ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠸᠠᠩ ᠰᠢᠤᠸᠠᠢ ᠳ᠋ᠦᠩ ᠨᠦᠬᠦᠷ᠎ᠢ ᠲᠤᠰᠢᠶᠠᠯ᠎ᠳᠤ ᠲᠣᠮᠢᠯᠠᠬᠤ ᠲᠤᠰᠢᠶᠠᠯ᠎ᠠᠴᠠ ᠪᠠᠭᠤᠯᠭ᠋ᠠᠬᠤ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-12-21

      ᠦᠪᠦᠷ ᠮᠣᠩᠭᠣᠯ᠎ᠤᠨ ᠦᠨᠳᠦᠰᠦᠳᠡᠨ᠎ᠤ ᠵᠦᠪᠯᠡᠯ᠎ᠤᠨ ᠨᠠᠮ᠎ᠤᠨ ᠤᠳᠤᠷᠢᠳᠬᠤ ᠲᠤᠭᠤᠢ᠌ᠯᠠᠩ ᠲᠠᠷᠬᠠᠭ᠋ᠠᠭᠰᠠᠨ[2023]94 ᠲᠣᠭ᠋ᠠᠲᠤ
 

ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠵᠦᠪᠯᠡᠯ᠎ᠤᠨ ᠡᠯ᠎ᠡ ᠬᠠᠷᠢᠶ᠎ᠠ ᠨᠢᠭᠡᠴᠢ᠄
      ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠨᠠᠮ᠎ᠤᠨ ᠲᠤᠭᠤᠢ᠌ᠯᠠᠩ᠎ᠠᠴᠠ ᠰᠤᠳᠤᠯᠤᠨ ᠲᠤᠭᠳᠠᠭ᠋ᠠᠭᠰᠠᠨ᠎ᠨᠢ᠄    
      ᠸᠠᠩ ᠰᠢᠤᠸᠠᠢ ᠳ᠋ᠦᠩ ᠨᠦᠬᠦᠷ᠎ᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠬᠠᠷᠢᠶ᠎ᠠ ᠠᠵᠢᠯ ᠤᠢ᠌ᠯᠠᠰ᠎ᠤᠨ ᠨᠢᠭᠡᠴᠢ ᠪᠣᠯᠬᠤ ᠦᠪᠦᠷ ᠮᠤᠩᠭᠤᠯ᠎ᠤᠨ ᠤᠷᠤᠨ ᠨᠤᠳᠤᠭ᠎ᠤᠨ ᠦᠨᠳᠦᠰᠦᠳᠡᠨ᠎ᠤ ᠬᠡᠯᠡ ᠪᠢᠴᠢᠭ ᠰᠡᠳᠬᠦᠯ᠎ᠤᠨ ᠬᠤᠷᠢᠶᠠᠨ᠎ᠤ ᠬᠤᠷᠢᠶᠠᠨ ᠲᠠᠷᠤᠭ᠎ᠠ (ᠶᠡᠷᠤᠩᠭᠡᠢ ᠨᠠᠢ᠌ᠷᠠᠭᠤᠯᠤᠭᠴᠢ) ᠵᠢᠨ ᠲᠤᠰᠢᠶᠠᠯ (ᠲᠤᠷᠰᠢᠨ ᠭᠡᠷᠡᠭᠯᠡᠬᠦ ᠬᠤᠭᠤᠴᠠᠭ᠎ᠠ ᠨᠢᠭᠡ ᠵᠢᠯ )᠎ᠳᠤ ᠤᠷᠢᠨ ᠲᠣᠮᠢᠯᠠᠬᠤ᠎ᠪᠠᠷ ᠪᠣᠯᠪᠠ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠬᠠᠷᠢᠶ᠎ᠠ ᠠᠵᠢᠯ ᠤᠢ᠌ᠯᠠᠰ᠎ᠤᠨ ᠨᠢᠭᠡᠴᠢ ᠪᠣᠯᠬᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ  ᠤᠷᠤᠨ ᠨᠤᠳᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠦᠪ (ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠶᠡᠷᠦᠩᠬᠡᠢ ᠪᠠᠳᠤᠯᠠᠭ᠋ᠠᠨ᠎ᠤ ᠲᠦᠪ)᠎ᠤᠨ ᠲᠡᠳ᠋ ᠡᠷᠬᠢᠯᠡᠭᠴᠢ ᠵᠢᠨ ᠲᠤᠰᠢᠶᠠᠯ᠎ᠠᠴᠠ ᠪᠠᠭᠤᠯᠭ᠋ᠠᠵᠤ᠂ ᠲᠤᠰᠢᠶᠠᠯ᠎ᠳᠤ ᠲᠣᠮᠢᠯᠠᠬᠤ ᠪᠠᠭᠤᠯᠭ᠋ᠠᠬᠤ ᠴᠠᠭ᠎ᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠪᠠᠲᠤᠯᠠᠭᠰᠠᠨ ᠴᠠᠭ (2023 ᠤᠨ᠎ᠤ11 ᠳ᠋ᠦ᠍ᠭᠡᠷ ᠰᠠᠷ᠎ᠠ ᠵᠢᠨ 2᠎ᠤᠨ ᠡᠳᠤᠷ)᠎ᠠᠴᠠ ᠡᠬᠢᠯᠡᠵᠤ ᠪᠤᠳᠤᠨ᠎ᠠ᠃

      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠤᠨ ᠨᠠᠮ᠎ᠤᠨ ᠤᠳᠤᠷᠢᠳᠬᠤ ᠲᠤᠭᠤᠢ᠌ᠯᠠᠩ                   

                     2023 ᠤᠨ᠎ᠤ 11 ᠳ᠋ᠦ᠍ᠭᠡᠷ ᠰᠠᠷ᠎ᠠ ᠵᠢᠨ 20᠎ᠤ ᠡᠳᠤᠷ

 

 

          ᠣᠷᠴᠢᠭᠤᠯᠤᠭᠴᠢ᠄ ᠨᠠᠷᠠᠩᠭᠣᠸ᠎ᠠ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)