ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 48 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ
《ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠲᠥᠪ ᠬᠤᠷᠢᠶ᠎ᠠ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2024] 48 ᠳ᠋ᠤᠭ᠋ᠠᠷ ᠲᠣᠭ᠋ᠠᠲᠤ) ᠪᠠ 《ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠬᠤ ᠪᠠ ᠵᠦᠢ ᠵᠣᠬᠢᠰᠲᠠᠢ ᠬᠤᠪᠢᠶᠠᠷᠢᠯᠠᠬᠤ ᠵᠢᠨ ᠲᠤᠰᠠᠳᠠ᠂ ᠡᠷᠬᠡ ᠬᠠᠷᠢᠭᠤᠴᠠᠯᠭ᠎ᠠ ᠲᠣᠳᠣᠷᠬᠠᠢ᠂ ᠡᠳ᠋᠎ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠬᠠᠷᠢᠴᠠᠭ᠎ᠠ ᠵᠢ ᠠᠬᠢᠭᠤᠯᠤᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ᠂ ᠵᠠᠷᠤᠯᠭ᠎ᠠ ᠵᠢᠨ ᠬᠠᠷᠢᠭᠤᠴᠠᠯᠭ᠎ᠠ ᠪᠠ ᠡᠳ᠋᠎ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠣᠭᠲᠠᠭᠤᠨ ᠳᠦᠷᠢᠮ᠎ᠢ ᠪᠠᠶ᠋ᠢᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠭᠤᠣᠯ ᠠᠭᠤᠯᠭ᠎ᠠ
(ᠨᠢᠭᠡ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠤᠷᠸ᠎ᠠ ᠬᠠᠮᠢᠶᠠᠷᠤᠯᠲᠠ
ᠪᠥᠬᠦ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠠᠶ᠋ᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠢ ᠰᠤᠳᠤᠯᠤᠨ ᠲᠣᠭᠲᠠᠭ᠋ᠠᠬᠤ᠂ ᠪᠥᠬᠦ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢ ᠪᠦᠷᠢᠳᠬᠡᠨ ᠪᠠᠶ᠋ᠢᠴᠠᠭ᠋ᠠᠵᠤ ᠵᠠᠳᠠᠯᠤᠨ ᠨᠡᠶ᠋ᠢᠲᠡᠯᠡᠬᠦ ᠠᠵᠢᠯ ᠥᠷᠨᠢᠭᠦᠯᠬᠦ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠠᠶ᠋ᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠪᠦᠷᠢᠳᠬᠡᠨ ᠪᠠᠶ᠋ᠢᠴᠠᠭ᠋ᠠᠵᠤ ᠵᠠᠳᠠᠯᠤᠨ ᠨᠡᠶ᠋ᠢᠲᠡᠯᠡᠬᠦ ᠠᠵᠢᠯ ᠥᠷᠨᠢᠭᠦᠯᠬᠦ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠬᠤᠶᠠᠷ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ ᠣᠯᠭᠤᠯᠲᠠ ᠡᠷᠬᠡ ᠲᠣᠭᠲᠠᠭ᠋ᠠᠯᠲᠠ
ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠤᠯᠤᠰ᠎ᠤᠨ ᠳᠣᠲᠣᠭ᠋ᠠᠳᠤ ᠵᠢᠨ ᠵᠣᠬᠢᠶᠠᠭᠴᠢ ᠪᠤᠶᠤ ᠪᠤᠰᠤᠳ ᠵᠣᠬᠢᠶᠠᠯ ᠪᠦᠲᠦᠭᠡᠯ᠎ᠤᠨ ᠡᠷᠬᠡᠲᠦ ᠬᠥᠮᠥᠨ᠎ᠤ ᠪᠦᠲᠦᠭᠡᠯ᠎ᠢ᠎ᠨᠢ ᠳᠠᠩᠰᠠᠯᠠᠨ ᠲᠡᠮᠳᠡᠭᠯᠡᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠭᠤᠷᠪᠠ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠡᠷᠡᠭᠯᠡᠯᠲᠡ ᠠᠬᠢᠯᠲᠠ
ᠪᠥᠬᠦ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠪᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠷᠠᠯᠵᠢᠶ᠎ᠠ ᠵᠢᠨ ᠡᠵᠡᠩᠨᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ᠂ ᠪᠥᠬᠦ ᠣᠷᠣᠨ᠎ᠤ ᠴᠢᠨᠠᠷᠲᠠᠢ ᠴᠢᠬᠤᠯᠠ ᠶᠡᠭᠡ ᠠᠵᠤ ᠠᠬᠤᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠵᠥᠪᠯᠡᠨ ᠲᠣᠭᠲᠠᠭ᠋ᠠᠬᠤ᠂ ᠭᠠᠳᠠᠭ᠋ᠠᠳᠤ ᠤᠯᠤᠰ᠎ᠤᠨ ᠨᠣᠮ ᠪᠢᠴᠢᠭ ᠬᠡᠪᠯᠡᠬᠦ ᠭᠡᠷ᠎ᠡ ᠵᠢ ᠳᠠᠩᠰᠠᠯᠠᠨ ᠲᠡᠮᠳᠡᠭᠯᠡᠬᠦ᠂ ᠬᠢᠯᠢ ᠵᠢᠨ ᠭᠠᠳᠠᠨᠠᠬᠢ ᠡᠯᠧᠺᠳ᠋ᠷᠣᠨ ᠬᠡᠪᠯᠡᠭᠳᠡᠬᠦᠨ ᠪᠠ ᠺᠣᠮᠫᠢᠦ᠋ᠲ᠋ᠧᠷ᠎ᠤᠨ ᠵᠥᠭᠡᠯᠡᠨ ᠲᠣᠨᠤᠭ᠎ᠢ ᠬᠡᠪᠯᠡᠭᠦᠯᠬᠦ ᠪᠠ ᠬᠠᠭᠤᠯᠪᠤᠷᠢᠯᠠᠬᠤ ᠭᠡᠷ᠎ᠡ ᠵᠢ ᠳᠡᠩᠰᠡᠯᠡᠨ ᠲᠡᠮᠳᠡᠭᠯᠡᠬᠦ᠂ ᠬᠢᠯᠢ ᠵᠢᠨ ᠭᠠᠳᠠᠨᠠᠬᠢ ᠲᠠᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ᠎ᠢ ᠬᠠᠭᠤᠯᠪᠤᠷᠢᠯᠠᠨ ᠠᠪᠬᠤ ᠨᠠᠶ᠋ᠢᠳᠠᠯᠭ᠎ᠠ ᠵᠢᠨ ᠭᠡᠷ᠎ᠡ ᠵᠢ ᠳᠡᠩᠰᠡᠯᠡᠨ ᠲᠡᠮᠳᠡᠭᠯᠡᠬᠦ᠂ ᠤᠯᠤᠰ᠎ᠤᠨ ᠭᠠᠳᠠᠭ᠋ᠠᠳᠤ᠎ᠠᠴᠠ ᠤᠷᠭᠤᠮᠠᠯ᠎ᠤᠨ ᠰᠢᠨ᠎ᠡ ᠡᠭᠦᠯᠳᠡᠷ᠎ᠤᠨ ᠡᠷᠬᠡ ᠵᠢ ᠭᠤᠶᠤᠴᠢᠯᠠᠬᠤ ᠵᠢ ᠳᠡᠩᠰᠡᠯᠡᠨ ᠲᠡᠮᠳᠡᠭᠯᠡᠬᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠲᠤᠰᠬᠠᠢ ᠠᠰᠢᠭ᠎ᠤᠨ ᠵᠠᠮᠴᠢᠯᠠᠯᠢ ᠥᠷᠨᠢᠭᠦᠯᠬᠦ᠂ ᠪᠥᠬᠦ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠢᠨᠠᠨ ᠬᠠᠮᠢᠶᠠᠷᠬᠤ᠂ ᠲᠤᠰᠬᠠᠢ ᠠᠰᠢᠭ᠎ᠤᠨ ᠣᠷᠣᠯᠠᠨ ᠭᠦᠢ᠍ᠴᠡᠳᠭᠡᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠠᠵᠢᠯ᠎ᠢ ᠳᠠᠭ᠋ᠠᠭ᠋ᠠᠨ ᠭᠦᠢ᠍ᠴᠡᠳᠬᠡᠬᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠵᠣᠬᠢᠶᠠᠯ ᠪᠦᠲᠦᠭᠡᠯ᠎ᠤᠨ ᠡᠷᠬᠡ ᠵᠢᠨ ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠪᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠷᠠᠯᠵᠢᠶ᠎ᠠ ᠵᠢᠨ ᠡᠵᠡᠩᠨᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ᠂ ᠠᠶ᠋ᠢᠮᠠᠭ ᠬᠤᠲᠠ ᠵᠢᠨ ᠴᠢᠬᠤᠯᠠ ᠶᠡᠭᠡ ᠠᠵᠤ ᠠᠬᠤᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠵᠥᠪᠯᠡᠨ ᠲᠣᠭᠲᠠᠭ᠋ᠠᠬᠤ᠂ ᠭᠠᠳᠠᠭ᠋ᠠᠳᠤ ᠤᠯᠤᠰ᠎ᠤᠨ ᠨᠣᠮ ᠪᠢᠴᠢᠭ ᠬᠡᠪᠯᠡᠬᠦ ᠭᠡᠷ᠎ᠡ ᠵᠢ ᠳᠠᠩᠰᠠᠯᠠᠬᠤ᠂ ᠲᠣᠰ ᠭᠠᠵᠠᠷ ᠣᠷᠣᠨ᠎ᠤ᠎ᠪᠠᠨ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠲᠤᠰᠬᠠᠢ ᠠᠰᠢᠭ᠎ᠤᠨ ᠵᠠᠮᠴᠢᠯᠠᠯᠢ ᠥᠷᠨᠢᠭᠦᠯᠬᠦ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠬᠢᠨᠠᠨ ᠬᠠᠮᠢᠶᠠᠷᠬᠤ᠂ ᠠᠶ᠋ᠢᠮᠠᠭ ᠬᠤᠲᠠ ᠵᠢᠨ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠦᠢ᠍ᠴᠡᠳᠬᠡᠭᠰᠡᠨ ᠵᠣᠬᠢᠶᠠᠯ ᠪᠦᠲᠦᠭᠡᠯ᠎ᠤᠨ ᠡᠷᠬᠡ ᠵᠢ ᠵᠥᠪᠰᠢᠶᠡᠷᠡᠬᠦ ᠪᠠ ᠰᠢᠯᠵᠢᠭᠦᠯᠦᠨ ᠳᠠᠩᠰᠠᠯᠠᠭᠤᠯᠬᠤ ᠵᠡᠷᠭᠡ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠳᠥᠷᠪᠡ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ
ᠪᠥᠬᠦ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠪᠥᠬᠦ ᠣᠷᠣᠨ᠎ᠤ ᠴᠢᠨᠠᠷᠲᠠᠢ ᠭᠠᠳᠠᠭ᠋ᠠᠳᠤ᠎ᠳᠤ ᠬᠤᠯᠪᠣᠭᠳᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠲᠣᠭᠲᠠᠴᠠ ᠵᠢ ᠪᠠᠶ᠋ᠢᠭᠤᠯᠬᠤ᠂ ᠪᠥᠬᠦ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠶ᠋ᠢᠳᠠᠯ᠎ᠢ ᠦᠨᠡᠯᠡᠬᠦ ᠪᠠ ᠠᠮᠵᠢᠯᠲᠠ ᠪᠦᠲᠦᠮᠵᠢ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ᠂ ᠪᠥᠬᠦ ᠣᠷᠣᠨ᠎ᠳᠤ ᠴᠢᠬᠤᠯᠠ ᠶᠡᠭᠡ ᠨᠥᠯᠥᠭᠡ᠎ᠲᠠᠢ ᠪᠤᠶᠤ ᠣᠷᠣᠨ ᠪᠦᠰᠡ ᠠᠯᠤᠰᠯᠠᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠴᠢᠬᠤᠯᠠ ᠶᠡᠭᠡ ᠬᠡᠷᠡᠭ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠭᠦᠢ᠍ᠴᠡᠳᠬᠡᠬᠦ ᠪᠠ ᠰᠢᠮᠳᠠᠭᠤᠯᠤᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ᠂ ᠪᠥᠬᠦ ᠣᠷᠣᠨ᠎ᠤ ᠴᠢᠨᠠᠷᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢ ᠲᠦᠷᠭᠡᠨ ᠬᠠᠮᠵᠢᠯᠴᠠᠨ ᠬᠠᠮᠠᠭ᠋ᠠᠯᠠᠬᠤ᠂ ᠡᠷᠬᠡ ᠠᠰᠢᠭ ᠵᠶ᠋ᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ᠂ ᠪᠥᠬᠦ ᠣᠷᠣᠨ᠎ᠳᠤ ᠴᠢᠬᠤᠯᠠ ᠶᠡᠭᠡ ᠨᠥᠯᠥᠭᠡ᠎ᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ ᠪᠠ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠮᠡᠷᠭᠡᠵᠢᠯ᠎ᠤᠨ ᠭᠠᠳᠠᠭ᠋ᠠᠳᠤ ᠭᠠᠷᠭ᠋ᠠᠯᠲᠠ᠎ᠳᠤ ᠬᠤᠯᠪᠣᠭᠳᠠᠬᠤ ᠲᠤᠰᠬᠠᠢ ᠠᠰᠢᠭ᠎ᠤᠨ ᠡᠷᠬᠡ᠂ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠶ᠋ᠢᠷᠢᠯᠠᠭᠤᠯᠤᠯᠲᠠ ᠵᠢᠨ ᠵᠢᠷᠤᠭ ᠲᠥᠯᠥᠪᠯᠡᠭᠡ ᠵᠢᠨ ᠲᠤᠰᠬᠠᠢ ᠡᠷᠬᠡ᠂ ᠺᠣᠮᠫᠢᠦ᠋ᠲ᠋ᠧᠷ᠎ᠤᠨ ᠵᠥᠭᠡᠯᠡᠨ ᠲᠣᠨᠤᠭ᠎ᠤᠨ ᠵᠣᠬᠢᠶᠠᠯ ᠪᠦᠲᠦᠭᠡᠯ᠎ᠤᠨ ᠡᠷᠬᠡ᠎ᠨᠦᠭᠦᠳ᠎ᠢ ᠭᠠᠳᠠᠭ᠋ᠠᠳᠤ᠎ᠳᠤ ᠰᠢᠯᠵᠢᠭᠦᠯᠦᠨ ᠥᠭᠬᠦ ᠵᠢ ᠬᠢᠨᠠᠨ ᠪᠠᠶ᠋ᠢᠴᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠥᠭᠡᠯᠡᠨ ᠲᠣᠨᠤᠭ᠎ᠢ ᠵᠢᠩᠬᠢᠨᠢ ᠬᠡᠪᠯᠡᠯ ᠪᠣᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠠᠬᠢᠭᠤᠯᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠬᠤ᠂ ᠠᠶ᠋ᠢᠮᠠᠭ ᠬᠤᠲᠠ ᠵᠢᠨ ᠭᠠᠳᠠᠭ᠋ᠠᠳᠤ᠎ᠳᠤ ᠬᠤᠯᠪᠣᠭᠳᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠲᠣᠭᠲᠠᠴᠠ ᠵᠢ ᠪᠠᠶ᠋ᠢᠭᠤᠯᠬᠤ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠪᠠᠶ᠋ᠢᠳᠠᠯ᠎ᠢ ᠦᠨᠡᠯᠡᠬᠦ ᠪᠠ ᠠᠮᠵᠢᠯᠲᠠ ᠪᠦᠲᠦᠮᠵᠢ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠤᠯᠢ ᠬᠡᠷᠡᠭᠵᠢᠭᠦᠯᠬᠦ᠂ ᠲᠦᠷᠭᠡᠨ ᠬᠠᠮᠵᠢᠯᠴᠠᠨ ᠬᠠᠮᠠᠭ᠋ᠠᠯᠠᠬᠤ᠂ ᠡᠷᠬᠡ ᠠᠰᠢᠭ ᠵᠶ᠋ᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠦᠯᠦ ᠵᠢᠭᠰᠠᠭ᠋ᠠᠨ ᠣᠷᠣᠭᠤᠯᠤᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ ᠪᠠ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠠᠶ᠋ᠢᠮᠠᠭ ᠬᠤᠲᠠ ᠵᠢᠨ ᠵᠥᠭᠡᠯᠡᠨ ᠲᠣᠨᠤᠭ᠎ᠢ ᠵᠢᠩᠬᠢᠨᠢ ᠬᠡᠪᠯᠡᠯ ᠪᠣᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠠᠬᠢᠭᠤᠯᠬᠤ ᠵᠡᠷᠭᠡ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠲᠠᠪᠤ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ
ᠪᠥᠬᠦ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ᠂ ᠪᠥᠬᠦ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠰᠠᠭᠤᠷᠢ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠪᠠ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠪᠥᠬᠦ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠦᠭᠰᠢᠭᠦᠷᠢ ᠵᠢ ᠲᠥᠰᠥᠭᠡᠯᠡᠵᠦ ᠰᠡᠷᠡᠮᠵᠢᠯᠡᠭᠦᠯᠬᠦ ᠵᠢ ᠠᠬᠢᠭᠤᠯᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠬᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠲᠣᠰ ᠭᠠᠵᠠᠷ ᠣᠷᠣᠨ᠎ᠳᠤ᠎ᠪᠠᠨ ᠤᠯᠠᠮᠵᠢᠯᠠᠨ ᠠᠰᠢᠭᠯᠠᠬᠤ ᠪᠠ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠰᠠᠭᠤᠷᠢ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠪᠠ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠂ ᠠᠶ᠋ᠢᠮᠠᠭ ᠬᠤᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠦᠭᠰᠢᠭᠦᠷᠢ ᠵᠢ ᠲᠥᠰᠥᠭᠡᠯᠡᠵᠦ ᠰᠡᠷᠡᠮᠵᠢᠯᠡᠭᠦᠯᠬᠦ ᠵᠢ ᠠᠬᠢᠭᠤᠯᠬᠤ ᠵᠡᠷᠭᠡ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠵᠢᠷᠭᠤᠭ᠎ᠠ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠭᠠᠳᠠᠭ᠋ᠠᠳᠤ᠎ᠳᠤ ᠬᠤᠯᠪᠣᠭᠳᠠᠬᠤ ᠠᠵᠢᠯ
ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭ᠋ᠠᠳᠤ ᠤᠯᠤᠰ᠎ᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠂ ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
(ᠳᠣᠯᠤᠭ᠎ᠠ) ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠪᠤᠰᠤᠳ ᠵᠦᠢ᠍ᠯᠡᠰ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠤᠬᠠᠭᠤᠯᠭ᠎ᠠ ᠬᠥᠮᠦᠵᠢᠯ ᠪᠠ ᠬᠠᠤᠯᠢ ᠲᠦᠭᠡᠮᠡᠯᠵᠢᠭᠦᠯᠦᠯᠲᠡ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠢᠴᠢᠶᠡᠯ ᠰᠢᠨᠵᠢᠯᠡᠭᠡᠨ᠂ ᠳᠡᠭᠡᠳᠦ ᠰᠤᠷᠭ᠋ᠠᠭᠤᠯᠢ᠂ ᠡᠷᠳᠡᠮ᠎ᠤᠨ ᠴᠣᠯᠠ ᠵᠢᠨ ᠪᠠᠶ᠋ᠢᠭᠤᠯᠤᠯᠲᠠ ᠵᠡᠷᠭᠡ ᠵᠦᠢ᠍ᠯᠡᠰ᠎ᠢ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠲᠣᠰ ᠪᠦᠷᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠳᠠᠯᠢ ᠱᠠᠲᠤᠨ᠎ᠤ ᠡᠳ᠋᠎ᠤᠨ ᠵᠠᠰᠠᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶ᠋ᠢᠭᠤᠯᠤᠮᠵᠢ ᠵᠢᠨ ᠡᠭᠦᠷᠭᠡᠯᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ; ᠠᠶ᠋ᠢᠮᠠᠭ ᠬᠤᠲᠠ ᠵᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠬᠠᠷᠢᠶ᠎ᠠ ᠪᠠᠶ᠋ᠢᠭᠤᠯᠤᠮᠵᠢ ᠵᠢᠨ ᠡᠭᠦᠷᠭᠡᠯᠡᠬᠦ ᠵᠦᠢ᠍ᠯᠡᠰ᠎ᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠥᠪᠡᠷᠲᠡᠭᠡᠨ ᠵᠠᠰᠠᠬᠤ ᠣᠷᠣᠨ ᠬᠢᠭᠡᠳ ᠰᠢᠶᠠᠩᠭ᠋ᠠᠩ ᠣᠣᠮᠧᠨ ᠲᠠᠶ᠋ᠢᠸᠠᠨᠯᠤᠭᠠ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠪᠤᠰᠤᠳ ᠵᠢᠭᠰᠠᠭ᠋ᠠᠭ᠋ᠠᠳᠤᠢ ᠵᠦᠢ᠍ᠯᠡᠰ᠎ᠲᠤ᠂ ᠥᠭᠡᠷᠡᠴᠢᠯᠡᠯᠲᠡ ᠵᠢᠨ ᠶᠡᠷᠦᠩᠬᠡᠢ ᠱᠠᠭ᠋ᠠᠷᠳᠠᠯᠭ᠎ᠠ ᠪᠠ ᠵᠦᠢ᠍ᠯᠡᠰ᠎ᠤᠨ ᠣᠨᠴᠠᠯᠢᠭ ᠶᠣᠰᠣᠭ᠋ᠠᠷ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠢ ᠲᠣᠭᠲᠠᠭ᠋ᠠᠨ᠎ᠠ᠃
ᠬᠤᠶᠠᠷ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠂ ᠨᠢᠭᠲᠠ ᠵᠣᠬᠢᠴᠠᠯᠳᠤᠨ ᠬᠠᠮᠵᠢᠯᠴᠠᠵᠤ᠂ ᠬᠢᠨᠠᠨ ᠬᠠᠮᠢᠶᠠᠷᠴᠤ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠂ ᠥᠭᠡᠷᠡᠴᠢᠯᠡᠯᠲᠡ ᠵᠢᠨ ᠠᠵᠢᠯ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠥᠭᠡᠷᠡᠴᠢᠯᠡᠯᠲᠡ᠎ᠳᠤ ᠲᠣᠭᠲᠠᠭ᠋ᠠᠭᠰᠠᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠦᠨᠳᠦᠰᠦᠯᠡᠨ᠂ ᠲᠥᠰᠥᠪ᠎ᠢ ᠵᠦᠢ ᠵᠣᠬᠢᠰᠲᠠᠢ ᠲᠣᠬᠢᠷᠠᠭᠤᠯᠵᠤ᠂ ᠪᠡᠯᠡ ᠮᠥᠩᠭᠦ ᠵᠢ ᠴᠠᠭ ᠲᠤᠬᠠᠢᠳᠤᠨᠢ ᠪᠠᠭᠤᠯᠭ᠋ᠠᠵᠤ᠂ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠤᠨ᠂ ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠵᠠᠷᠤᠯᠭ᠎ᠠ ᠵᠢᠨ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠬᠡᠷᠡᠭᠵᠢᠭᠦᠯᠬᠦ ᠲᠥᠰᠥᠯ ᠵᠶ᠋ᠠᠷ ᠯᠠᠪᠯᠠᠯᠲᠠ ᠪᠣᠯᠭ᠋ᠠᠵᠤ᠂ ᠠᠶ᠋ᠢᠮᠠᠭ ᠬᠤᠲᠠ ᠵᠢᠨ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠪᠠᠶ᠋ᠢᠭᠤᠯᠤᠯ ᠵᠡᠷᠭᠡ ᠪᠣᠳᠠᠲᠠᠢ᠎ᠲᠠᠢ᠎ᠪᠠᠨ ᠤᠶᠠᠯᠳᠤᠭᠤᠯᠤᠨ᠂ ᠠᠶ᠋ᠢᠮᠠᠭ ᠬᠤᠲᠠ ᠵᠢᠨ ᠱᠠᠲᠤᠨ᠎ᠠᠴᠠ ᠳᠣᠷᠣᠭᠰᠢᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠢ ᠵᠣᠬᠢᠰᠲᠠᠢ ᠬᠤᠪᠢᠶᠠᠷᠢᠯᠠᠵᠤ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡᠯᠡᠬᠦ᠎ᠳᠤ ᠲᠣᠬᠢᠷᠠᠬᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠵᠠᠷᠤᠯᠭ᠎ᠠ ᠵᠢᠨ ᠬᠠᠷᠢᠭᠤᠴᠠᠯᠭ᠎ᠠ ᠵᠢ ᠠᠶ᠋ᠢᠮᠠᠭ ᠬᠤᠲᠠ ᠡᠭᠦᠷᠭᠡᠯᠡᠵᠦ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠬᠡᠲᠦ ᠤᠯᠠᠨ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠬᠦ᠎ᠠᠴᠠ ᠵᠠᠶ᠋ᠢᠯᠠᠰᠬᠢᠬᠦ ᠬᠡᠷᠡᠭᠲᠡᠢ᠃
ᠲᠣᠰ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 11 ᠳ᠋ᠦ᠍ᠭᠡᠷ ᠰᠠᠷ᠎ᠠ ᠵᠢᠨ 21᠎ᠤ ᠡᠳᠦᠷ ᠳᠠᠷᠤᠮᠠᠯᠯᠠᠨ ᠲᠠᠷᠬᠠᠭ᠋ᠠᠪᠠ