ᠢᠯᠡ ᠵᠠᠰᠠᠭ   -   ᠪᠢᠴᠢᠭ ᠮᠠᠲ᠋ᠧᠷᠢᠶᠠᠯ
ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2024-07-17


       ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
       ᠥᠪᠥᠷ ᠵᠠᠰᠠᠭ ᠠᠯᠪᠠᠨ ᠲᠠᠷᠬᠠᠭ᠋ᠠᠭᠰᠠᠨ [2024] 10 ᠳ᠋ᠤᠭ᠋ᠠᠷ ᠲᠣᠭ᠋ᠠᠲᠤ


       ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ
      ᠠᠷᠭ᠎ᠠ ᠬᠡᠮᠵᠢᠶ᠎ᠡ᠎ᠨᠦᠭᠦᠳ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ
      ᠠᠯᠪᠠᠨ ᠲᠢᠩᠬᠢᠮ᠎ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
   

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     

      《ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                      2024 ᠣᠨ᠎ᠤ 2 ᠳ᠋ᠤᠭ᠋ᠠᠷ ᠰᠠᠷ᠎ᠠ ᠵᠢᠨ 25᠎ᠤ ᠡᠳᠦᠷ
                      (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
      ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢ ᠳᠡᠮᠵᠢᠬᠦ ᠲᠤᠬᠠᠢ ᠠᠷᠭ᠎ᠠ ᠬᠡᠮᠵᠢᠶ᠎ᠡ᠎ᠨᠦᠭᠦᠳ
       ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠵᠢᠨ ᠳᠤᠲᠠᠭᠤᠳᠠᠯ᠎ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠦᠯᠦᠨ᠂ ᠠᠵᠤ ᠦᠢ᠍ᠯᠡᠰᠵᠢᠭᠦᠯᠦᠨ᠂ ᠲᠥᠷᠥᠯ ᠲᠡᠮᠳᠡᠭᠵᠢᠭᠦᠯᠦᠨ ᠬᠥᠭᠵᠢᠭᠦᠯᠬᠦ ᠵᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠦᠢ᠍ᠯᠡᠳᠬᠦᠨ᠎ᠤ ᠥᠷᠲᠡᠭ᠎ᠢ ᠲᠦᠮᠡᠨ ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ ᠵᠢ ᠲᠦᠷᠭᠡᠬᠡᠨ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ ᠭᠠᠷᠤᠯᠲᠠ ᠵᠢᠨ ᠲᠣᠮᠣ ᠣᠷᠣᠨ ᠪᠠᠶ᠋ᠢᠭᠰᠠᠨ᠎ᠠᠴᠠ ᠠᠵᠤ ᠦᠢ᠍ᠯᠡᠰ᠎ᠤᠨ ᠬᠦᠴᠦᠷᠬᠡᠭ ᠣᠷᠣᠨ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠳᠣᠣᠷᠠᠬᠢ ᠮᠡᠲᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠪᠠ᠃
      ᠨᠢᠭᠡ᠂ ᠣᠳᠣ ᠪᠠᠶ᠋ᠢᠭ᠎ᠠ ᠠᠵᠤ ᠠᠬᠤᠶ᠋ᠢᠯᠠᠯ᠎ᠤᠨ ᠪᠤᠵᠠᠭ᠋ᠠᠶ᠋ᠢᠷᠠᠨ ᠬᠦᠴᠦᠷᠬᠡᠭᠵᠢᠬᠦ ᠵᠢ ᠲᠡᠳᠬᠦᠨ᠎ᠡ
      2024 ᠣᠨ (ᠪᠠᠭᠲᠠᠨ᠎ᠠ)᠎ᠠᠴᠠ ᠬᠤᠶ᠋ᠢᠰᠢ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ᠂ ᠬᠡᠪᠴᠢᠶ᠎ᠡ᠎ᠪᠠᠨ ᠥᠷᠭᠡᠳᠬᠡᠨ ᠦᠢ᠍ᠯᠡᠳᠪᠦᠷᠢᠯᠡᠯ ᠵᠶ᠋ᠠᠨ ᠨᠡᠮᠡᠭᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠣᠨ᠎ᠤ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠪᠠᠨ 2 ᠳ᠋ᠦᠩᠰᠢᠭᠤᠷ ᠲᠥᠭᠦᠷᠢᠭ᠎ᠠᠴᠠ ᠳᠡᠭᠡᠭᠰᠢ᠎ᠳᠤ ᠬᠦᠷᠦᠭᠦᠯᠦᠭᠰᠡᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠳᠤ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠦ ᠵᠢ ᠵᠢᠭᠡᠯᠡᠵᠦ ᠣᠷᠣᠭᠤᠯᠤᠨ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦ ᠵᠢᠨ ᠨᠣᠷᠮ᠎ᠠ (LPR) ᠵᠢᠨ 70%᠎ᠪᠠᠷ ᠲᠡᠷᠡᠴᠢᠯᠡᠨ 2% ᠵᠢ ᠥᠯᠥ ᠬᠡᠲᠦᠷᠡᠬᠦ ᠬᠦᠦ ᠮᠥᠩᠭᠦ ᠵᠢᠨ ᠨᠣᠷᠮ᠎ᠠ ᠶᠣᠰᠣᠭ᠋ᠠᠷ᠂ ᠵᠢᠯ ᠪᠦᠷᠢ 200 ᠲᠦᠮᠡᠨ ᠲᠥᠭᠦᠷᠢᠭ᠎ᠠᠴᠠ ᠥᠯᠥ ᠳᠠᠪᠠᠭ᠍ᠤ ᠳᠠᠮ ᠬᠦᠦ ᠵᠢᠨ ᠳᠡᠮᠵᠢᠯᠭᠡ ᠣᠯᠭᠤᠵᠤ᠂ ᠲᠡᠭᠦᠨ᠎ᠢ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠤᠣᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ ᠪᠠ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠵᠢᠱ᠌ᠢᠶᠡᠴᠢ ᠬᠤᠯᠪᠣᠭ᠋ᠠᠲᠤ ᠴᠣᠭᠴᠠ᠎ᠪᠠᠷ ᠦᠨᠡᠮᠰᠢᠭᠦᠯᠬᠦ ᠵᠢ᠎ᠨᠢ ᠵᠣᠷᠢᠭᠵᠢᠭᠤᠯᠤᠨ᠎ᠠ᠃ ᠰᠢᠨ᠎ᠡ᠎ᠪᠠᠷ ᠦᠨᠡᠮᠰᠢᠭᠰᠡᠨ ᠲᠠᠷᠢᠶᠠᠯᠠᠩ᠎ᠤᠨ ᠠᠵᠤ ᠦᠢ᠍ᠯᠡᠰᠵᠢᠭᠰᠡᠨ ᠤᠯᠤᠰ᠎ᠤᠨ ᠭᠤᠣᠯᠳᠠᠯᠭ᠎ᠠ᠎ᠲᠠᠢ ᠬᠥᠲᠥᠴᠢ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ 50 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ᠃ ᠤᠯᠤᠰ᠎ᠤᠨ ᠲᠠᠰ᠎ᠤᠨ ᠠᠵᠤ ᠦᠢ᠍ᠯᠡᠰᠵᠢᠭᠰᠡᠨ ᠬᠥᠲᠥᠴᠢ ᠠᠵᠤ ᠠᠬᠤᠶ᠋ᠢᠯᠠᠯ᠎ᠤᠨ ᠨᠢᠭᠡᠳ ᠨᠢᠭᠡ᠎ᠪᠠᠷ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠡᠬᠢ ᠪᠠᠶᠠᠯᠢᠭ᠎ᠤᠨ ᠬᠦᠴᠦᠨ᠎ᠢ ᠲᠥᠪᠯᠡᠷᠡᠭᠦᠯᠦᠨ᠂ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ ᠵᠢᠨ ᠪᠣᠳᠣᠯᠭ᠎ᠠ》᠎ᠪᠠᠷ ᠠᠵᠤ ᠠᠬᠤᠶ᠋ᠢᠯᠠᠯ᠎ᠳᠤ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ᠎ᠨᠢ ᠰᠢᠢ᠍ᠳᠪᠦᠷᠢᠯᠡᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
      ᠬᠤᠶᠠᠷ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠢ ᠶᠡᠭᠡ᠎ᠪᠠᠷ ᠣᠷᠣᠭᠤᠯᠤᠨ ᠠᠪᠴᠢᠷᠠᠨ᠎ᠠ
      ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠬᠠᠮᠢᠶ᠎ᠠ ᠪᠦᠬᠦᠢ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ᠂ ᠣᠷᠣᠭᠤᠯᠤᠨ ᠠᠪᠴᠢᠷᠠᠭᠰᠠᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ᠎ᠨᠢ ᠦᠨᠳᠦᠰᠦᠯᠡᠨ᠂ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ᠎ᠳᠤ ᠨᠡᠶ᠋ᠢᠴᠡᠭᠰᠡᠨ ᠦᠢ᠍ᠯᠡᠳᠪᠦᠷᠢ ᠵᠢᠨ ᠭᠡᠷ ᠪᠠᠶ᠋ᠢᠰᠢᠩ᠎ᠢ ᠪᠠᠶ᠋ᠢᠭᠤᠯᠵᠤ᠂ ᠨᠠᠷᠢᠯᠢᠭ ᠭᠦᠨ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠴᠤ᠂ ᠣᠷᠣᠭᠤᠯᠤᠨ ᠠᠪᠴᠢᠷᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠳᠤ ᠰᠢᠨ᠎ᠡ᠎ᠪᠠᠷ ᠳᠠᠩᠰᠠᠯᠠᠭᠤᠯᠤᠭᠰᠠᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠳᠤ ᠲᠦᠷᠢᠶᠡᠰᠦᠯᠡᠨ ᠥᠭᠴᠦ ᠡᠳ᠋ᠰᠢᠭᠦᠯᠦᠨ ᠦᠢ᠍ᠯᠡᠳᠪᠦᠷᠢᠯᠡᠭᠦᠯᠦᠨ᠎ᠡ᠃ ᠰᠢᠨ᠎ᠡ᠎ᠪᠠᠷ ᠳᠠᠩᠰᠠᠯᠠᠭᠤᠯᠤᠭᠰᠠᠨ ᠮᠥᠷᠲᠡᠭᠡᠨ ᠣᠨ᠎ᠤ ᠭᠤᠣᠯ ᠡᠵᠡᠩᠨᠡᠵᠦ ᠪᠠᠶ᠋ᠢᠭ᠎ᠠ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2 ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠭᠦᠨᠵᠡᠭᠡᠢ ᠡᠳ᠋ᠰᠢᠭᠦᠯᠬᠦ ᠠᠵᠤ ᠠᠬᠤᠶ᠋ᠢᠯᠠᠯ᠎ᠳᠤ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠭᠦᠢ᠍ᠯᠭᠡᠭᠡᠨ᠎ᠤ ᠪᠡᠯᠡ ᠮᠥᠩᠭᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠨ ᠣᠷᠣᠭᠤᠯᠵᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠤᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠦᠯᠦ ᠬᠡᠲᠦᠷᠡᠬᠦ ᠬᠦᠦ ᠵᠢᠨ ᠨᠤᠷᠮ᠎ᠠ᠎ᠪᠠᠷ ᠵᠢᠯ ᠪᠦᠷᠢ 200 ᠲᠦᠮᠡᠨ ᠲᠥᠭᠦᠷᠢᠭ᠎ᠠᠴᠠ ᠦᠯᠦ ᠬᠡᠲᠦᠷᠡᠬᠦ ᠲᠡᠮ ᠬᠦᠦ ᠵᠢᠨ ᠳᠡᠮᠵᠢᠯᠭᠡ ᠣᠯᠭᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
      ᠭᠤᠷᠪᠠ᠂ ᠨᠠᠷᠢᠯᠢᠭ ᠭᠦᠨ ᠡᠳ᠋ᠰᠢᠭᠦᠯᠭᠡ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ
      2024 ᠣᠨ᠎ᠠᠴᠠ ᠬᠤᠶ᠋ᠢᠰᠢᠬᠢ ᠵᠢᠯ᠎ᠤᠨ ᠭᠤᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 1.6 ᠳ᠋ᠦᠩᠰᠢᠭᠤᠷ ᠲᠥᠭᠦᠷᠢᠭ᠎ᠲᠤ ᠬᠦᠷᠴᠦ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠥᠪᠰᠢᠶᠡᠷᠡᠨ ᠪᠠᠶ᠋ᠢᠭᠤᠯᠤᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠰᠢᠨ᠎ᠡ᠎ᠪᠠᠷ ᠪᠠᠶ᠋ᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢ᠍ᠯ᠎ᠤᠨ ᠵᠢᠭᠡᠯᠡᠯᠭᠡ ᠵᠢ ᠵᠢᠭᠡᠯᠡᠭᠰᠡᠨ ᠠᠵᠤ ᠠᠬᠤᠶ᠋ᠢᠯᠠᠯ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦ ᠵᠢᠨ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠥᠯᠥ ᠬᠡᠲᠦᠷᠡᠬᠦ ᠬᠦᠦ ᠮᠥᠩᠭᠦ ᠵᠢᠨ ᠨᠣᠷᠮ᠎ᠠ ᠶᠣᠰᠣᠭ᠋ᠠᠷ᠂ ᠵᠢᠯ ᠪᠦᠷᠢ 300 ᠲᠦᠮᠡᠨ ᠲᠥᠭᠦᠷᠢᠭ᠎ᠠᠴᠠ ᠥᠯᠥ ᠳᠠᠪᠠᠭ᠍ᠤ ᠳᠠᠮ ᠬᠦᠦ ᠵᠢᠨ ᠳᠡᠮᠵᠢᠯᠭᠡ ᠣᠯᠭᠤᠨ᠎ᠠ᠃ ᠵᠢᠯ᠎ᠤᠨ ᠨᠢᠲᠤᠯᠵᠤ ᠡᠳ᠋ᠰᠢᠭᠦᠯᠬᠦ ᠪᠣᠳᠠᠲᠠᠢ ᠬᠡᠮᠵᠢᠶ᠎ᠡ᠎ᠨᠢ 2 ᠲᠦᠮᠡ᠎ᠠᠴᠠ ᠳᠡᠭᠡᠭᠰᠢ ᠠᠯᠠᠰᠢᠨ ᠦᠬᠡᠷ ᠨᠢᠲᠤᠯᠬᠤ ᠠᠵᠤ ᠠᠬᠤᠶ᠋ᠢᠯᠠᠯ᠎ᠤᠨ ᠲᠤᠬᠠᠢ ᠵᠢᠨ ᠭᠠᠵᠠᠷ᠎ᠤᠨ ᠪᠣᠷᠳᠣᠭᠰᠠᠨ ᠦᠬᠡᠷ᠎ᠢ ᠬᠤᠳᠠᠯᠳᠤᠨ ᠠᠪᠬᠤ ᠭᠦᠢ᠍ᠯᠭᠡᠭᠡᠨ᠎ᠤ ᠪᠡᠯᠡ ᠮᠥᠩᠭᠦ ᠵᠢᠨ ᠵᠢᠭᠡᠯᠡᠯᠭᠡ᠎ᠳᠤ᠂ ᠨᠢᠭᠡ ᠵᠢᠯ᠎ᠤᠨ ᠬᠤᠭᠤᠴᠠᠭ᠎ᠠ᠎ᠲᠠᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠦ ᠵᠢᠨ ᠨᠣᠷᠮ᠎ᠠ (LPR) ᠵᠢᠨ 70%᠎ᠪᠠᠷ ᠲᠡᠷᠡᠴᠢᠯᠡᠨ 2%᠎ᠠᠴᠠ ᠦᠯᠦ ᠬᠡᠲᠦᠷᠡᠬᠦ ᠬᠦᠦ ᠮᠥᠩᠭᠦ ᠵᠢᠨ ᠨᠣᠷᠮ᠎ᠠ᠎ᠪᠠᠷ ᠵᠢᠯ ᠪᠦᠷᠢ 600 ᠲᠦᠮᠡᠨ ᠲᠥᠭᠦᠷᠢᠭ᠎ᠠᠴᠠ ᠦᠯᠦ ᠬᠡᠲᠦᠷᠡᠬᠦ ᠳᠠᠮ ᠬᠦᠦ ᠵᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ᠎ᠤᠨ ᠠᠵᠤ ᠠᠬᠤᠶ᠋ᠢᠯᠠᠯ᠎ᠤᠨ ᠦᠬᠡᠷ᠎ᠤᠨ ᠮᠢᠬᠠᠨ᠎ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ᠎ᠤᠨ ᠡᠳ᠋᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ᠎ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠨᠠᠷᠠᠲᠠᠢ ᠠᠵᠤ ᠠᠬᠤᠶ᠋ᠢᠯᠠᠯ᠎ᠤᠨ ᠠᠯᠠᠰᠢᠨ ᠦᠬᠡᠷ᠎ᠤᠨ ᠠᠵᠤ ᠦᠢ᠍ᠯᠡᠰ᠎ᠲᠤ ᠣᠷᠣᠬᠤ ᠵᠢ ᠵᠣᠷᠢᠭᠵᠢᠭᠤᠯᠵᠤ᠂ ᠠᠵᠤ ᠠᠬᠤᠶ᠋ᠢᠯᠠᠯ᠎ᠤᠨ ᠪᠣᠷᠤᠯᠠᠭᠤᠯᠭ᠎ᠠ ᠵᠢᠨ ᠠᠷᠭ᠎ᠠ ᠵᠠᠮ᠂ ᠨᠠᠷᠠᠲᠤ ᠲᠥᠷᠥᠯ ᠲᠡᠮᠳᠡᠭ᠎ᠤᠨ ᠳᠠᠪᠠᠭᠤᠯᠢᠭ ᠪᠠ ᠬᠠᠮᠢᠶᠠᠷᠤᠯᠲᠠ ᠵᠢᠨ ᠲᠦᠪᠰᠢᠨ᠎ᠢ ᠠᠰᠢᠭᠯᠠᠨ᠂ ᠪᠥᠬᠦ ᠣᠷᠣᠨ᠎ᠤ ᠠᠯᠠᠰᠢᠨ ᠦᠬᠡᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠳᠠᠪᠤᠷᠢ ᠵᠢᠨ ᠳᠡᠰ᠎ᠢ ᠳᠡᠭᠡᠭᠰᠢᠯᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠡᠳ᠋᠎ᠤᠨ ᠵᠠᠰᠠᠭ᠎ᠤᠨ ᠲᠢᠩᠬᠢᠮ]
       ᠳᠥᠷᠪᠡ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠤᠨ ᠬᠦᠷᠢᠶᠡᠯᠡᠩ ᠲᠣᠭᠤᠷᠢᠭ ᠲᠡᠶ᠋ᠢᠰᠢ ᠲᠥᠪᠯᠡᠷᠡᠬᠦ ᠵᠢ ᠠᠬᠢᠭᠤᠯᠤᠨ᠎ᠠ
      ᠵᠢᠯ ᠪᠦᠷᠢ ᠨᠠᠷᠢᠯᠢᠭ ᠭᠦᠨ ᠡᠳ᠋ᠰᠢᠭᠦᠯᠬᠦ᠎ᠪᠠᠷ ᠭᠤᠣᠯᠯᠠᠭᠰᠠᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠠᠴᠠ 2᠎ᠢ ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ᠎ᠳᠤ᠎ᠪᠠᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ᠎ᠪᠠᠷ ᠭᠤᠣᠯᠯᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ᠎ᠳᠤ ᠳᠡᠮᠵᠢᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠤᠰᠬᠠᠢ ᠪᠡᠯᠡ ᠮᠥᠩᠭᠦ ᠵᠢ ᠬᠡᠷᠡᠭᠯᠡᠬᠦ᠎ᠳᠤ᠎ᠪᠠᠨ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ᠎ᠪᠠᠷ ᠭᠤᠣᠯᠯᠠᠭᠰᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ᠎ᠳᠤ ᠳᠡᠮᠵᠢᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ]
       ᠲᠠᠪᠤ᠂ ᠪᠡᠯᠡᠨ ᠵᠠᠭᠤᠰᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ
      ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰᠵᠢᠭᠦᠯᠦᠨ ᠬᠥᠭᠵᠢᠭᠦᠯᠬᠦ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠪᠡᠯᠡᠨ ᠵᠠᠭᠤᠰᠢ ᠵᠢᠨ ᠵᠠᠮᠴᠢ ᠠᠵᠤ ᠠᠬᠤᠶ᠋ᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ ᠵᠡᠷᠭᠡ᠎ᠠᠴᠠ ᠲᠤᠰᠪᠦᠷᠢ ᠰᠢᠯᠭ᠋ᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶ᠋ᠢᠯᠠᠯ᠎ᠳᠤ᠂ ᠪᠣᠷᠣᠯᠠᠭᠤᠯᠤᠯᠲᠠ ᠵᠢᠨ ᠲᠤᠭ᠎ᠠ᠎ᠨᠢ ᠳᠡᠭᠡᠷ᠎ᠡ ᠵᠢᠯ᠎ᠤᠨ᠎ᠬᠢ᠎ᠠᠴᠠ᠎ᠪᠠᠨ 100 ᠲᠦᠮᠡᠨ ᠲᠥᠭᠦᠷᠢᠭ ᠰᠢᠨ᠎ᠡ᠎ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠵᠤ᠂ ᠬᠠᠮᠤᠭ᠎ᠤᠨ ᠥᠨᠳᠥᠷ᠎ᠲᠤ᠎ᠪᠠᠨ 30 ᠲᠦᠮᠡᠨ ᠲᠥᠭᠦᠷᠢᠭ᠎ᠠᠴᠠ ᠦᠯᠦ ᠬᠡᠲᠦᠷᠡᠭᠦᠯᠵᠦ᠂ ᠠᠳᠠᠯᠢ ᠨᠢᠭᠡ ᠠᠵᠤ ᠠᠬᠤᠶ᠋ᠢᠯᠠᠯ᠎ᠢ ᠨᠢᠭᠡ ᠵᠢᠯ᠎ᠳᠤ ᠳᠠᠪᠬᠤᠷᠳᠠᠭᠤᠯᠤᠨ ᠱᠠᠩᠨᠠᠬᠤ ᠦᠭᠡᠢ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
       ᠵᠢᠷᠭᠤᠭ᠎ᠠ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ
      ᠥᠪᠡᠷᠲᠡᠭᠡᠨ ᠵᠠᠰᠠᠬᠤ ᠣᠷᠣᠨ᠎ᠳᠤ ᠰᠢᠨ᠎ᠡ᠎ᠪᠠᠷ ᠳᠡᠪᠰᠢᠭᠰᠡᠨ ᠪᠤᠶᠤ ᠨᠤᠲᠤᠭᠰᠢᠭᠰᠠᠨ ᠤᠯᠤᠰ᠎ᠤᠨ ᠲᠡᠰ᠎ᠤᠨ ᠵᠢᠱ᠌ᠢᠶ᠎ᠡ ᠦᠵᠡᠭᠦᠯᠬᠦ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠂ 5A ᠲᠡᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠳᠤ ᠲᠤᠰ ᠲᠤᠰ 300 ᠲᠦᠮᠡᠨ ᠲᠥᠭᠦᠷᠢᠭ᠂ 100 ᠲᠦᠮᠡᠨ ᠲᠥᠭᠦᠷᠢᠭ᠎ᠤᠨ ᠨᠢᠭᠡ ᠯᠠ ᠤᠳᠠᠭ᠎ᠠ ᠵᠢᠨ ᠴᠢᠨᠠᠷᠲᠠᠢ ᠱᠠᠩᠨᠠᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠵᠦᠵᠢᠶᠠᠩ ᠮᠥᠷᠡᠨ᠎ᠤ ᠭᠤᠷᠪᠠᠯᠵᠢᠨ ᠬᠤᠶ᠋ᠢᠭ ᠵᠡᠷᠭᠡ ᠭᠤᠣᠯ ᠪᠣᠯᠬᠤ ᠬᠡᠷᠡᠭᠯᠡᠭᠡᠨ᠎ᠤ ᠭᠠᠵᠠᠷ᠎ᠲᠤ ᠤᠷᠢᠳᠠᠴᠢ ᠬᠦᠢ᠍ᠲᠡᠨ ᠬᠡᠯᠬᠢᠶᠡᠲᠦ ᠰᠣᠷᠭᠤᠭ ᠬᠠᠳᠠᠭ᠋ᠠᠯᠠᠬᠤ ᠬᠥᠮᠥᠷᠭᠡ ᠬᠥᠭᠵᠢᠭᠦᠯᠬᠦ ᠵᠢ ᠵᠣᠷᠢᠭᠵᠢᠭᠤᠯᠤᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ]
      ᠳᠣᠯᠤᠭ᠎ᠠ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠵᠠᠭᠪᠤᠷ᠎ᠲᠤ ᠰᠢᠨ᠎ᠡ ᠵᠢ ᠡᠭᠦᠳᠦᠨ᠎ᠡ
      ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠠᠲᠤ ᠲᠡᠮᠳᠡᠭ᠎ᠢ ᠪᠣᠶ᠋ᠢᠵᠢᠭᠤᠯᠬᠤ ᠪᠠ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠵᠢ ᠳᠡᠮᠵᠢᠵᠦ᠂ 《ᠥᠪᠥᠷ ᠮᠣᠩᠭᠤᠯ》 ᠨᠡᠷᠡᠮᠵᠢᠲᠦ ᠲᠡᠮᠳᠡᠭ᠎ᠤᠨ ᠭᠡᠷᠡᠴᠢᠯᠡᠯᠲᠡ ᠵᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ ᠢᠯᠭ᠋ᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠵᠢ ᠠᠬᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠥᠪᠥᠷ ᠮᠣᠩᠭᠤᠯ》 ᠨᠡᠷᠡᠮᠵᠢᠲᠦ ᠲᠡᠮᠳᠡᠭ — ᠲᠠᠯ᠎ᠠ ᠨᠤᠲᠤᠭ᠎ᠤᠨ ᠰᠢᠯᠢᠳᠡᠭ ᠪᠦᠲᠦᠭᠡᠭᠳᠡᠬᠦᠨ᠎ᠤ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ 《ᠥᠪᠥᠷ ᠮᠣᠩᠭᠤᠯ》 ᠨᠡᠷᠡᠮᠵᠢᠲᠦ ᠲᠡᠮᠳᠡᠭ ᠵᠶ᠋ᠠᠷ ᠭᠡᠷᠡᠴᠢᠯᠡᠭᠳᠡᠭᠰᠡᠨ ᠠᠵᠤ ᠠᠬᠤᠶ᠋ᠢᠯᠠᠯ᠎ᠳᠤ ᠭᠡᠷᠡᠴᠢᠯᠡᠭᠦᠯᠬᠦ ᠪᠠ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠵᠠᠷᠤᠳᠠᠯ᠎ᠤᠨ ᠱᠠᠩᠨᠠᠯ ᠨᠥᠬᠦᠪᠦᠷᠢ ᠣᠯᠭᠤᠨ᠎ᠠ᠃ 2024 ᠣᠨ᠎ᠳᠤ ᠪᠣᠬᠢᠷᠲᠤᠯ ᠦᠭᠡᠢ ᠢᠳᠡᠭᠡᠨ᠂ ᠣᠷᠭ᠋ᠠᠨᠢᠭ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠡᠷᠡᠴᠢᠯᠡᠭᠰᠡᠨ ᠭᠠᠷᠤᠯᠲᠠ᠎ᠨᠢ 1000 ᠲᠣᠨ᠎ᠠᠴᠠ ᠳᠡᠭᠡᠭᠰᠢᠬᠢ ᠠᠵᠤ ᠠᠬᠤᠶ᠋ᠢᠯᠠᠯ᠎ᠤᠨ ᠭᠡᠷᠡᠴᠢᠯᠡᠯᠲᠡ ᠵᠢᠨ ᠵᠠᠷᠤᠳᠠᠯ᠎ᠢ ᠪᠥᠬᠦ ᠲᠤᠭ᠎ᠠ᠎ᠪᠠᠷ᠎ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠵᠢ ᠳᠡᠭᠡᠷ᠎ᠡ ᠨᠢᠭᠡ ᠵᠢᠯ᠎ᠤᠨ ᠭᠡᠷᠡᠴᠢᠯᠡᠭᠰᠡᠨ ᠭᠠᠷᠤᠯᠲᠠ᠎ᠪᠠᠷ ᠦᠨᠳᠦᠰᠦᠯᠡᠯ ᠪᠣᠯᠭ᠋ᠠᠨ ᠲᠣᠭᠲᠠᠭ᠋ᠠᠨ᠎ᠠ᠃ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭᠰᠠᠨ 《ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠪᠣᠷᠤᠯᠠᠭᠤᠯᠭ᠎ᠠ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠬᠡᠷᠡᠭᠵᠢᠭᠦᠯᠬᠦ ᠵᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ᠎ᠤᠨ ᠬᠤᠲᠠ᠎ᠳᠤ 《ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ᠎ᠠᠴᠠ ᠭᠠᠷᠬᠤ》 ᠬᠡᠷᠡᠭᠯᠡᠭᠡ ᠵᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠵᠢ ᠦᠷᠭᠦᠯᠵᠢᠯᠡᠨ ᠡᠷᠭᠢᠯᠡᠨ᠎ᠡ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠶᠠᠮᠤᠨ ᠵᠥᠪᠯᠡᠯ᠂ ᠲᠥᠪ᠎ᠤᠨ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠬᠤᠳᠠᠯᠳᠤᠭ᠎ᠠ ᠬᠡᠲᠦ ᠳᠡᠯᠭᠡᠭᠦᠷ᠂ ᠬᠤᠭᠤᠯᠠ ᠤᠮᠳᠠᠭ᠋ᠠᠨ᠎ᠳᠤ ᠣᠷᠣᠭᠤᠯᠬᠤ ᠵᠢ ᠠᠬᠢᠭᠤᠯᠵᠤ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠳᠠᠭ᠋ᠠᠭᠤᠯᠬᠤ᠂ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠵᠢ ᠡᠷᠴᠢᠮᠵᠢᠭᠦᠯᠦᠨ ᠳᠡᠮᠵᠢᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ]
       ᠨᠠᠢ᠍ᠮᠠ᠂ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ
      ᠠᠵᠤ ᠠᠬᠤᠶ᠋ᠢᠯᠠᠯ᠎ᠤᠨ ᠨᠡᠶ᠋ᠢᠯᠡᠭᠦᠯᠵᠦ ᠳᠠᠬᠢᠨ ᠵᠣᠬᠢᠶᠠᠨ ᠪᠠᠶ᠋ᠢᠭᠤᠯᠬᠤ ᠪᠠ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠬᠢᠬᠦ ᠵᠢ ᠳᠡᠮᠵᠢᠵᠦ᠂ ᠵᠠᠬᠢᠶᠠᠯᠠᠭ᠎ᠠ ᠵᠢᠨ ᠬᠠᠭᠤᠳᠠᠰᠤ᠂ ᠰᠠᠩ᠎ᠤᠨ ᠬᠠᠭᠤᠳᠠᠰᠤ᠂ ᠬᠤᠷᠢᠶᠠᠪᠠᠰᠤ ᠵᠣᠬᠢᠬᠤ ᠲᠠᠩᠰᠠᠨ᠎ᠤ ᠵᠣᠭᠤᠰ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠥᠷᠨᠢᠭᠦᠯᠦᠨ᠂ ᠬᠥᠳᠡᠯᠬᠦ ᠬᠥᠷᠥᠩᠭᠡ ᠵᠢᠨ ᠪᠡᠯᠡ ᠲᠣᠬᠢᠷᠠᠭᠤᠯᠭ᠎ᠠ ᠵᠢ ᠨᠢᠭᠡᠳᠦᠯᠲᠡᠢ ᠳᠡᠩᠰᠡᠯᠡᠨ ᠲᠡᠮᠳᠡᠭᠯᠡᠵᠦ ᠨᠡᠶ᠋ᠢᠲᠡ᠎ᠳᠤ ᠵᠠᠷᠯᠠᠬᠤ ᠰᠢᠰᠲ᠋ᠧᠮ ᠵᠶ᠋ᠠᠷ ᠳᠠᠮᠵᠢᠭᠤᠯᠤᠨ ᠳᠠᠭ᠋ᠠᠭ᠋ᠠᠯᠲᠠ᠎ᠲᠠᠢ ᠪᠡᠯᠡ ᠲᠣᠬᠢᠷᠠᠭᠤᠯᠭ᠎ᠠ ᠵᠢᠨ ᠲᠤᠬᠠᠶ᠋ᠢᠯᠠᠭᠰᠠᠨ ᠠᠵᠢᠯ᠎ᠢ ᠳᠡᠩᠰᠡᠯᠡᠨ ᠲᠡᠮᠳᠡᠭᠯᠡᠨ᠎ᠡ᠃ ᠬᠦᠦ ᠮᠥᠩᠭᠦ ᠵᠢᠨ ᠨᠣᠷᠮ᠎ᠠ᠎ᠳᠤ ᠨᠥᠬᠦᠪᠦᠷᠢ ᠥᠭᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ᠎ᠪᠠᠷ ᠨᠡᠩ ᠣᠯᠠᠨ ᠮᠥᠩᠭᠦᠨ ᠭᠦᠢ᠍ᠯᠭᠡᠭᠡᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠮᠥᠩᠭᠦᠨ ᠭᠦᠢ᠍ᠯᠭᠡᠭᠡᠨ᠎ᠤ ᠬᠥᠷᠥᠩᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠬᠥᠭᠵᠢᠯᠲᠡ᠎ᠳᠤ ᠣᠷᠣᠭᠤᠯᠤᠯᠲᠠ ᠬᠢᠯᠭᠡᠨ᠎ᠡ᠃ ᠨᠥᠬᠦᠴᠡᠯ᠎ᠳᠤ ᠨᠡᠶ᠋ᠢᠴᠡᠬᠦ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠤᠨ ᠪᠠᠩᠬᠢ ᠵᠢᠨ ᠬᠤᠭᠤᠷᠣᠨᠳᠣᠬᠢ ᠵᠢᠭᠡᠯᠡᠯᠭᠡ ᠵᠢᠨ ᠲᠡᠮᠳᠡᠭᠲᠦ ᠵᠢᠨ ᠵᠠᠬ᠎ᠠ ᠳᠡᠯᠭᠡᠭᠦᠷ᠎ᠲᠤ ᠣᠬᠤᠷ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢᠨ ᠲᠡᠮᠳᠡᠭᠲᠦ᠂ ᠤᠷᠲᠤᠪᠲᠤᠷ ᠬᠤᠭᠤᠴᠠᠭ᠋ᠠᠨ᠎ᠤ ᠪᠠᠷᠢᠮᠲᠠ ᠵᠡᠷᠭᠡ ᠥᠷᠢ ᠥᠭᠴᠡᠭᠡ ᠵᠢᠨ ᠪᠡᠯᠡ ᠲᠣᠬᠢᠷᠠᠭᠤᠯᠭ᠎ᠠ ᠵᠢᠨ ᠪᠠᠭ᠋ᠠᠵᠢ ᠲᠠᠷᠬᠠᠭ᠋ᠠᠵᠤ ᠪᠡᠯᠡ ᠮᠥᠩᠭᠦ ᠴᠤᠭᠯᠠᠭᠤᠯᠬᠤ ᠵᠢ ᠵᠣᠷᠢᠭᠵᠢᠭᠤᠯᠤᠨ᠎ᠠ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨ ᠡᠳ᠋ᠰᠢᠭᠦᠯᠬᠦ ᠮᠥᠩᠭᠦᠨ ᠭᠦᠢ᠍ᠯᠭᠡᠭᠡᠨ᠎ᠤ ᠬᠡᠯᠬᠢᠶ᠎ᠡ ᠵᠢᠨ ᠳᠠᠷᠤᠭ᠎ᠠ ᠵᠢᠨ ᠳᠦᠷᠢᠮ᠎ᠢ ᠪᠠᠶ᠋ᠢᠭᠤᠯᠵᠤ᠂ ᠠᠵᠤ ᠦᠢ᠍ᠯᠡᠰ ᠬᠤᠪᠢᠶᠠᠨ ᠬᠡᠯᠬᠢᠶ᠎ᠡ ᠵᠢᠨ ᠳᠠᠷᠤᠭ᠎ᠠ ᠵᠢᠨ ᠪᠠᠩᠬᠢ ᠪᠣᠯᠣᠨ ᠬᠠᠪᠰᠤᠷᠤᠨ ᠡᠷᠬᠢᠯᠡᠬᠦ ᠪᠠᠩᠬᠢ ᠵᠢ ᠲᠣᠳᠣᠷᠬᠠᠶ᠋ᠢᠯᠠᠵᠤ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶ᠋ᠢᠯᠠᠯ᠎ᠳᠤ ᠵᠠᠬᠢᠶᠠᠯᠠᠭ᠎ᠠ ᠵᠢᠨ ᠦᠢ᠍ᠯᠡᠴᠢᠯᠡᠭᠡ ᠬᠠᠩᠭ᠋ᠠᠨ᠎ᠠ᠃ ᠥᠪᠡᠷ᠎ᠤᠨ ᠦᠷᠳᠡᠭ᠎ᠤᠨ ᠳᠠᠭ᠋ᠠᠳᠬᠠᠯ᠂ ᠶᠠᠰᠤ ᠴᠢᠨᠠᠷ᠎ᠤᠨ ᠳᠠᠭ᠋ᠠᠳᠬᠠᠯ᠂ ᠪᠡᠯᠡᠳᠬᠡᠮᠵᠢ ᠵᠢᠨ ᠳᠠᠭ᠋ᠠᠳᠬᠠᠯ᠂ ᠳᠠᠭ᠋ᠠᠳᠬᠠᠯ + ᠬᠤᠭᠤᠴᠠᠭ᠋ᠠᠲᠤ ᠪᠠᠷᠠᠭ᠎ᠠ ᠵᠡᠷᠭᠡ ᠰᠢᠷᠢᠰ ᠦᠢ᠍ᠯᠡᠴᠢᠯᠡᠭᠡ ᠪᠠ ᠨᠡᠶ᠋ᠢᠯᠡᠮᠡᠯ ᠨᠡᠷᠡᠳᠭᠦᠨ᠎ᠢ ᠰᠢᠨ᠎ᠡ ᠡᠭᠦᠳᠦᠯᠲᠡ᠎ᠲᠠᠢ᠎ᠪᠠᠷ ᠳᠡᠯᠭᠡᠷᠡᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠳᠠᠬᠢ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ]
      ᠶᠢᠰᠦ᠂ ᠴᠢᠬᠤᠯᠠ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ
      ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢᠨ ᠬᠠᠮᠲᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶ᠋ᠢᠯᠠᠯ ᠬᠤᠳᠠᠯᠳᠤᠨ ᠠᠪᠤᠭᠰᠠᠨ ᠪᠠᠷᠢᠮᠲᠠ᠎ᠪᠠᠷ ᠵᠶ᠋ᠠᠨ ᠥᠷᠲᠡᠭ ᠨᠡᠮᠡᠭᠳᠡᠯ᠎ᠤᠨ ᠭᠠᠶ᠋ᠢᠯᠢ ᠵᠢ ᠲᠣᠭᠲᠠᠭ᠋ᠠᠯ ᠶᠣᠰᠣᠭ᠋ᠠᠷ ᠲᠤᠯᠭ᠋ᠠᠨ ᠰᠠᠭᠤᠯᠭ᠋ᠠᠵᠤ ᠪᠣᠯᠣᠨ᠎ᠠ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠠᠵᠤ ᠠᠬᠤᠶ᠋ᠢᠯᠠᠯ᠎ᠤᠨ ᠬᠥᠭᠵᠢᠯᠲᠡ᠎ᠳᠤ ᠬᠡᠷᠡᠭᠯᠡᠬᠦ ᠭᠠᠵᠠᠷ᠎ᠢ ᠤᠷᠢᠳ ᠵᠶ᠋ᠠᠷ ᠪᠠᠲᠤᠯᠠᠨ᠎ᠠ᠃ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠡᠳ᠋ᠰᠢᠭᠦᠯᠬᠦ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠴᠠᠬᠢᠯᠭ᠋ᠠᠨ ᠪᠠᠭᠲᠠᠭ᠋ᠠᠨ ᠰᠢᠩᠭᠡᠭᠡᠬᠦ ᠵᠢ ᠳᠡᠮᠵᠢᠵᠦ᠂ ᠠᠵᠤ ᠠᠬᠤᠶ᠋ᠢᠯᠠᠯ᠎ᠤᠨ ᠥᠪᠡᠰᠦᠪᠡᠨ ᠪᠣᠬᠢᠷᠲᠤᠯ ᠦᠭᠡᠢ ᠴᠠᠬᠢᠯᠭ᠋ᠠᠨ ᠡᠭᠦᠰᠬᠡᠭᠴᠢ ᠪᠠᠶ᠋ᠢᠭᠤᠯᠬᠤ ᠵᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭ᠋ᠠᠨ᠎ᠤ ᠬᠡᠷᠡᠭᠯᠡᠭᠡᠨ᠎ᠤ ᠬᠠᠷᠢᠴᠠᠯ᠎ᠢ ᠳᠡᠭᠡᠭᠰᠢᠯᠡᠭᠦᠯᠦᠨ᠎ᠡ᠃ ᠤᠰᠤ᠎ᠪᠠᠷ ᠭᠠᠷᠤᠯᠲᠠ ᠵᠢ ᠲᠣᠭᠲᠠᠭ᠋ᠠᠭᠰᠠᠨ ᠤᠷᠢᠲᠠᠯ ᠳᠣᠣᠷ᠎ᠠ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠪᠠᠲᠤᠯᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ (ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
      ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ᠎ᠳᠤ ᠬᠤᠯᠪᠣᠭᠳᠠᠭᠰᠠᠨ ᠱᠠᠩᠨᠠᠯ ᠨᠥᠬᠦᠪᠦᠷᠢ (ᠱᠠᠩᠨᠠᠯ) ᠵᠢᠨ ᠪᠡᠯᠡ ᠮᠥᠩᠭᠦ ᠵᠢ ᠴᠥᠮ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠵᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ》 ᠠᠷᠭ᠎ᠠ ᠮᠠᠶᠢᠭ ᠵᠶ᠋ᠠᠷ ᠰᠠᠯᠭ᠋ᠠᠨ ᠥᠭᠴᠦ᠂ ᠡᠯ᠎ᠡ ᠬᠠᠷᠢᠭᠤᠴᠠᠯᠭ᠋ᠠᠲᠤ ᠨᠢᠭᠡᠴᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠂ ᠪᠡᠯᠡ ᠮᠥᠩᠭᠦ ᠵᠢᠨ ᠱᠠᠩᠨᠠᠯ ᠨᠥᠬᠦᠪᠦᠷᠢ ᠵᠢᠨ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭ᠋ᠠᠨ ᠬᠢᠨᠠᠵᠤ ᠰᠢᠯᠭ᠋ᠠᠨ ᠠᠪᠬᠤ ᠵᠡᠷᠭᠡ ᠠᠭᠤᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠵᠣᠬᠢᠷᠠᠭᠰᠠᠨ ᠴᠠᠭ᠎ᠲᠤ᠎ᠨᠢ ᠦᠨᠡᠯᠡᠨ ᠵᠢᠱ᠌ᠢᠵᠦ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠬᠡᠷᠡᠭᠲᠡᠢ᠃
     

        ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                2024 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ ᠳᠠᠷᠤᠮᠠᠯᠯᠠᠨ ᠲᠠᠷᠬᠠᠭ᠋ᠠᠪᠠ



ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ