ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠣᠳᠣᠷ ᠪᠢᠴᠢᠭ ᠰᠤᠳᠤᠯᠬᠤ ᠲᠠᠰᠤᠭ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠳᠠᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠷᠤᠭ᠎ᠤᠨ ᠲᠡᠭᠦᠪᠦᠷᠢ》 ᠵᠢ ᠡᠮᠬᠢᠳᠬᠡᠨ ᠲᠦᠯᠦᠪᠯᠡᠵᠦ ᠦᠢ᠍ᠯᠡᠳᠬᠦ ᠦᠢ᠍ᠯᠡᠴᠢᠯᠡᠭᠡᠨ᠎ᠤ ᠳᠠᠭ᠋ᠠᠭ᠋ᠠᠴᠢᠯᠠᠯᠲᠠ ᠣᠯᠤᠭᠰᠠᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-10-25

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ 2023 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨᠡᠬᠢ 9᠄ 30᠎ᠳᠤ ᠦᠷᠢᠰᠦᠯᠳᠦᠭᠡᠨᠲᠦ ᠴᠢᠨᠠᠷᠲᠠᠶ ᠬᠡᠯᠡᠯᠴᠡᠭᠡᠷ᠎ᠤᠨ ᠬᠡᠯᠪᠡᠷᠢ᠎ᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠩᠭᠣᠳᠠᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠷᠤᠭ᠎ᠤᠨ ᠲᠡᠭᠦᠪᠦᠷᠢ》 ᠵᠢ ᠡᠮᠬᠢᠳᠬᠡᠨ ᠲᠥᠯᠥᠪᠯᠡᠵᠦ ᠦᠢ᠍ᠯᠡᠳᠬᠦ ᠦᠢ᠍ᠯᠡᠴᠢᠯᠡᠭᠡᠨ᠎ᠤ ᠲᠥᠷᠥᠯ ᠵᠥᠢ᠍ᠯ᠎ᠳᠤ ᠳᠠᠭ᠋ᠠᠭ᠋ᠠᠴᠢᠯᠠᠯᠲᠠ ᠰᠢᠯᠭ᠋ᠠᠷᠠᠭᠤᠯᠪᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠣᠯᠪᠣᠭᠳᠠᠯ ᠪᠦᠬᠦᠢ ᠲᠣᠭᠲᠠᠭ᠋ᠠᠯ ᠶᠣᠰᠤᠭ᠋ᠠᠷ᠂ ᠬᠡᠯᠡᠯᠴᠡᠭᠡᠷ ᠬᠢᠬᠦ ᠳᠤᠭᠤᠶ᠋ᠢᠯᠠᠩ᠎ᠤᠨ ᠬᠢᠨᠠᠨ ᠲᠣᠭᠲᠠᠭ᠋ᠠᠭᠰᠠᠨ᠎ᠢ ᠦᠨᠳᠦᠰᠦᠯᠡᠵᠦ᠂ ᠤᠳᠤ ᠬᠣᠯᠪᠣᠭᠳᠠᠯ ᠪᠦᠬᠦᠢ ᠪᠠᠶ᠋ᠢᠳᠠᠯ᠎ᠢ ᠳᠣᠣᠷᠠᠬᠢ ᠮᠡᠲᠦ ᠵᠠᠷᠯᠠᠶ᠎ᠠ᠄
       ᠨᠢᠭᠡ᠂ ᠳᠠᠭ᠋ᠠᠭ᠋ᠠᠴᠢᠯᠠᠯᠲᠠ ᠣᠯᠤᠭᠰᠠᠨ ᠮᠡᠳᠡᠭᠡ ᠵᠠᠩᠭᠢ
      ᠳᠠᠭ᠋ᠠᠭ᠋ᠠᠴᠢᠯᠠᠯᠲᠠ ᠣᠯᠤᠭᠰᠠᠨ ᠨᠢᠭᠡᠴᠢ᠄ ᠥᠪᠥᠷ ᠮᠣᠩᠭᠣᠯ᠎ᠤᠨ ᠵᠢᠷᠤᠭᠲᠤ ᠰᠣᠨᠢᠨ᠎ᠤ ᠬᠣᠷᠢᠶ᠎ᠠ
      ᠳᠠᠭ᠋ᠠᠭ᠋ᠠᠴᠢᠯᠠᠭᠰᠠᠨ ᠵᠣᠭᠣᠰ᠎ᠤᠨ ᠲᠣᠭ᠎ᠠ᠄ ᠠᠷᠪᠠ ᠶᠢᠰᠦᠨ ᠲᠦᠮᠡ ᠶᠢᠰᠦᠨ ᠮᠢᠩᠭ᠎ᠠ ᠪᠦᠬᠦᠯᠢ (199000.00 ᠲᠥᠭᠥᠷᠢᠭ) 
      ᠬᠣᠶᠠᠷ᠂ ᠠᠯᠪᠠᠨ ᠵᠠᠷᠯᠠᠯ᠎ᠤᠨ ᠬᠤᠭᠤᠴᠠᠭ᠎ᠠ
      ᠲᠤᠰ ᠠᠯᠪᠠᠨ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 3 ᠠᠵᠢᠯᠯᠠᠬᠤ ᠡᠳᠦᠷ 
       ᠭᠤᠷᠪᠠ᠂ ᠬᠠᠷᠢᠯᠴᠠᠬᠤ ᠠᠷᠭ᠎ᠠ ᠬᠡᠯᠪᠡᠷᠢ
      ᠲᠤᠰ ᠤᠳᠠᠭ᠋ᠠᠨ᠎ᠤ ᠠᠯᠪᠠᠨ ᠵᠠᠷᠯᠠᠯ᠎ᠤᠨ ᠠᠭᠤᠯᠭ᠎ᠠ ᠵᠢᠨ ᠲᠣᠬᠠᠢ ᠠᠰᠠᠭᠤᠬᠤ ᠭᠡᠪᠡᠯ ᠳᠣᠣᠷᠠᠬᠢ ᠠᠷᠭ᠎ᠠ ᠬᠡᠯᠪᠡᠷᠢ᠎ᠪᠠᠷ ᠬᠠᠷᠢᠯᠴᠠᠭ᠋ᠠᠷᠠᠢ᠃
      ᠬᠠᠷᠢᠯᠴᠠᠬᠤ ᠬᠥᠮᠦᠨ᠄ ᠴᠡᠪᠡᠷ
      ᠳ᠋ᠢᠶᠠᠩᠬᠤᠸᠠ᠄ 0471 - 6944873
       ᠴᠠᠭ᠄ ᠦᠳᠡ ᠵᠢᠨ ᠡᠮᠦᠨᠡᠬᠢ 9᠄ 00 - 12᠄ 00; ᠦᠳᠡ ᠵᠢᠨ ᠬᠣᠢ᠌ᠨᠠᠬᠢ 14᠄ 30 - 17᠄ 30
       ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ (ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ  ᠬᠦᠷᠢᠶᠡᠨ᠎ᠤ 7 ᠳ᠋ᠤᠭ᠋ᠠᠷ ᠠᠰᠠᠷ)
     

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠣᠳᠣᠷ ᠪᠢᠴᠢᠭ ᠰᠤᠳᠤᠯᠬᠤ ᠲᠠᠰᠤᠭ                                                                         2023 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ

 

 


            ᠣᠷᠴᠢᠭᠤᠯᠤᠭᠴᠢ᠄ ᠰᠠᠴᠤᠷᠠᠯ
             ᠬᠢᠨᠠᠨ ᠨᠠᠢ᠌ᠷᠠᠭᠤᠯᠤᠭᠴᠢ᠄  ᠠᠳᠢᠶ᠎ᠠ   ᠰᠠᠴᠤᠷᠠᠯ
             ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ