᠰᠬᠤ᠂ ᠠᠬᠢᠭᠤᠯᠬᠤ ᠬᠤᠷᠠᠯ ᠬᠤᠷᠠᠯᠳᠤᠭᠤᠯᠬᠤ᠂ ᠲᠤᠰᠬᠠᠢ ᠰᠡᠳᠦᠪ ᠵᠶ᠋ᠠᠷ ᠵᠥᠪᠳᠡᠯᠴᠡᠬᠦ᠂ ᠪᠠᠶ᠋ᠢᠴᠠᠭ᠋ᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ᠂ ᠲᠤᠬᠠᠢ ᠵᠢᠨ ᠲᠠᠯᠠᠪᠠᠢ᠎ᠳᠤ ᠪᠠᠶ᠋ᠢᠴᠠᠭ᠋ᠠᠯᠲᠠ ᠬᠢᠬᠦ᠂ ᠴᠡᠭᠴᠡᠯᠡᠨ ᠰᠠᠶ᠋ᠢᠵᠢᠷᠠᠭᠤᠯᠵᠤ ᠦᠨᠡᠯᠡᠨ ᠵᠢᠱ᠌ᠢᠯᠲᠡ ᠥᠷᠨᠢᠭᠦᠯᠬᠦ᠂ ᠶᠠᠷᠢᠯᠴᠠᠨ ᠰᠠᠨᠠᠭᠤᠯᠬᠤ᠂ ᠪᠣᠯᠵᠣᠨ ᠶᠠᠷᠢᠯᠴᠠᠵᠤ ᠵᠠᠬᠢᠳᠠᠯ ᠵᠶ᠋ᠠᠷ ᠠᠰᠠᠭᠤᠬᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶᠢᠭ᠎ᠢ ᠶᠡᠷᠦᠩᠬᠡᠶ᠋ᠢᠯᠡᠨ ᠬᠡᠷᠡᠭᠯᠡᠵᠦ ᠡᠳᠦᠷ ᠲᠤᠲᠤᠮ᠎ᠤᠨ ᠬᠢᠨᠠᠯᠲᠠ᠎ᠪᠠᠨ ᠴᠢᠩᠭ᠋ᠠᠳᠬᠠᠨ᠎ᠠ;
    (ᠭᠤᠷᠪᠠ) ᠲᠣᠭᠤᠷᠢᠨ ᠪᠠᠶ᠋ᠢᠴᠠᠭ᠋ᠠᠵᠤ ᠢᠯᠡᠷᠡᠭᠦᠯᠦᠭᠰᠡᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠡᠷᠭᠡ ᠲᠠᠯ᠎ᠠ ᠵᠢᠨ ᠲᠣᠪᠣᠶ᠋ᠢᠮ᠎ᠠ ᠠᠰᠠᠭᠤᠳᠠᠯ᠎ᠳᠤ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠵᠶ᠋ᠠᠷ ᠵᠠᠰᠠᠬᠤ ᠠᠵᠢᠯ ᠥᠷᠨᠢᠭᠦᠯᠬᠦ ᠵᠢ ᠱᠠᠯᠠᠪᠳᠠᠭᠤᠯᠤᠨ ᠠᠭᠢᠭᠤᠯᠤᠨ᠎ᠠ;
    (ᠳᠥᠷᠪᠡ) ᠲᠣᠭᠤᠷᠢᠨ ᠪᠠᠶ᠋ᠢᠴᠠᠭ᠋ᠠᠯᠲᠠ ᠵᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ᠎ᠤᠨ ᠰᠦᠪᠡᠭᠴᠢ ᠵᠢ ᠲᠣᠭᠲᠠᠭ᠋ᠠᠯ ᠰᠠᠬᠢᠯᠭ᠎ᠠ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ᠎ᠤᠨ ᠰᠦᠪᠡᠭᠴᠢ ᠵᠢ ᠣᠯᠣᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠲᠣᠷ᠎ᠠ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠲᠤ ᠰᠢᠢ᠍ᠳᠪᠦᠷᠢᠯᠡᠭᠰᠡᠨ ᠠᠬᠢᠴᠠ ᠵᠢᠨ ᠪᠠᠶ᠋ᠢᠳᠠᠯ ᠵᠶ᠋ᠠᠨ ᠬᠠᠷᠢᠭᠤ ᠲᠤᠰᠬᠠᠨ᠎ᠠ;
    (ᠲᠠᠪᠤ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠤᠭᠰᠠᠨ ᠠᠬᠢᠴᠠ ᠵᠢᠨ ᠪᠠᠶ᠋ᠢᠳᠠᠯ᠎ᠤᠨ ᠮᠡᠳᠡᠭᠦᠯᠦᠯᠲᠡ ᠵᠢ ᠲᠦᠷᠦᠭᠦᠯᠡᠨ ᠬᠢᠨᠠᠨ ᠬᠠᠷᠭᠤᠭᠤᠯᠤᠨ᠎ᠠ;
    (ᠵᠢᠷᠭᠤᠭ᠎ᠠ) ᠲᠣᠮᠢᠯᠠᠨ ᠰᠠᠭᠤᠯᠭ᠋ᠠᠭᠰᠠᠨ (ᠲᠣᠮᠢᠯᠠᠭᠰᠠᠨ) ᠪᠠᠶ᠋ᠢᠭᠤᠯᠤᠮᠵᠢ ᠪᠠ ᠳᠣᠣᠷᠠᠳᠤ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢ ᠵᠢᠯᠣᠭᠤᠳᠤᠨ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ;
    (ᠳᠣᠯᠤᠭ᠎ᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠵᠶ᠋ᠠᠷ ᠳᠠᠮᠵᠢᠭᠤᠯᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠨ᠎ᠡ᠃
    ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠲᠣᠮᠢᠯᠠᠨ ᠰᠠᠭᠤᠯᠭ᠋ᠠᠭᠰᠠᠨ ᠪᠠᠶ᠋ᠢᠭᠤᠯᠤᠮᠵᠢ᠎ᠨᠢ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠰᠠᠭᠤᠭ᠎ᠠ ᠨᠢᠭᠡᠴᠢ (ᠶᠡᠷᠦᠩᠬᠡᠶ᠋ᠢᠯᠡᠨ ᠬᠢᠨᠠᠯᠲᠠ ᠲᠠᠯᠪᠢᠬᠤ ᠨᠢᠭᠡᠴᠢ ᠪᠠᠭᠲᠠᠨ᠎ᠠ) ᠵᠢᠨ ᠨᠠᠮ᠎ᠤᠨ ᠤᠳᠤᠷᠢᠳᠬᠤ ᠳᠤᠭᠤᠶ᠋ᠢᠯᠠᠩ᠂ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠯᠲᠠ ᠵᠢ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠡᠳᠦᠷ ᠲᠤᠳᠤᠮ᠎ᠤᠨ ᠬᠢᠨᠠᠯᠲᠠ᠎ᠳᠤ ᠣᠷᠣᠭᠤᠯᠵᠤ᠂ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠪᠠᠯ ᠵᠣᠬᠢᠨ᠎ᠠ᠃
    ᠭᠤᠴᠢᠨ ᠵᠢᠷᠭᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ᠃ ᠡᠭᠦᠨ᠎ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄
    (ᠨᠢᠭᠡ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠭᠰᠠᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠥᠯ᠎ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ᠎ᠳᠤ ᠣᠷᠣᠯᠴᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠰᠤᠯᠠ ᠣᠷᠣᠯᠴᠠᠨ᠎ᠠ;
    (ᠬᠤᠶᠠᠷ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠎ᠬᠢ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠵᠤ᠂ ᠡᠳᠦᠷ ᠳᠤᠳᠤᠮ᠎ᠤᠨ ᠬᠢᠨᠠᠯᠲᠠ ᠵᠢ ᠴᠢᠩᠭ᠋ᠠᠳᠬᠠᠵᠤ᠂ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠵᠶ᠋ᠠᠷ ᠵᠠᠰᠠᠬᠤ ᠵᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ;
    (ᠭᠤᠷᠪᠠ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠤᠨ ᠣᠨ᠎ᠤ ᠬᠢᠨᠠᠨ ᠰᠢᠯᠭ᠋ᠠᠯᠲᠠ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂ ᠲᠣᠭᠤᠷᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠤᠳᠤᠷᠢᠳᠬᠤ ᠪᠠᠭ᠎ᠤᠨ ᠪᠠᠶ᠋ᠢᠭᠤᠯᠤᠯᠲᠠ ᠪᠣᠯᠣᠨ ᠺᠠᠳ᠋ᠷ᠎ᠢ ᠬᠢᠨᠠᠨ ᠰᠢᠯᠭ᠋ᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠵᠢᠨ ᠴᠢᠬᠤᠯᠠ ᠯᠠᠪᠯᠠᠯᠲᠠ ᠪᠤᠯᠭ᠋ᠠᠨ᠎ᠠ;
    (ᠳᠥᠷᠪᠡ) ᠲᠣᠭᠤᠷᠢᠨ ᠪᠠᠶ᠋ᠢᠴᠠᠭ᠋ᠠᠵᠤ ᠰᠢᠯᠵᠢᠭᠦᠯᠦᠨ ᠲᠤᠰᠢᠶᠠᠭᠰᠠᠨ ᠤᠳᠤᠷᠢᠳᠬᠤ ᠪᠠᠭ᠎ᠤᠨ ᠪᠠᠶ᠋ᠢᠭᠤᠯᠤᠯᠲᠠ᠂ ᠠᠷᠠᠳᠴᠢᠯᠠᠯ ᠲᠥᠪᠯᠡᠷᠡᠯ᠎ᠤᠨ ᠶᠣᠰᠣ ᠵᠢ ᠲᠤᠭᠤᠰᠢᠯᠠᠭᠤᠯᠤᠨ ᠬᠡᠷᠡᠭᠵᠢᠭᠦᠯᠬᠦ᠂ ᠺᠠᠳ᠋ᠷ᠎ᠢ ᠰᠣᠩᠭᠤᠨ ᠳᠡᠪᠰᠢᠭᠦᠯᠵᠦ ᠬᠡᠷᠡᠭᠯᠡᠬᠦ᠂ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠎ᠤ ᠡᠩᠨᠡᠭᠡ ᠵᠢᠨ ᠪᠠᠶ᠋ᠢᠭᠤᠯᠤᠯᠲᠠ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠡᠷᠭᠡ ᠲᠠᠯ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ᠎ᠢ ᠣᠯᠣᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠲᠣᠷ᠎ᠠ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠲᠤ ᠰᠢᠢ᠍ᠳᠪᠦᠷᠢᠯᠡᠭᠰᠡᠨ ᠠᠬᠢᠴᠠ ᠵᠢᠨ ᠪᠠᠶ᠋ᠢᠳᠠᠯ᠎ᠢ ᠬᠠᠷᠢᠭᠤ ᠲᠤᠰᠬᠠᠨ᠎ᠠ;
    (ᠲᠠᠪᠤ) ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠥᠪᠯᠡᠷᠡᠭᠦᠯᠦᠨ ᠴᠡᠭᠴᠡᠯᠡᠨ ᠰᠠᠶ᠋ᠢᠵᠢᠷᠠᠭᠤᠯᠤᠭᠰᠠᠨ ᠠᠬᠢᠴᠠ ᠵᠢᠨ ᠪᠠᠶ᠋ᠢᠳᠠᠯ᠎ᠤᠨ ᠮᠡᠳᠡᠭᠦᠯᠦᠯᠲᠡ᠎ᠳᠠᠬᠢ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠤᠨ ᠲᠠᠯ᠎ᠠ᠎ᠳᠤ ᠬᠤᠯᠪᠣᠭᠳᠠᠭᠰᠠᠨ ᠠᠭᠤᠯᠭ᠎ᠠ ᠵᠢ ᠬᠢᠨᠠᠨ ᠬᠠᠷᠭᠤᠭᠤᠯᠤᠨ᠎ᠠ;
    (ᠵᠢᠷᠭᠤᠭ᠎ᠠ) ᠳᠣᠣᠷᠠᠳᠤ ᠱᠠᠲᠤᠨ᠎ᠤ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠢ ᠵᠢᠭ᠋ᠠᠨ ᠵᠢᠯᠤᠭᠤᠳᠴᠤ ᠪᠠᠶ᠋ᠢᠭ᠋ᠠᠳ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ;
    (ᠳᠣᠯᠤᠭ᠎ᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠵᠶ᠋ᠠᠷ ᠳᠠᠮᠵᠢᠭᠤᠯᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠳᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠎ᠳᠤ ᠬᠢᠨᠠᠯᠲᠠ ᠲᠠᠯᠪᠢᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠨ᠎ᠡ᠃
    ᠭᠤᠴᠢᠨ ᠳᠣᠯᠣᠳᠤᠭ᠋ᠠᠷ ᠵᠦᠢ᠍ᠯ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠤᠳ ᠲᠣᠭᠤᠷᠢᠨ ᠪᠠᠶ᠋ᠢᠴᠠᠭ᠋ᠠᠭᠰᠠᠨ ᠦᠷ᠎ᠡ ᠪᠦᠲᠦᠭᠡᠯ᠎ᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ ᠬᠡᠷᠡᠭᠯᠡᠵᠦ᠂ ᠲᠣᠭᠤᠷᠢᠨ ᠪᠠᠶ᠋ᠢᠴᠠᠭ᠋ᠠᠵᠤ ᠵᠠᠷᠯᠠᠨ ᠮᠡᠳᠡᠭᠳᠡᠭᠰᠡᠨ ᠠᠰᠠᠭᠤᠳᠠᠯ ᠪᠠ ᠰᠢᠯᠵᠢᠭᠦᠯᠦᠨ ᠲᠤᠰᠢᠶᠠᠭᠰᠠᠨ ᠠᠵᠢᠯ᠎ᠤᠨ ᠰᠠᠨᠠᠭᠤᠯᠭ᠎ᠠ᠎ᠳᠤ ᠴᠢᠭᠯᠡᠭᠦᠯᠦᠨ᠂ ᠪᠠᠶ᠋ᠢᠴᠠᠭ᠋ᠠᠨ ᠰᠤᠳᠤᠯᠤᠯᠲᠠ ᠵᠢ ᠴᠢᠩᠭ᠋ᠠᠳᠬᠠᠵᠤ᠂ ᠬᠠᠯᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠥᠭᠡᠷᠡᠴᠢᠯᠡᠯᠲᠡ ᠵᠢ ᠠᠬᠢᠭᠤᠯᠤᠨ᠂ ᠳᠦᠷᠢᠮ᠎ᠢ ᠲᠡᠭᠦᠯᠳᠡᠷᠵᠢᠭᠦᠯᠵᠦ᠂ ᠵᠠᠰᠠᠯᠲᠠ ᠵᠢ ᠭᠦᠨᠵᠡᠭᠡᠶ᠋ᠢᠷᠡᠭᠦᠯᠬᠦ ᠵᠢᠨ ᠵᠡᠷᠭᠡ᠎ᠪᠠᠷ ᠵᠠᠷᠯᠠᠨ ᠮᠡᠳᠡᠭᠳᠡᠭᠰᠡᠨ ᠪᠠ ᠰᠢᠯᠵᠢᠭᠦᠯᠦᠨ ᠲᠤᠰᠢᠶᠠᠭᠰᠠᠨ ᠡᠳᠦᠷ᠎ᠠᠴᠠ ᠡᠬᠢᠯᠡᠨ 6 ᠰᠠᠷ᠎ᠠ ᠵᠢᠨ ᠳᠣᠲᠣᠷ᠎ᠠ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠲᠤ ᠰᠢᠢ᠍ᠳᠪᠦᠷᠢᠯᠡᠭᠰᠡᠨ ᠠᠬᠢᠴᠠ ᠵᠢᠨ ᠪᠠᠶ᠋ᠢᠳᠠᠯ ᠵᠶ᠋ᠠᠨ ᠬᠠᠷᠢᠭᠤ ᠲᠤᠰᠬᠠᠨ᠎ᠠ᠃
    ᠭᠤᠴᠢᠨ ᠨᠠᠢ᠍ᠮᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ᠎ᠨᠢ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ᠎ᠪᠠᠨ ᠴᠢᠩᠭ᠋ᠠᠳᠬᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢᠨ ᠵᠥᠪᠳᠡᠯᠴᠡᠬᠦ᠂ ᠦᠨᠡᠯᠡᠨ ᠵᠢᠱ᠌ᠢᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠵᠢ ᠪᠠᠶ᠋ᠢᠭᠤᠯᠬᠤ ᠵᠢ ᠠᠬᠢᠭᠤᠯᠤᠨ᠎ᠠ᠃
    ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠠᠳᠠᠯᠢ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠ ᠦᠷ᠎ᠡ ᠪᠦᠲᠦᠭᠡᠯ᠎ᠢ ᠬᠡᠷᠡᠭᠯᠡᠭᠰᠡᠨ ᠶᠡᠷᠦᠩᠬᠡᠶ᠋ᠢᠯᠡᠭᠰᠡᠨ ᠪᠠᠶ᠋ᠢᠳᠠᠯ ᠵᠶ᠋ᠠᠨ ᠮᠡᠳᠡᠭᠦᠯᠵᠦ᠂ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠷᠦᠯᠴᠡᠬᠦ ᠦᠭᠡᠢ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠬᠤᠯᠪᠣᠭᠳᠠᠯ ᠪᠦᠬᠦᠢ ᠪᠠᠶ᠋ᠢᠭᠤᠯᠭ᠎ᠠ᠂ ᠰᠠᠯᠠᠭ᠎ᠠ ᠮᠥᠴᠢᠷ᠎ᠤᠨ ᠬᠤᠯᠪᠣᠭᠳᠠᠯ ᠪᠦᠬᠦᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠬᠠᠷᠢᠭᠤᠴᠠᠯᠭ᠋ᠠᠲᠠᠨ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠵᠢ ᠠᠬᠢᠭᠤᠯᠪᠠᠯ ᠵᠣᠬᠢᠨ᠎ᠠ᠃
    ᠵᠢᠷᠭᠤᠳᠤᠭ᠋ᠠᠷ ᠪᠦᠯᠦᠭ ᠡᠩᠨᠡᠭᠡᠨ᠎ᠤ ᠪᠠᠶ᠋ᠢᠭᠤᠯᠤᠯᠲᠠ
    ᠭᠤᠴᠢ ᠶᠢᠰᠦᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠲᠣᠭᠤᠷᠢᠨ ᠪᠠᠶ᠋ᠢᠴᠠᠭ᠋ᠠᠬᠤ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢᠨ ᠲᠤᠬᠠᠢ ᠪᠦᠬᠦᠯᠢ ᠴᠣᠭᠴᠠ ᠵᠢᠨ ᠲᠥᠯᠦᠪᠵᠢᠭᠦᠯᠭᠡ᠎ᠪᠠᠨ ᠴᠢᠩᠭ᠋ᠠᠳᠬᠠᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠣᠨᠴᠠᠯᠢᠭ᠎ᠲᠠᠢ ᠤᠶᠠᠯᠳᠤᠭᠤᠯᠤᠨ ᠳᠦᠷᠢᠮ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠪᠠᠶ᠋ᠢᠭᠤᠯᠤᠨ᠎ᠠ᠃
    ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠳᠡᠳ᠋ ᠳᠤᠭᠤᠶ᠋ᠢᠯᠠᠩ᠎ᠤᠨ ᠳᠠᠷᠤᠭ᠎ᠠ ᠵᠢ ᠰᠢᠯᠢᠳᠡᠭ᠎ᠢ᠎ᠨᠢ ᠰᠣᠩᠭᠤᠨ ᠬᠦᠴᠦᠷᠬᠡᠭ᠎ᠢ᠎ᠨᠢ ᠲᠣᠬᠢᠷᠠᠭᠤᠯᠵᠤ᠂ ᠲᠣᠭᠤᠷᠢᠨ ᠪᠠᠶ᠋ᠢᠴᠠᠭ᠋ᠠᠬᠤ ᠡᠭᠦᠷᠭᠡ᠎ᠲᠠᠢ ᠵᠣᠬᠢᠴᠠᠭᠰᠠᠨ ᠲᠤᠰᠬᠠᠢ ᠲᠤᠰᠢᠶᠠᠯᠲᠤ ᠺᠠᠳ᠋ᠷ᠎ᠢ ᠲᠣᠬᠢᠷᠠᠭᠤᠯᠵᠤ᠂ ᠬᠠᠷᠠᠭ᠋ᠠᠯᠵᠠᠬᠤ ᠴᠢᠨᠠᠷᠲᠠᠢ ᠲᠣᠬᠢᠷᠠᠭᠤᠯᠤᠯᠲᠠ ᠵᠢ ᠰᠡᠷᠭᠡᠶ᠋ᠢᠯᠡᠨ᠎ᠡ᠃ ᠲᠣᠭᠤᠷᠢᠨ ᠪᠠᠶ᠋ᠢᠴᠠᠭ᠋ᠠᠬᠤ ᠺᠠᠳ᠋ᠷ᠎ᠢ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠬᠥᠮᠥᠵᠢᠭᠦᠯᠦᠨ ᠪᠤᠯᠪᠠᠰᠤᠷᠠᠭᠤᠯᠬᠤ᠂ ᠠᠵᠢᠯ᠎ᠤᠨ ᠪᠠᠶ᠋ᠢᠷᠢ ᠡᠭᠡᠯᠵᠢᠯᠡᠭᠦᠯᠦᠨ ᠰᠣᠯᠢᠯᠴᠠᠬᠤ ᠡᠷᠴᠢᠮ᠎ᠢ ᠴᠢᠩᠭ᠋ᠠᠷᠠᠭᠤᠯᠤᠨ᠎ᠠ᠃
    ᠲᠣᠭᠤᠷᠢᠨ ᠪᠠᠶ᠋ᠢᠴᠠᠭ᠋ᠠᠬᠤ ᠠᠵᠢᠯ᠎ᠤᠨ ᠪᠠᠶ᠋ᠢᠷᠢᠨ᠎ᠳᠤ ᠺᠠᠳ᠋ᠷ᠎ᠢ ᠢᠯᠡᠷᠡᠭᠦᠯᠬᠦ᠂ ᠬᠥᠮᠥᠵᠢᠭᠦᠯᠬᠦ᠂ ᠳᠠᠪᠲᠠᠨ ᠪᠤᠯᠪᠠᠰᠤᠷᠠᠭᠤᠯᠬᠤ ᠵᠢ ᠴᠢᠬᠤᠯᠠᠴᠢᠯᠠᠵᠤ᠂ ᠰᠢᠯᠢᠳᠡᠭ ᠵᠠᠯᠠᠭᠤ ᠺᠠᠳ᠋ᠷ᠂ ᠰᠢᠨ᠎ᠡ᠎ᠪᠠᠷ ᠳᠡᠪᠰᠢᠭᠦᠯᠦᠭᠰᠡᠨ ᠺᠠᠳ᠋ᠷ᠎ᠢ ᠲᠥᠯᠥᠪᠯᠡᠭᠡ᠎ᠲᠠᠢ᠎ᠪᠠᠷ ᠲᠣᠬᠢᠷᠠᠭᠤᠯᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠪᠠᠶ᠋ᠢᠷᠢᠨ᠎ᠳᠤ ᠣᠴᠢᠭᠤᠯᠵᠤ ᠳᠠᠪᠲᠠᠨ ᠪᠤᠯᠪᠠᠰᠤᠷᠠᠭᠤᠯᠬᠤ ᠵᠢᠨ ᠵᠡᠷᠭᠡ᠎ᠪᠠᠷ ᠲᠣᠭᠤᠷᠢᠨ ᠪᠠᠶ᠋ᠢᠴᠠᠭ᠋ᠠᠬᠤ ᠠᠵᠢᠯ᠎ᠳᠤ ᠣᠷᠣᠯᠴᠠᠬᠰᠠᠨ ᠥᠩᠭᠡᠷᠡᠯᠲᠡ ᠪᠠ ᠢᠯᠡᠷᠡᠯ᠎ᠢ ᠺᠠᠳ᠋ᠷ᠎ᠢ ᠬᠢᠨᠠᠨ ᠰᠢᠯᠭ᠋ᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ ᠵᠢᠨ ᠯᠠᠪᠯᠠᠯᠲᠠ ᠪᠣᠯᠭ᠋ᠠᠨ᠎ᠠ᠃
    ᠳᠥᠴᠢᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠺᠠᠳ᠋ᠷ ᠳᠣᠣᠷᠠᠬᠢ ᠨᠥᠬᠦᠴᠡᠯ᠎ᠤᠳ᠎ᠢ ᠪᠦᠷᠢᠯᠳᠦᠭᠦᠯᠪᠡᠯ ᠵᠣᠬᠢᠨ᠎ᠠ᠄
    (ᠨᠢᠭᠡ) ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ᠨᠠᠮ᠎ᠳᠤ᠎ᠪᠠᠨ ᠦᠨᠡᠨᠴᠢ ᠰᠢᠳᠤᠷᠭᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠬᠤ ᠭᠡᠷᠡᠭᠲᠡᠢ;
    (ᠬᠤᠶᠠᠷ) ᠵᠠᠷᠴᠢᠮ᠎ᠢ ᠪᠠᠷᠢᠮᠲᠠᠯᠠᠨ᠂ ᠵᠣᠷᠢᠭᠲᠠᠢ᠎ᠪᠠᠷ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠬᠠᠤᠯᠢ ᠶᠣᠰᠣᠭ᠋ᠠᠷ ᠠᠵᠢᠯᠯᠠᠵᠤ᠂ ᠲᠥᠪ ᠭᠤᠣᠯᠴᠢ᠂ ᠠᠷᠢᠭᠤᠨ ᠴᠢᠬᠡᠴᠢ ᠪᠠᠶ᠋ᠢᠬᠤ ᠭᠡᠷᠡᠭᠲᠡᠶ;
    (ᠭᠤᠷᠪᠠ) ᠨᠠᠮ᠎ᠤᠨ ᠰᠠᠬᠢᠯᠭ᠎ᠠ ᠪᠠᠲᠤ ᠪᠠ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠱ᠌ᠢᠶᠡᠴᠢ᠎ᠪᠠᠷ ᠵᠢᠷᠤᠮᠯᠠᠨ ᠰᠠᠬᠢᠵᠤ᠂ ᠨᠠᠮ ᠪᠠ ᠤᠯᠤᠰ᠎ᠤᠨ ᠨᠢᠭᠤᠴᠠ ᠵᠢ ᠴᠢᠩᠭ᠎ᠠ ᠬᠠᠮᠠᠭ᠋ᠠᠯᠠᠬᠤ ᠭᠡᠷᠡᠭᠳᠠᠢ;
    (ᠳᠥᠷᠪᠡ) ᠲᠣᠭᠤᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠤᠰᠬᠠᠢ ᠮᠡᠷᠭᠡᠵᠢᠯ᠎ᠤᠨ ᠮᠡᠳᠡᠯᠭᠡ ᠪᠠ ᠨᠡᠯᠢᠶᠡᠳ ᠴᠢᠩᠭ᠎ᠠ ᠠᠰᠠᠭᠤᠳᠠᠯ᠎ᠢ ᠢᠯᠡᠷᠡᠭᠦᠯᠬᠦ᠂ ᠣᠯᠣᠯᠴᠠᠨ ᠵᠣᠬᠢᠴᠠᠭᠤᠯᠬᠤ᠂ ᠦᠰᠦᠭ ᠪᠢᠴᠢᠭ᠎ᠤᠨ ᠶᠡᠷᠦᠩᠬᠡᠶ᠋ᠢᠯᠡᠭᠰᠡᠨ ᠵᠡᠷᠭᠡ ᠴᠢᠳᠠᠪᠤᠷᠢ᠎ᠲᠠᠢ ᠪᠠᠶ᠋ᠢᠬᠤ ᠭᠡᠷᠡᠭᠳᠠᠢ;
    (ᠲᠠᠪᠤ) ᠲᠤᠰᠢᠶᠠᠯ ᠬᠠᠷᠢᠭᠤᠴᠠᠯᠭ᠎ᠠ᠎ᠪᠠᠨ ᠬᠡᠪ᠎ᠤᠨ ᠶᠣᠰᠣᠭ᠋ᠠᠷ ᠭᠦᠢ᠍ᠴᠡᠳᠬᠡᠬᠦ ᠪᠡᠶ᠎ᠡ ᠮᠠᠬᠠᠪᠤᠳ᠎ᠤᠨ ᠨᠥᠬᠦᠴᠡᠯ ᠪᠠ ᠰᠡᠳᠬᠢᠴᠡ ᠵᠢᠨ ᠬᠡᠪ ᠪᠣᠯᠪᠠᠰᠤᠷᠠᠯ᠎ᠲᠠᠢ ᠪᠠᠶ᠋ᠢᠬᠤ ᠬᠡᠷᠡᠭᠲᠡᠢ᠃
    ᠠᠵᠢᠯᠲᠠᠨ᠎ᠢ ᠰᠣᠩᠭᠤᠵᠤ ᠲᠣᠭᠤᠷᠢᠨ ᠪᠠᠶ᠋ᠢᠴᠠᠭ᠋ᠠᠬᠤ ᠠᠵᠢᠯ᠎ᠳᠤ ᠣᠷᠣᠯᠴᠠᠭᠤᠯᠬᠤ᠎ᠳᠤ᠎ᠪᠠᠨ ᠳᠡᠭᠡᠷ᠎ᠡ ᠳᠤᠷᠠᠳᠤᠭᠰᠠᠨ ᠨᠥᠬᠦᠴᠡᠯ᠎ᠤᠨ ᠶᠣᠰᠣᠭ᠋ᠠᠷ ᠤᠯᠤᠰ ᠲᠦᠷᠦ ᠵᠢᠨ ᠪᠣᠭᠤᠮᠲᠠ᠂ ᠵᠠᠩ ᠰᠤᠷᠲᠠᠯ᠎ᠤᠨ ᠪᠣᠭᠤᠮᠲᠠ᠂ ᠴᠢᠳᠠᠪᠤᠷᠢ ᠵᠢᠨ ᠪᠣᠭᠤᠮᠲᠠ᠂ ᠰᠤᠷᠲᠠᠯ᠎ᠤᠨ ᠪᠣᠭᠤᠮᠲᠠ᠂ ᠠᠷᠢᠭᠤᠨ ᠴᠢᠬᠡᠴᠢ ᠵᠢᠨ ᠪᠣᠭᠤᠮᠲᠠ ᠵᠢ ᠴᠢᠩᠭ᠎ᠠ ᠠᠳᠬᠤᠵᠤ᠂ ᠵᠢᠷᠤᠮ ᠶᠣᠰᠣᠭ᠋ᠠᠷ ᠨᠠᠮ᠎ᠤᠨ ᠰᠤᠷᠲᠠᠯ ᠴᠢᠬᠡᠴᠢ ᠵᠠᠰᠠᠭ᠎ᠤᠨ ᠲᠤᠬᠠᠢ ᠰᠠᠨᠠᠯ ᠬᠤᠷᠢᠶᠠᠪᠠᠯ ᠵᠣᠬᠢᠨ᠎ᠠ᠃
    ᠲᠣᠭᠤᠷᠢᠨ ᠪᠠᠶ᠋ᠢᠴᠠᠭ᠋ᠠᠬᠤ ᠠᠵᠢᠯ᠎ᠢ ᠬᠢᠬᠦ᠎ᠳᠤ ᠲᠣᠬᠢᠷᠠᠬᠤ ᠦᠭᠡᠢ ᠬᠥᠮᠥᠰ᠎ᠲᠤ ᠴᠠᠭ ᠲᠤᠬᠠᠢ᠎ᠳᠤ᠎ᠨᠢ ᠲᠣᠬᠢᠷᠠᠭᠤᠯᠤᠯᠲᠠ ᠬᠢᠪᠡᠯ ᠵᠣᠬᠢᠨ᠎ᠠ᠃
    ᠳᠥᠴᠢᠨ ᠨᠢᠭᠡᠳᠦᠭᠡᠷ ᠵᠦᠢ᠍ᠯ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ ᠰᠤᠷᠲᠠᠯ᠎ᠤᠨ ᠪᠠᠶ᠋ᠢᠭᠤᠯᠤᠯᠲᠠ ᠪᠠ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠣᠭᠤᠷᠢᠨ ᠪᠠᠶ᠋ᠢᠴᠠᠭ᠋ᠠᠬᠤ ᠺᠠᠳ᠋ᠷᠴᠤᠳ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ᠎ᠢ ᠴᠢᠩᠭ᠎ᠠ ᠰᠠᠬᠢᠬᠤ ᠵᠢ ᠱᠠᠯᠠᠪᠳᠠᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭ᠋ᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ᠎ᠢ ᠲᠦᠷᠦᠭᠦᠯᠡᠨ ᠡᠰᠡᠷᠭᠦᠴᠡᠵᠦ᠂ ᠲᠣᠭᠤᠷᠢᠨ ᠪᠠᠶ᠋ᠢᠴᠠᠭ᠋ᠠᠬᠤ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ᠎ᠪᠠᠷ ᠴᠢᠳᠠᠮᠠᠭ᠋ᠠᠢ᠎ᠪᠠᠷ ᠲᠡᠮᠡᠴᠡᠬᠦ ᠵᠢ ᠪᠡᠶᠡᠯᠡᠭᠦᠯᠦᠨ᠎ᠡ᠃
    ᠳᠥᠴᠢᠨ ᠬᠤᠶᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ᠂ ᠲᠣᠭᠤᠷᠢᠨ ᠪᠠᠶ᠋ᠢᠴᠠᠭ᠋ᠠᠬᠤ ᠺᠠᠳ᠋ᠷᠴᠤᠳ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ᠎ᠤ ᠬᠢᠨᠠᠯᠲᠠ ᠵᠡᠷᠭᠡ ᠡᠯ᠎ᠡ ᠲᠠᠯ᠎ᠠ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷ ᠪᠡᠶ᠎ᠡ ᠵᠢᠨ ᠬᠢᠨᠠᠯᠲᠠ ᠲᠠᠯᠪᠢᠬᠤ ᠵᠢ ᠲᠦᠷᠦᠭᠦᠯᠡᠨ ᠴᠢᠩᠭ᠋ᠠᠳᠬᠠᠪᠠᠯ ᠵᠣᠬᠢᠨ᠎ᠠ᠃ ᠳᠣᠲᠣᠭ᠋ᠠᠳᠤ ᠡᠵᠡᠮᠳᠡᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠣᠭᠤᠷᠢᠨ ᠪᠠᠶ᠋ᠢᠴᠠᠭ᠋ᠠᠬᠤ ᠺᠠᠳ᠋ᠷ ᠢᠯᠠᠩᠭᠤᠶ᠎ᠠ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠳᠡᠳ᠋ ᠳᠠᠷᠤᠭ᠎ᠠ ᠵᠡᠷᠭᠡ ᠵᠠᠩᠭᠢᠯᠠᠭ᠎ᠠ ᠵᠢᠨ ᠠᠵᠢᠯ᠎ᠤᠨ ᠪᠠᠶ᠋ᠢᠷᠢ ᠵᠢᠨ ᠬᠥᠮᠥᠰ᠎ᠲᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠵᠠᠶ᠋ᠢᠯᠠᠬᠤ᠂ ᠨᠢᠭᠤᠴᠠ ᠵᠢ ᠬᠠᠮᠠᠭ᠋ᠠᠯᠠᠬᠤ᠂ ᠴᠢᠬᠤᠯᠠ ᠶᠡᠭᠡ ᠵᠦᠢ᠍ᠯᠡᠰ᠎ᠲᠤ ᠵᠢᠭ᠋ᠠᠪᠤᠷᠢ ᠠᠪᠴᠤ ᠮᠡᠳᠡᠭᠦᠯᠬᠦ᠂ ᠣᠪᠣᠷ ᠰᠤᠷᠲᠠᠯ ᠰᠠᠬᠢᠯᠭ᠎ᠠ ᠪᠠᠲᠤ ᠵᠢ ᠦᠨᠡᠯᠡᠨ ᠵᠢᠱ᠌ᠢᠬᠦ ᠵᠡᠷᠭᠡ ᠳᠦᠷᠢᠮ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶ᠋ᠢᠴᠠᠭ᠋ᠠᠬᠤ ᠠᠵᠢᠯ᠎ᠢ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠥᠷᠨᠢᠭᠦᠯᠦᠨ᠎ᠡ᠃
    ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠲᠣᠭᠤᠷᠢᠨ ᠪᠠᠶ᠋ᠢᠴᠠᠭ᠋ᠠᠬᠤ ᠪᠠᠶ᠋ᠢᠭᠤᠯᠤᠮᠵᠢ᠂ ᠲᠣᠭᠤᠷᠢᠨ ᠪᠠᠶ᠋ᠢᠴᠠᠭ᠋ᠠᠬᠤ ᠺᠠᠳ᠋ᠷ᠎ᠤᠨ ᠳᠦᠷᠢᠮ ᠲᠣᠭᠲᠠᠭ᠋ᠠᠯ᠎ᠠᠴᠠ ᠵᠥᠷᠢᠴᠡᠭᠰᠡᠨ ᠰᠠᠬᠢᠯᠭ᠎ᠠ ᠪᠠᠲᠤ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠵᠠᠭ᠋ᠠᠯᠳᠤᠬᠤ ᠡᠷᠬᠡ᠎ᠲᠠᠢ᠃
    ᠳᠣᠯᠣᠳᠤᠭ᠋ᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ
    ᠳᠥᠴᠢᠨ ᠭᠤᠷᠪᠠᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠤᠳᠤᠷᠢᠳᠤᠭᠰᠠᠨ ᠦᠭᠡᠢ᠎ᠠᠴᠠ ᠪᠣᠯᠵᠤ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠪᠠᠶ᠋ᠢᠪᠠᠯ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠤᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃
    ᠳᠥᠴᠢᠨ ᠳᠥᠷᠪᠡᠳᠦᠭᠡᠷ ᠵᠦᠢ᠍ᠯ ᠬᠤᠯᠪᠣᠭᠳᠠᠯ ᠪᠦᠬᠦᠢ ᠪᠠᠶ᠋ᠢᠭᠤᠯᠭ᠎ᠠ᠂ ᠰᠠᠯᠠᠭ᠎ᠠ ᠮᠥᠴᠢᠷ ᠪᠣᠯᠣᠨ ᠨᠢᠭᠡᠴᠢ ᠲᠣᠭᠲᠠᠭ᠋ᠠᠯ᠎ᠢ ᠵᠥᠷᠢᠴᠡᠨ ᠲᠣᠭᠤᠷᠢᠨ ᠪᠠᠶ᠋ᠢᠴᠠᠭ᠋ᠠᠬᠤ ᠠᠵᠢᠯ᠎ᠢ ᠬᠠᠮᠵᠢᠨ ᠳᠡᠮᠵᠢᠭᠰᠡᠨ ᠦᠭᠡᠢ᠂ ᠬᠦᠨᠳᠦ ᠨᠣᠴᠢᠲᠠᠢ ᠦᠷ᠎ᠡ ᠳ᠋ᠦᠩ ᠭᠠᠷᠭ᠋ᠠᠭᠰᠠᠨ ᠪᠠᠶ᠋ᠢᠪᠠᠯ᠂ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠤᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃
    ᠳᠥᠴᠢᠨ ᠲᠠᠪᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠬᠤ ᠠᠵᠢᠯᠲᠠᠨ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ᠂ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠰᠢᠭᠦᠮᠵᠢᠯᠡᠨ ᠰᠤᠷᠭ᠋ᠠᠬᠤ᠂ ᠵᠠᠷᠯᠢᠭᠳᠠᠨ ᠪᠠᠶ᠋ᠢᠴᠠᠭ᠋ᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠰᠢᠢ᠍ᠳᠪᠦᠷᠢᠯᠡᠬᠦ ᠪᠤᠶᠤ ᠨᠠᠮ᠎ᠤᠨ ᠰᠠᠬᠢᠯᠭ᠎ᠠ ᠪᠠᠲᠤ᠂ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
    (ᠨᠢᠭᠡ) ᠮᠡᠳᠡᠪᠡᠰᠦ ᠵᠣᠬᠢᠬᠤ ᠴᠢᠬᠤᠯᠠ ᠠᠰᠠᠭᠤᠳᠠᠯ᠎ᠢ ᠣᠯᠵᠤ ᠮᠡᠳᠡᠭᠰᠡᠨ ᠦᠭᠡᠢ;
    (ᠬᠤᠶᠠᠷ) ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠦᠨᠡᠨ ᠮᠥᠨ ᠵᠶ᠋ᠠᠷ᠎ᠨᠢ ᠮᠡᠳᠡᠭᠦᠯᠬᠦ ᠦᠭᠡᠢ᠂ ᠪᠣᠳᠠᠲᠤ ᠬᠡᠷᠡᠭ᠎ᠢ ᠨᠢᠭᠤᠨ ᠳᠠᠯᠳᠠᠯᠠᠵᠤ᠂ ᠭᠠᠵᠢᠭᠤᠳᠠᠭᠤᠯᠵᠤ᠂ ᠬᠤᠳᠠᠯ ᠵᠶ᠋ᠠᠷ ᠵᠣᠭᠢᠶᠠᠬᠤ;
    (ᠭᠤᠷᠪᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠮᠠᠲ᠋ᠧᠷᠢᠶᠠᠯ᠎ᠢ ᠳᠤᠷ᠎ᠠ᠎ᠪᠠᠷ ᠵᠶ᠋ᠠᠨ ᠦᠯᠡᠳᠡᠭᠡᠨ ᠬᠠᠳᠠᠭ᠋ᠠᠯᠠᠵᠤ᠂ ᠲᠣᠭᠤᠷᠢᠨ ᠪᠠᠶ᠋ᠢᠴᠠᠭ᠋ᠠᠬᠤ ᠠᠵᠢᠯ᠎ᠲᠠᠢ ᠬᠤᠯᠪᠣᠭᠳᠠᠬᠤ ᠤᠯᠤᠰ᠎ᠤᠨ ᠨᠢᠭᠤᠴᠠ᠂ ᠠᠵᠢᠯ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠥᠨ᠎ᠤ ᠨᠢᠭᠤᠴᠠ ᠵᠡᠷᠭᠡ ᠨᠡᠶ᠋ᠢᠲᠡᠯᠡᠭᠡᠳᠦᠢ ᠮᠡᠳᠡᠭᠡ ᠵᠠᠩᠭᠢ ᠵᠢ ᠵᠠᠳᠠᠷᠠᠭᠤᠯᠬᠤ;
    (ᠳᠥᠷᠪᠡ) ᠠᠵᠢᠯ᠎ᠤᠨ ᠳᠤᠮᠳᠠ᠎ᠪᠠᠨ ᠡᠷᠬᠡ ᠵᠢᠨ ᠬᠡᠪᠴᠢᠶᠡᠨ᠎ᠠᠴᠠ᠎ᠪᠠᠨ ᠳᠠᠪᠠᠭ᠋ᠠᠳ ᠮᠠᠭᠤ ᠦᠷ᠎ᠡ ᠳ᠋ᠦᠩ ᠭᠠᠷᠭ᠋ᠠᠬᠤ;
    (ᠲᠠᠪᠤ) ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠦᠭᠦᠮ ᠵᠶ᠋ᠠᠨ ᠠᠰᠢᠭᠯᠠᠨ ᠬᠤᠪᠢ ᠵᠢᠨ ᠠᠰᠢᠭ ᠣᠯᠬᠤ ᠪᠤᠶᠤ ᠪᠤᠰᠤᠳ ᠬᠥᠮᠥᠨ᠎ᠳᠤ ᠵᠦᠢ ᠪᠤᠰᠤ ᠠᠰᠢᠭ ᠣᠯᠭᠤᠬᠤ;
    (ᠵᠢᠷᠭᠤᠭ᠎ᠠ) ᠲᠣᠭᠤᠷᠢᠨ ᠪᠠᠶ᠋ᠢᠴᠠᠭ᠋ᠠᠬᠤ ᠠᠵᠢᠯ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠪᠤᠰᠤᠳ ᠠᠵᠢᠯᠯᠠᠭ᠎ᠠ᠃
    ᠳᠥᠴᠢᠨ ᠵᠢᠷᠭᠤᠳᠤᠭ᠋ᠠᠷ ᠵᠦᠢ᠍ᠯ ᠲᠣᠭᠤᠷᠢᠨ ᠪᠠᠶ᠋ᠢᠴᠠᠭ᠋ᠠᠭᠳᠠᠬᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠲᠡᠭᠦᠨ᠎ᠤ ᠠᠵᠢᠯᠲᠠᠳ᠎ᠲᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ᠂ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠲᠤᠰ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠭᠤᠣᠯ ᠬᠠᠷᠢᠭᠤᠴᠠᠯᠭ᠋ᠠᠲᠠᠨ ᠪᠤᠶᠤ ᠪᠤᠰᠤᠳ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠳᠤ ᠰᠢᠭᠦᠮᠵᠢᠯᠡᠨ ᠰᠤᠷᠭ᠋ᠠᠬᠤ᠂ ᠵᠠᠷᠯᠢᠭᠳᠠᠨ ᠪᠠᠶ᠋ᠢᠴᠠᠭ᠋ᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠰᠢᠢ᠍ᠳᠪᠦᠷᠢᠯᠡᠬᠦ ᠪᠤᠶᠤ ᠨᠠᠮ᠎ᠤᠨ ᠰᠠᠬᠢᠯᠭ᠎ᠠ ᠪᠠᠲᠤ᠂ ᠵᠠᠰᠠᠭ᠎ᠤᠨ ᠶᠠᠪᠤᠳᠠᠯ᠎ᠤᠨ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
    (ᠨᠢᠭᠡ) ᠨᠢᠭᠤᠨ ᠳᠠᠯᠳᠠᠯᠠᠵᠤ ᠮᠡᠳᠡᠭᠦᠯᠬᠦ ᠦᠭᠡᠢ ᠪᠤᠶᠤ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠬᠤᠳᠠᠯ ᠬᠠᠭᠤᠷᠮᠠᠭ ᠪᠠᠶ᠋ᠢᠳᠠᠯ᠎ᠢ ᠬᠠᠨᠭ᠌ᠭ᠋ᠠᠬᠤ;
    (ᠬᠤᠶᠠᠷ) ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠬᠠᠩᠭ᠋ᠠᠬᠤ ᠵᠢ ᠲᠡᠪᠴᠢᠬᠦ ᠪᠤᠶᠤ ᠱᠠᠭ᠋ᠠᠷᠳᠠᠯᠭ᠎ᠠ ᠶᠣᠰᠣᠭ᠋ᠠᠷ ᠬᠠᠩᠭ᠋ᠠᠬᠤ ᠦᠭᠡᠢ;
    (ᠭᠤᠷᠪᠠ) ᠬᠤᠯᠪᠣᠭᠳᠠᠯ ᠪᠦᠬᠦᠢ ᠨᠢᠭᠡᠴᠢ ᠪᠤᠶᠤ ᠬᠥᠮᠥᠰ᠎ᠢ ᠵᠢᠭ᠋ᠠᠨ ᠳᠣᠬᠢᠵᠤ᠂ ᠠᠯᠪᠠᠳᠠᠨ ᠵᠠᠷᠯᠢᠭᠳᠠᠵᠤ ᠪᠠᠶ᠋ᠢᠭ᠋ᠠᠳ ᠲᠣᠭᠤᠷᠢᠨ ᠪᠠᠶ᠋ᠢᠴᠠᠭ᠋ᠠᠬᠤ ᠠᠵᠢᠯ᠎ᠳᠤ ᠭᠠᠷ ᠲᠦᠷᠦᠭᠦ᠂ ᠬᠠᠷᠰᠢᠯᠠᠬᠤ ᠪᠤᠶᠤ ᠪᠤᠰᠤᠳ᠎ᠢ ᠭᠦᠳᠬᠡᠨ ᠵᠠᠭ᠋ᠠᠯᠳᠤᠵᠤ᠂ ᠬᠤᠣᠷᠯᠠᠬᠤ;
    (ᠳᠥᠷᠪᠡ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠵᠣᠬᠢᠶᠠᠨ ᠪᠠᠶ᠋ᠢᠭᠤᠯᠵᠤ ᠤᠳᠤᠷᠢᠳᠤᠭᠰᠠᠨ᠎ᠨᠢ ᠬᠦᠴᠦᠨ ᠦᠭᠡᠢ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ᠎ᠨᠢ ᠭᠦᠢ᠍ᠴᠡᠳ ᠦᠭᠡᠢ᠂ ᠬᠠᠰᠢ ᠶᠠᠰᠢ᠎ᠪᠠᠷ ᠠᠷᠭ᠋ᠠᠴᠠᠭ᠋ᠠᠵᠤ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠶ᠋ᠢᠵᠢᠷᠠᠭᠤᠯᠬᠤ;
    (ᠲᠠᠪᠤ) ᠠᠰᠠᠭᠤᠳᠠᠯ᠎ᠢ ᠲᠤᠰᠬᠠᠭᠰᠠᠨ ᠺᠠᠳ᠋ᠷ ᠤᠯᠠᠨ ᠲᠦᠮᠡᠨ᠎ᠢ ᠰᠦᠷᠳᠡᠭᠦᠯᠵᠦ᠂ ᠴᠣᠬᠢᠯᠲᠠ ᠥᠭᠴᠦ᠂ ᠥᠰᠢᠶ᠎ᠡ ᠠᠪᠴᠤ᠂ ᠬᠤᠣᠷᠯᠠᠬᠤ;
    (ᠵᠢᠷᠭᠤᠭ᠎ᠠ) ᠲᠣᠭᠤᠷᠢᠨ ᠪᠠᠶ᠋ᠢᠴᠠᠭ᠋ᠠᠬᠤ ᠠᠵᠢᠯ᠎ᠳᠤ ᠬᠠᠮᠵᠢᠯᠴᠠᠬᠤ ᠦᠭᠡᠢ ᠪᠤᠶᠤ ᠬᠠᠷᠰᠢᠯᠠᠭᠰᠠᠨ ᠪᠤᠰᠤᠳ ᠪᠠᠶ᠋ᠢᠳᠠᠯ᠃
    ᠨᠠᠢ᠍ᠮᠠᠳᠤᠭ᠋ᠠᠷ ᠪᠦᠯᠦᠭ ᠴᠠᠭᠳᠠᠨ ᠪᠠᠶ᠋ᠢᠴᠠᠭ᠋ᠠᠬᠤ ᠠᠵᠢᠯ
    ᠳᠥᠴᠢᠨ ᠳᠣᠯᠣᠳᠤᠭ᠋ᠠᠷ ᠵᠦᠢ᠍ᠯ ᠨᠠᠮ᠎ᠤᠨ ᠬᠤᠳᠠ (ᠲᠤᠰᠬᠠᠢ ᠣᠷᠣᠨ᠂ ᠵᠧᠦ᠂ ᠠᠶ᠋ᠢᠮᠠᠭ) ᠪᠣᠯᠣᠨ ᠰᠢᠶᠠᠨ (ᠬᠤᠳᠠ᠂ ᠲᠣᠭᠤᠷᠢᠭ᠂ ᠬᠤᠰᠢᠭᠤ)᠎ᠤ ᠬᠤᠷᠢᠶ᠎ᠠ ᠴᠠᠭᠳᠠᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠵᠤ᠂ ᠴᠠᠭᠳᠠᠨ ᠪᠠᠶ᠋ᠢᠴᠠᠭ᠋ᠠᠬᠤ ᠪᠠᠶ᠋ᠢᠭᠤᠯᠤᠮᠵᠢ ᠪᠠᠶ᠋ᠢᠭᠤᠯᠵᠤ᠂ ᠨᠢᠭᠡ ᠲᠤᠰᠢᠶᠠᠯ᠎ᠤᠨ ᠬᠤᠭᠤᠴᠠᠭ᠋ᠠᠨ᠎ᠳᠤ ᠬᠠᠮᠢᠶᠠᠷᠴᠤ ᠪᠠᠶ᠋ᠢᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ᠎ᠳᠤ ᠴᠠᠭᠳᠠᠨ ᠪᠠᠶ᠋ᠢᠴᠠᠭ᠋ᠠᠬᠤ ᠵᠢ ᠨᠡᠶ᠋ᠢᠳᠡᠮ ᠪᠦᠷᠬᠦᠭᠦᠯᠬᠦ ᠵᠢ ᠪᠡᠶᠡᠯᠡᠭᠦᠯᠦᠨ᠎ᠡ᠃
    ᠪᠤᠰᠤᠳ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠴᠠᠭᠳᠠᠨ ᠪᠠᠶ᠋ᠢᠴᠠᠭ᠋ᠠᠬᠤ ᠠᠵᠢᠯ ᠥᠷᠨᠢᠭᠦᠯᠬᠦ ᠴᠢᠬᠤᠯᠠᠲᠠᠢ ᠪᠠᠶ᠋ᠢᠪᠠᠯ᠂ ᠳᠡᠭᠡᠳᠦ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠵᠶ᠋ᠠᠷ ᠳᠠᠮᠵᠢᠭᠤᠯᠤᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠳᠤ ᠮᠡᠳᠡᠭᠦᠯᠵᠦ ᠵᠥᠪᠰᠢᠶᠡᠷᠡᠭᠦᠯᠪᠡᠯ ᠵᠣᠬᠢᠨ᠎ᠠ᠃
    ᠳᠥᠴᠢᠨ ᠨᠠᠢ᠍ᠮᠠᠳᠤᠭ᠋ᠠᠷ ᠵᠦᠢ᠍ᠯ ᠬᠤᠳᠠ (ᠲᠤᠰᠬᠠᠢ ᠣᠷᠣᠨ᠂ ᠵᠧᠦ᠂ ᠠᠶ᠋ᠢᠮᠠᠭ) ᠵᠢᠨ ᠨᠠᠮ᠎ᠤᠨ ᠬᠤᠷᠢᠶ᠎ᠠ ᠵᠢᠨ ᠴᠠᠭᠳᠠᠨ ᠪᠠᠶ᠋ᠢᠴᠠᠭ᠋ᠠᠭᠳᠠᠬᠤ ᠡᠲᠡᠭᠡᠳ ᠪᠣᠯ᠄ ᠨᠠᠮ᠎ᠤᠨ ᠬᠤᠷᠢᠶ᠎ᠠ ᠵᠢᠨ ᠠᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠂ ᠬᠤᠳᠠ ᠵᠢᠨ ᠱᠠᠲᠤᠨ᠎ᠤ ᠲᠦᠷᠦ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠂ ᠠᠷᠠᠳ᠎ᠤᠨ ᠪᠦᠯᠭᠦᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ)᠂ ᠬᠤᠳᠠ (ᠲᠤᠰᠬᠠᠢ ᠣᠷᠣᠨ᠂ ᠵᠧᠦ᠂ ᠠᠶ᠋ᠢᠮᠠᠭ) ᠵᠢᠨ ᠬᠠᠮᠢᠶᠠᠷᠴᠤ ᠪᠠᠶ᠋ᠢᠭ᠎ᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠨᠠᠮ᠎ᠤᠨ ᠬᠤᠷᠢᠶ᠎ᠠ ᠵᠢᠨ ᠴᠠᠭᠳᠠᠨ ᠪᠠᠶ᠋ᠢᠴᠠᠭ᠋ᠠᠬᠤ ᠵᠢ ᠱᠠᠭ᠋ᠠᠷᠳᠠᠭᠰᠠᠨ ᠨᠠᠮ᠎ᠤᠨ ᠪᠤᠰᠤᠳ ᠵᠣᠬᠢᠶᠠᠨ ᠪᠠᠶ᠋ᠢᠭᠤᠯᠤᠯᠲᠠ ᠪᠣᠯᠣᠨ᠎ᠠ᠃
    ᠰᠢᠶᠠᠨ (ᠬᠤᠲᠠ᠂ ᠲᠣᠭᠤᠷᠢᠭ᠂ ᠬᠤᠰᠢᠭᠤ)᠎ᠤ ᠨᠠᠮ᠎ᠤᠨ ᠬᠤᠷᠢᠶ᠎ᠠ ᠵᠢᠨ ᠴᠠᠭᠳᠠᠨ ᠪᠠᠶ᠋ᠢᠴᠠᠭ᠋ᠠᠭᠳᠠᠬᠤ ᠡᠲᠡᠭᠡᠳ ᠪᠣᠯ᠄ ᠨᠠᠮ᠎ᠤᠨ ᠬᠤᠷᠢᠶ᠎ᠠ ᠵᠢᠨ ᠠᠵᠢᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠪᠠᠭ᠂ ᠰᠢᠶᠠᠨ᠎ᠤ ᠱᠠᠲᠤᠨ᠎ᠤ ᠲᠥᠷᠥ ᠵᠢᠨ ᠪᠠᠶ᠋ᠢᠭᠤᠯᠭ᠎ᠠ ᠵᠢᠨ ᠰᠠᠯᠠᠭ᠎ᠠ ᠮᠥᠴᠢᠷ᠂ ᠠᠷᠠᠳ᠎ᠤᠨ ᠪᠦᠯᠭᠦᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠨᠠᠮ᠎ᠤᠨ ᠬᠤᠷᠢᠶ᠎ᠠ)᠂ ᠰᠢᠶᠠᠨ (ᠬᠤᠲᠠ᠂ ᠲᠣᠭᠤᠷᠢᠭ᠂ ᠬᠤᠰᠢᠭᠤ)᠎ᠤ ᠬᠠᠮᠢᠶᠠᠷᠴᠤ ᠪᠠᠶ᠋ᠢᠭ᠎ᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠂ ᠬᠠᠷᠢᠶ᠎ᠠ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠲᠣᠰᠬᠤᠨ (ᠨᠡᠶ᠋ᠢᠭᠡᠮ ᠲᠣᠭᠤᠷᠢᠭ)᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠴᠢ ᠨᠠᠮ᠎ᠤᠨ ᠬᠤᠷᠢᠶ᠎ᠠ᠎ᠠᠴᠠ ᠴᠠᠭᠳᠠᠨ ᠪᠠᠶ᠋ᠢᠴᠠᠭ᠋ᠠᠬᠤ ᠵᠢ ᠱᠠᠭ᠋ᠠᠷᠳᠠᠭᠰᠠᠨ ᠪᠤᠰᠤᠳ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠣᠨ᠎ᠠ᠃
    ᠳᠥᠴᠢ ᠶᠢᠰᠦᠳᠦᠭᠡᠷ ᠵᠦᠢ᠍ᠯ ᠴᠠᠭᠳᠠᠨ ᠪᠠᠶ᠋ᠢᠴᠠᠭ᠋ᠠᠬᠤ ᠠᠵᠢᠯ᠎ᠨᠢ ᠤᠯᠤᠰ ᠲᠦᠷᠦ ᠵᠢᠨ ᠬᠢᠨᠠᠯᠲᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠰᠠᠬᠢᠵᠤ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠎ᠤ ᠡᠩᠨᠡᠭᠡ ᠵᠢᠨ ᠪᠠᠶ᠋ᠢᠭᠤᠯᠤᠯᠲᠠ᠂ ᠴᠠᠭᠳᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠤᠨ ᠬᠡᠷᠡᠭᠯᠡᠯᠲᠡ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠢᠨᠠᠯᠲᠠ ᠪᠠᠶ᠋ᠢᠴᠠᠭ᠋ᠠᠯᠲᠠ᠎ᠪᠠᠨ ᠴᠢᠩᠭ᠋ᠠᠳᠬᠠᠪᠠᠯ ᠵᠣᠬᠢᠨ᠎ᠠ᠃
    ᠲᠠᠪᠢᠳᠤᠭ᠋ᠠᠷ ᠵᠦᠢ᠍ᠯ ᠴᠠᠭᠳᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ ᠪᠠ ᠪᠠᠶ᠋ᠢᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ᠂ ᠠᠵᠢᠯ᠎ᠤᠨ ᠲᠡᠰ ᠳᠠᠷᠠᠭ᠋ᠠᠯᠠᠯ ᠪᠠ ᠠᠷᠭ᠎ᠠ ᠭᠡᠯᠪᠡᠷᠢ ᠵᠢᠨ ᠡᠷᠬᠡ ᠵᠢᠨ ᠬᠡᠪᠴᠢᠶ᠎ᠡ᠂ ᠴᠡᠭᠴᠡᠯᠡᠨ ᠰᠠᠶ᠋ᠢᠵᠢᠷᠠᠭᠤᠯᠬᠤ ᠪᠠ ᠦᠷ᠎ᠡ ᠪᠦᠲᠦᠭᠡᠯ᠎ᠢ ᠬᠡᠷᠡᠭᠯᠡᠬᠦ᠂ ᠡᠩᠨᠡᠭᠡ ᠵᠢᠨ ᠪᠠᠶ᠋ᠢᠭᠤᠯᠤᠯᠲᠠ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠢ ᠲᠤᠰ ᠳᠦᠷᠢᠮ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠲᠣᠭᠲᠠᠭ᠋ᠠᠯ ᠵᠶ᠋ᠠᠷ ᠯᠠᠪᠯᠠᠯᠲᠠ ᠪᠤᠯᠭ᠋ᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠨ᠎ᠠ᠃
    ᠶᠢᠰᠦᠳᠦᠭᠡᠷ ᠪᠦᠯᠦᠭ ᠳᠠᠭ᠋ᠠᠯᠳᠤᠭᠤᠯᠤᠭᠰᠠᠨ ᠳᠦᠷᠢᠮ
    ᠲᠠᠪᠢᠨ ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ ᠤᠯᠤᠰ᠎ᠤᠨ ᠠᠷᠠᠳ᠎ᠤᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠣᠭᠤᠷᠢᠨ ᠪᠠᠶ᠋ᠢᠴᠠᠭ᠋ᠠᠬᠤ ᠳᠦᠷᠢᠮ᠎ᠢ ᠬᠡᠷᠡᠭᠵᠢᠭᠦᠯᠬᠦ ᠲᠤᠬᠠᠢ ᠲᠣᠭᠲᠠᠭ᠋ᠠᠯ᠎ᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠠᠴᠠ ᠲᠤᠰ ᠳᠦᠷᠢᠮ ᠵᠶ᠋ᠠᠷ ᠯᠠᠪᠯᠠᠯᠲᠠ ᠪᠤᠯᠭ᠋ᠠᠵᠤ ᠲᠣᠭᠲᠠᠭ᠋ᠠᠨ᠎ᠠ᠃
    ᠲᠠᠪᠢᠨ ᠬᠤᠶᠠᠳᠤᠭ᠋ᠠᠷ ᠵᠦᠢ᠍ᠯ ᠲᠤᠰ ᠳᠦᠷᠢᠮ᠎ᠢ ᠲᠥᠪ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
    ᠲᠠᠪᠢᠨ ᠭᠤᠷᠪᠠᠳᠤᠭ᠋ᠠᠷ ᠵᠦᠢ᠍ᠯ ᠲᠤᠰ ᠳᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ᠎ᠠᠴᠠ ᠡᠮᠦᠨ᠎ᠡ ᠨᠡᠶ᠋ᠢᠲᠡᠯᠡᠭᠰᠡᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠪᠤᠰᠤᠳ ᠲᠣᠭᠲᠠᠭ᠋ᠠᠯ᠎ᠳᠤ᠂ ᠲᠤᠰ ᠳᠦᠷᠢᠮ᠎ᠲᠠᠢ ᠨᠢᠭᠡᠳᠦᠯ ᠦᠭᠡᠢ ᠵᠦᠢ᠍ᠯ ᠪᠠᠶ᠋ᠢᠪᠠᠯ ᠲᠤᠰ ᠳᠦᠷᠢᠮ᠎ᠤᠨ ᠶᠣᠰᠣᠭ᠋ᠠᠷ ᠬᠡᠷᠡᠭᠵᠢᠭᠦᠯᠦᠨ᠎ᠡ᠃
   
   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ