ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠤᠯᠠᠨ ᠲᠦᠷᠤᠯ᠎ᠤᠨ ᠦᠰᠦᠭ ᠪᠢᠴᠢᠭ᠎ᠢ ᠬᠠᠪᠰᠤᠷᠭ᠋ᠠᠭᠰᠠᠨ ᠲᠤᠮᠳᠠᠳᠤ ᠵᠢᠨ ᠡᠷᠳᠡᠨ᠎ᠤ ᠰᠤᠳᠤᠷ ᠪᠢᠴᠢᠭ᠎ᠤᠨ ᠵᠢᠷᠤᠭᠳᠤ ᠲᠤᠯᠢ》 ᠵᠢ ᠡᠯᠰᠡᠨ ᠴᠤᠭᠯᠠᠭᠤᠯᠵᠤ ᠡᠮᠬᠢᠳᠬᠡᠨ ᠨᠠᠢ᠌ᠷᠠᠭᠤᠯᠬᠤ ᠲᠥᠷᠥᠯ ᠵᠥᠢ᠍ᠯ᠎ᠤᠨ ᠦᠷᠢᠰᠦᠯᠳᠦᠭᠡᠨ᠎ᠤ ᠴᠢᠨᠠᠷᠲᠠᠢ ᠬᠡᠯᠡᠯᠴᠡᠭᠡᠷ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-11-20

      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ ᠦᠷᠢᠰᠦᠯᠳᠦᠭᠡᠨ᠎ᠤ ᠴᠢᠨᠠᠷᠲᠠᠢ ᠭᠡᠯᠡᠯᠴᠡᠭᠡᠷ᠎ᠤᠨ ᠭᠡᠯᠪᠡᠷᠢ᠎ᠪᠠᠷ 《ᠤᠯᠠᠨ ᠲᠦᠷᠤᠯ᠎ᠤᠨ ᠦᠰᠦᠭ ᠪᠢᠴᠢᠭ᠎ᠢ ᠬᠠᠪᠰᠤᠷᠭ᠋ᠠᠭᠰᠠᠨ ᠲᠤᠮᠳᠠᠳᠤ ᠵᠢᠨ ᠡᠷᠳᠡᠨ᠎ᠤ ᠰᠤᠳᠤᠷ ᠪᠢᠴᠢᠭ᠎ᠤᠨ ᠵᠢᠷᠤᠭᠳᠤ ᠲᠤᠯᠢ》 ᠵᠢ ᠡᠯᠰᠡᠨ ᠴᠤᠭᠯᠠᠭᠤᠯᠵᠤ ᠡᠮᠬᠢᠳᠬᠡᠨ ᠨᠠᠢ᠌ᠷᠠᠭᠤᠯᠬᠤ ᠲᠥᠷᠥᠯ ᠵᠥᠢ᠍ᠯ᠎ᠢ ᠬᠤᠳᠠᠯᠳᠤᠨ ᠠᠪᠬᠤ᠎ᠪᠠᠷ ᠪᠤᠢ᠂ ᠬᠢᠷᠢ ᠭᠡᠮ᠎ᠤᠨ ᠨᠦᠬᠦᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠨᠡᠷ᠎ᠡ ᠮᠡᠳᠡᠬᠦᠯᠵᠤ ᠤᠷᠤᠯᠴᠠᠬᠤ ᠵᠢ ᠪᠠᠶᠠᠷᠯᠡᠨ ᠤᠭᠳᠤᠵᠤ ᠪᠠᠢ᠌ᠨ᠎ᠠ᠃
      ᠨᠢᠭᠡ᠂ ᠲᠥᠷᠥᠯ ᠵᠥᠢ᠍ᠯ᠎ᠤᠨ ᠲᠤᠢ᠌ᠮᠤᠴᠢᠯᠡᠯ
      1. ᠲᠥᠷᠥᠯ ᠵᠥᠢ᠍ᠯ᠎ᠤᠨ ᠦᠨᠳᠦᠰᠤᠨ ᠪᠠᠢ᠌ᠳᠠᠯ
       ᠲᠥᠷᠥᠯ ᠵᠥᠢ᠍ᠯ᠎ᠤᠨ ᠨᠡᠷ᠎ᠡ᠄ 《ᠤᠯᠠᠨ ᠲᠦᠷᠤᠯ᠎ᠤᠨ ᠦᠰᠦᠭ ᠪᠢᠴᠢᠭ᠎ᠢ ᠬᠠᠪᠰᠤᠷᠭ᠋ᠠᠭᠰᠠᠨ ᠲᠤᠮᠳᠠᠳᠤ ᠵᠢᠨ ᠡᠷᠳᠡᠨ᠎ᠤ ᠰᠤᠳᠤᠷ ᠪᠢᠴᠢᠭ᠎ᠤᠨ ᠵᠢᠷᠤᠭᠳᠤ ᠲᠤᠯᠢ》 ᠵᠢ ᠡᠯᠰᠡᠨ ᠴᠤᠭᠯᠠᠭᠤᠯᠵᠤ ᠡᠮᠬᠢᠳᠬᠡᠨ ᠨᠠᠢ᠌ᠷᠠᠭᠤᠯᠬᠤ ᠲᠥᠷᠥᠯ ᠵᠥᠢ᠍ᠯ
       ᠬᠤᠳᠠᠯᠳᠤᠨ ᠠᠪᠬᠤ ᠭᠡᠯᠪᠡᠷᠢ᠄ ᠦᠷᠢᠰᠦᠯᠳᠦᠭᠡᠨ᠎ᠤ ᠴᠢᠨᠠᠷᠲᠠᠢ ᠭᠡᠯᠡᠯᠴᠡᠭᠡᠷ
      2. ᠬᠤᠳᠠᠯᠳᠤᠨ ᠠᠪᠬᠤ ᠱᠠᠭ᠋ᠠᠷᠳᠠᠯᠭ᠎ᠠ 
       ᠳᠠᠷᠠᠭ᠋ᠠᠯᠠᠯ ᠨᠣᠮᠸᠷ᠄ 1
      ᠲᠥᠷᠥᠯ ᠵᠥᠢ᠍ᠯ᠎ᠤᠨ ᠨᠡᠷ᠎ᠡ᠄ 《ᠤᠯᠠᠨ ᠲᠦᠷᠤᠯ᠎ᠤᠨ ᠦᠰᠦᠭ ᠪᠢᠴᠢᠭ᠎ᠢ ᠬᠠᠪᠰᠤᠷᠭ᠋ᠠᠭᠰᠠᠨ ᠲᠤᠮᠳᠠᠳᠤ ᠵᠢᠨ ᠡᠷᠳᠡᠨ᠎ᠤ ᠰᠤᠳᠤᠷ ᠪᠢᠴᠢᠭ᠎ᠤᠨ ᠵᠢᠷᠤᠭᠳᠤ ᠲᠤᠯᠢ》 ᠵᠢ ᠡᠯᠰᠡᠨ ᠴᠤᠭᠯᠠᠭᠤᠯᠵᠤ ᠡᠮᠬᠢᠳᠬᠡᠨ ᠨᠠᠢ᠌ᠷᠠᠭᠤᠯᠬᠤ ᠲᠥᠷᠥᠯ ᠵᠥᠢ᠍ᠯ
       ᠲᠤᠭ᠎ᠠ ᠭᠡᠮᠵᠢᠶ᠎ᠡ᠄ 1
       ᠲᠥᠷᠥᠯ ᠵᠥᠢ᠍ᠯ᠎ᠤᠨ ᠱᠠᠭ᠋ᠠᠷᠳᠠᠯᠭ᠎ᠠ᠄ ᠦᠷᠢᠰᠦᠯᠳᠦᠭᠡᠨ᠎ᠤ ᠴᠢᠨᠠᠷᠲᠠᠢ ᠭᠡᠯᠡᠯᠴᠡᠭᠡᠷ᠎ᠤᠨ ᠪᠢᠴᠢᠭ ᠮᠠᠲᠸᠷᠢᠶᠠᠯ᠎ᠠᠴᠠ ᠨᠠᠷᠢᠨ ᠤᠢ᠌ᠯᠠᠭ᠋ᠠᠭ᠋ᠠᠷᠠᠢ
       ᠲᠥᠰᠥᠪᠯᠡᠭᠰᠡᠨ ᠦᠨ᠎ᠡ᠄ 100.000.00
       ᠬᠤᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠭᠡᠮ᠎ᠤᠨ ᠱᠠᠭ᠋ᠠᠷᠳᠠᠯᠭ᠎ᠠ
      1. 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ》 ᠵᠢᠨ ᠬᠤᠷᠢᠨ ᠬᠤᠶᠠᠳᠤᠭ᠋ᠠᠷ ᠵᠤᠷᠪᠤᠰ᠎ᠲᠤ ᠲᠤᠭᠳᠠᠭ᠋ᠠᠭᠰᠠᠨ ᠨᠦᠬᠦᠴᠡᠯ᠎ᠢ ᠪᠦᠷᠢᠯᠳᠦᠭᠦᠯᠦᠭᠰᠡᠨ ᠪᠠᠢ᠌ᠬᠤ;
      (1) ᠪᠡᠶ᠎ᠡ᠎ᠪᠠᠨ ᠳᠠᠭ᠋ᠠᠭ᠋ᠠᠵᠤ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
      (2) ᠨᠡᠯᠢᠶᠡᠳ ᠰᠠᠢ᠌ᠨ ᠬᠤᠳᠠᠯᠳᠤᠭ᠋ᠠᠨ᠎ᠤ ᠢᠳᠡᠭᠡᠯ ᠪᠤᠯᠤᠨ ᠪᠦᠷᠢᠨ ᠲᠡᠬᠦᠯᠳᠡᠷ ᠡᠳ᠋᠎ᠤᠨ ᠶᠠᠪᠤᠳᠠᠯ ᠨᠢᠭ᠍ᠳᠡᠯᠡᠨ ᠪᠤᠳᠤᠬᠤ ᠲᠦᠷᠢᠮ᠎ᠲᠠᠢ ᠪᠠᠢ᠌ᠬᠤ;
      (3) ᠭᠡᠷ᠎ᠡ ᠭᠦᠢ᠍ᠴᠠᠳᠭᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ ᠪᠠ ᠬᠡᠪᠯᠡᠯ᠎ᠤᠨ ᠬᠢᠷᠢ ᠭᠡᠮ᠎ᠲᠠᠢ ᠪᠠᠢ᠌ᠬᠤ;
      (4) ᠬᠠᠤᠯᠢ ᠶᠤᠰᠤᠭ᠋ᠠᠷ ᠭᠠᠢ᠌ᠯᠢ ᠲᠠᠲᠠᠪᠤᠷᠢ ᠪᠠ ᠪᠤᠯᠤᠨ ᠨᠡᠢ᠌ᠭᠡᠮ᠎ᠤᠨ ᠪᠠᠲᠤᠯᠠᠭ᠎ᠠ ᠵᠢᠨ ᠮᠦᠩᠬᠦ ᠲᠤᠰᠢᠶᠠᠭᠰᠠᠨ ᠰᠠᠢ᠌ᠨ ᠲᠡᠮᠳᠡᠭᠯᠡᠯ᠎ᠲᠠᠢ ᠪᠠᠢ᠌ᠬᠤ;
      (5) ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠤᠯᠴᠠᠭᠰᠠᠨ᠎ᠠᠴᠠ ᠡᠮᠤᠨᠡᠬᠢ ᠭᠤᠷᠪᠠᠨ ᠵᠢᠯ᠎ᠤᠨ ᠳᠣᠲᠤᠷ᠎ᠠ᠂ ᠡᠵᠡᠩᠨᠡᠯᠳᠡ ᠵᠢᠨ ᠠᠵᠢᠯᠯᠠᠭ᠎ᠠ ᠲᠤᠮᠳᠠ ᠬᠠᠤᠯᠢ ᠵᠢ ᠬᠦᠨᠳᠦ ᠨᠣᠴᠢᠲᠠᠢ ᠵᠦᠷᠢᠴᠡᠭᠰᠡᠨ ᠲᠡᠮᠳᠡᠭᠯᠡᠯ ᠦᠭᠡᠢ ᠪᠠᠢ᠌ᠬᠤ;
      (6) ᠬᠠᠤᠯᠢ ᠴᠠᠭ᠋ᠠᠵᠠ ᠵᠠᠰᠠᠭ ᠵᠠᠬᠢᠷᠭ᠋ᠠᠨ᠎ᠤ ᠬᠠᠥᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠨᠦᠬᠦᠴᠡᠯ᠎ᠳᠤ ᠨᠡᠢ᠌ᠴᠡᠭᠰᠡᠨ ᠪᠠᠢ᠌ᠬᠤ;
       2. ᠢᠳᠡᠭᠡᠮᠵᠢᠳᠤ ᠲᠤᠮᠳᠠᠳᠤ ᠤᠯᠤᠰ ᠰᠦᠯᠵᠢᠶ᠎ᠡ (www.creditchina.gov.cn) ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ᠎ᠳᠤ ᠢᠳᠡᠭᠡᠯ ᠠᠯᠳᠠᠭᠰᠠᠨ ᠭᠦᠢ᠍ᠴᠡᠳᠭᠡᠭᠴᠢ ᠪᠣᠯᠤᠭᠰᠠᠳ᠂ ᠭᠠᠢ᠌ᠯᠢ ᠲᠠᠲᠠᠪᠤᠷᠢ ᠵᠢᠨ ᠬᠠᠤᠯᠢ ᠵᠢ ᠬᠦᠨᠳᠦ ᠨᠤᠴᠢᠲᠠᠢ ᠵᠦᠷᠢᠴᠡᠭᠰᠡᠨ ᠭᠡᠷᠡᠭ᠎ᠤᠨ ᠲᠤᠬᠠᠢ ᠵᠢᠨ ᠬᠦᠮᠤᠨ᠎ᠤ ᠨᠡᠷᠡᠰ᠎ᠲᠤ ᠣᠷᠤᠭᠰᠠᠳ᠂ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ ᠵᠢ ᠬᠦᠨᠳᠤ ᠨᠣᠴᠢᠲᠠᠢ ᠵᠦᠷᠢᠴᠡᠵᠤ ᠢᠳᠡᠭᠡᠯ ᠠᠯᠳᠠᠭᠰᠠᠨ ᠦᠢ᠍ᠯᠡ ᠠᠵᠢᠯᠯᠠᠭ᠎ᠠ᠎ᠲᠠᠢ ᠬᠦᠮᠦᠰ᠎ᠤᠨ ᠨᠡᠷᠡᠰ᠎ᠲᠤ ᠲᠡᠮᠳᠡᠭᠯᠡᠭᠦᠯᠦᠭᠰᠡᠳ ᠵᠢᠴᠢ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ》 ᠵᠢᠨ ᠬᠤᠷᠢᠨ ᠬᠤᠶᠠᠳᠤᠭ᠋ᠠᠷ ᠵᠤᠷᠪᠤᠰ᠎ᠲᠤ ᠲᠤᠭᠳᠠᠭ᠋ᠠᠭᠰᠠᠨ ᠨᠦᠬᠦᠴᠡᠯ᠎ᠳᠤ ᠨᠡᠢ᠌ᠴᠡᠬᠦ ᠦᠭᠡᠢ ᠬᠠᠩᠭ᠋ᠠᠯᠭ᠎ᠠ ᠵᠢᠨ ᠬᠤᠳᠠᠯᠳᠤᠭ᠋ᠠᠴᠢᠨ ᠵᠠᠰᠠᠭ᠎ᠤᠨ  ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠤᠷᠤᠯᠴᠠᠵᠤ ᠪᠤᠯᠬᠤ ᠦᠭᠡᠢ;      3. ᠡᠷᠭᠡᠪᠰᠢ ᠪᠦᠬᠦᠢ ᠯᠠ ᠴᠤᠭᠴᠠ᠎ᠪᠠᠷ᠎ᠨᠢ  ᠳᠠᠠᠭ᠋ᠠᠴᠢᠯᠠᠬᠤ ᠵᠢ ᠱᠠᠭ᠋ᠠᠷᠳᠠᠨ᠎ᠠ;
      4. ᠲᠤᠰ ᠲᠥᠷᠥᠯ ᠵᠥᠢ᠍ᠯ᠎ᠨᠢ ᠬᠠᠮᠲᠤᠷᠠᠨ ᠳᠠᠭ᠋ᠠᠭ᠋ᠠᠴᠢᠯᠠᠬᠤ ᠵᠢ ᠵᠦᠪᠰᠢᠶᠡᠷᠡᠬᠦ ᠦᠭᠡᠢ;
      ᠭᠤᠷᠪᠠ᠂ ᠬᠤᠳᠠᠯᠳᠤᠨ ᠠᠪᠬᠤ ᠪᠢᠴᠢᠭ ᠮᠠᠲᠸᠷᠢᠶᠠᠯ᠎ᠢ ᠭᠠᠷᠳᠠᠬᠤ ᠴᠠᠭ᠂  ᠭᠠᠵᠠᠷ᠂ ᠠᠷᠭ᠎ᠠ ᠭᠡᠯᠪᠡᠷᠢ
      ᠲᠡᠭᠡᠷ᠎ᠡ ᠲᠤᠷᠠᠳᠤᠭᠰᠠᠨ ᠨᠦᠬᠦᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ 2023 ᠤᠨ᠎ᠤ 11 ᠳ᠋ᠦ᠍ᠭᠡᠷ ᠰᠠᠷ᠎ᠠ ᠵᠢᠨ10᠎ᠤ ᠡᠳᠤᠷ᠎ᠠᠴᠠ 16᠎ᠤ ᠡᠳᠤᠷ᠎ᠤᠨ ᠠᠵᠢᠯᠯᠠᠬᠤ ᠡᠳᠦᠷ᠎ᠤᠨ ᠦᠳᠡ ᠵᠢᠨ ᠡᠮᠤᠨᠡᠬᠢ 9 ᠴᠠᠭ᠎ᠠᠴᠠ 12 ᠴᠠᠭ᠎ᠤᠨ ᠬᠣᠭᠤᠷᠤᠨᠳᠤ᠂ ᠦᠳᠡ ᠵᠢᠨ ᠬᠤᠢ᠌ᠨᠠᠬᠢ 2 ᠴᠠᠭ 30 ᠮᠢᠨᠦ᠋ᠲ᠎ᠠᠴᠠ 5 ᠴᠠᠭ 30 ᠮᠢᠨᠦ᠋ᠲ ᠵᠢᠨ ᠬᠣᠭᠤᠷᠤᠨᠳᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠬᠡᠬᠤᠳᠡ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠤᠮᠸᠷᠳᠤ ᠬᠦᠷᠢᠶᠡᠨ᠎ᠤ 7 ᠳ᠋ᠤᠭ᠋ᠠᠷ ᠠᠰᠠᠷ᠎ᠤᠨ 513 ᠳ᠋ᠤᠭ᠋ᠠᠷ ᠲᠠᠰᠤᠭ᠎ᠲᠤ ᠬᠦᠷᠴᠤ ᠨᠡᠷ᠎ᠡ ᠮᠡᠳᠡᠬᠦᠯᠬᠦ ᠮᠠᠲᠸᠷᠢᠶᠠᠯ ᠵᠶ᠋ᠠᠨ ᠲᠤᠰᠢᠶᠠᠭ᠋ᠠᠷᠠᠢ᠃ ᠠᠩᠬᠠᠨ᠎ᠤ ᠬᠢᠨᠠᠯᠳᠡ᠎ᠳᠤ ᠬᠢᠷᠢ ᠲᠡᠩᠴᠡᠩᠰᠡᠨ᠎ᠤ ᠳᠠᠷᠠᠭ᠎ᠠ᠂ 《ᠨᠡᠷ᠎ᠡ ᠮᠡᠳᠡᠬᠦᠯᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠲᠠᠩᠰᠠᠯᠠᠭᠤᠯᠬᠤ ᠬᠦᠰᠦᠨᠦᠭ》᠎ᠢ ᠲᠠᠭᠯᠠᠵᠤ᠂ ᠨᠡᠷ᠎ᠡ ᠮᠡᠳᠡᠬᠦᠯᠦᠭᠰᠡᠨ ᠬᠢᠨᠠᠨ ᠪᠠᠢ᠌ᠴᠠᠭ᠋ᠠᠯᠳᠡ᠎ᠳᠤ ᠬᠢᠷᠢ ᠲᠡᠩᠴᠡᠭᠰᠡᠨ ᠬᠠᠩᠭ᠋ᠠᠯᠭ᠎ᠠ ᠵᠢᠨ  ᠬᠤᠳᠠᠯᠳᠤᠭ᠋ᠠᠴᠢᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ ᠬᠤᠳᠠᠯᠳᠤᠨ ᠠᠪᠬᠤ ᠪᠢᠴᠢᠭ ᠮᠠᠲᠸᠷᠢᠶᠠᠯ᠎ᠢ ᠭᠠᠷᠳᠠᠵᠤ ᠪᠣᠯᠤᠨ᠎ᠠ᠃
      ᠨᠡᠷ᠎ᠡ ᠮᠡᠳᠡᠬᠦᠯᠬᠦ᠎ᠳᠤ᠎ᠪᠠᠨ ᠨᠡᠷ᠎ᠡ ᠮᠡᠳᠡᠬᠦᠯᠦᠭᠴᠢ ᠲᠤᠤᠷᠠᠬᠢ ᠮᠠᠲᠸᠷᠢᠶᠠᠯ᠎ᠤᠨ ᠬᠠᠭᠤᠯᠪᠤᠷᠢ ᠵᠢ ᠬᠠᠩᠭ᠋ᠠᠬᠤ ᠬᠡᠷᠡᠭᠲᠡᠢ (ᠬᠠᠭᠤᠯᠪᠤᠷᠢ᠎ᠳᠤ ᠺᠤᠮᠫᠠᠨᠢ ᠵᠢᠨ ᠠᠯᠪᠠᠨ ᠲᠠᠮᠠᠭ᠎ᠠ ᠵᠢ ᠳᠠᠷᠤᠭᠰᠠᠨ ᠪᠠᠢ᠌ᠬᠤ ᠭᠡᠷᠡᠭᠳᠡᠢ᠂  ᠨᠢᠭᠡ ᠬᠡᠯᠪᠡᠷᠢ ᠵᠢᠨ ᠨᠢᠭᠡ ᠬᠤᠪᠢ᠂ ᠪᠠᠷᠢᠮᠵᠢᠶ᠎ᠠA4 ᠴᠠᠭ᠋ᠠᠰᠤ᠂  ᠴᠠᠪᠠᠥᠳᠤ ᠬᠡᠪᠯᠡᠯ)
      (1) ᠨᠡᠷ᠎ᠡ ᠮᠡᠳᠡᠬᠦᠯᠦᠭᠴᠢ  ᠪᠡᠶ᠎ᠡ ᠵᠢᠨ ᠦᠨᠡᠮᠯᠡᠯ᠎ᠤᠨ ᠤᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠎ᠪᠠᠨ ᠬᠠᠩᠭ᠋ᠠᠨ᠎ᠠ;
      (2) ᠨᠡᠷ᠎ᠡ ᠮᠡᠳᠡᠭᠦᠯᠦᠭᠴᠢ ᠬᠠᠤᠯᠢ ᠵᠢᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂ ᠺᠤᠮᠫᠠᠨᠢ ᠵᠢᠨ ᠲᠠᠮᠠᠭ᠎ᠠ᠎ᠲᠠᠢ 《ᠡᠷᠭᠡ ᠤᠯᠭᠤᠭᠰᠠᠨ ᠨᠠᠢ᠌ᠳᠡᠯᠭ᠎ᠠ ᠵᠢᠨ ᠪᠢᠴᠢᠭ》᠎ᠢ ᠬᠠᠩᠭ᠋ᠠᠨ᠎ᠠ;
      (3) ᠬᠦᠴᠦᠨ᠎ᠲᠠᠢ ᠪᠦᠭᠡᠳ ᠳᠠᠭ᠋ᠠᠭ᠋ᠠᠴᠢᠯᠠᠯᠠᠲᠠ ᠬᠦᠯᠢᠶᠡᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠳᠡ ᠵᠢᠨ ᠦᠨᠡᠮᠯᠡᠯ᠎ᠤᠨ ᠪᠠᠭᠤᠯᠭ᠋ᠠᠪᠤᠷᠢ ᠳᠡᠪᠲᠡᠷ᠎ᠢ ᠬᠠᠩᠭ᠋ᠠᠨ᠎ᠠ;
      (4) ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠤᠯᠴᠠᠭᠰᠠᠨ ᠡᠮᠤᠨᠡᠬᠢ ᠭᠤᠷᠪᠠᠨ ᠵᠢᠯ᠎ᠤᠨ ᠳᠣᠲᠤᠷ᠎ᠠ ᠡᠵᠡᠩᠨᠡᠯᠳᠡ ᠵᠢᠨ ᠠᠵᠢᠯᠯᠠᠭ᠎ᠠ ᠲᠤᠮᠳᠠ ᠬᠠᠤᠯᠢ ᠵᠢ ᠬᠦᠨᠳᠦ ᠨᠣᠴᠢᠲᠠᠢ ᠵᠦᠷᠢᠴᠡᠭᠰᠡᠨ ᠲᠡᠮᠳᠡᠭᠯᠡᠯ ᠦᠭᠡᠢ ᠭᠡᠰᠡᠨ ᠭᠡᠷᠡᠴᠢᠯᠡᠭᠡ ᠵᠢ ᠬᠠᠩᠭ᠋ᠠᠨ᠎ᠠ᠃
      (5) ᠢᠳᠡᠭᠡᠮᠵᠢᠳᠤ ᠲᠤᠮᠳᠠᠳᠤ ᠤᠯᠤᠰ ᠰᠦᠯᠵᠢᠶ᠎ᠡ (www.creditchina.gov.cn) ᠪᠤᠯᠤᠨ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠳᠡᠭᠡᠷ᠎ᠡ᠎ᠠᠴᠠ ᠪᠠᠢ᠌ᠴᠠᠭ᠋ᠠᠨ ᠯᠠᠪᠯᠠᠭᠰᠠᠨ (ᠢᠳᠡᠭᠡᠯ ᠠᠯᠳᠠᠭᠰᠠᠨ ᠭᠦᠢ᠍ᠴᠡᠳᠭᠡᠭᠴᠢ᠂ ᠭᠠᠢ᠌ᠯᠢ ᠲᠠᠲᠠᠪᠤᠷᠢ ᠵᠢᠨ ᠬᠠᠤᠯᠢ ᠵᠢ ᠵᠦᠷᠢᠴᠡᠭᠰᠡᠨ ᠬᠦᠨᠳᠦ ᠶᠡᠬᠡ ᠭᠡᠷᠡᠭ᠎ᠤᠨ ᠲᠤᠬᠠᠢ ᠵᠢᠨ ᠬᠦᠮᠤᠨ᠎ᠤ ᠨᠡᠷᠡᠰ᠂ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠢ ᠵᠦᠷᠢᠴᠡᠭᠰᠡᠨ ᠢᠳᠡᠭᠡᠯ ᠠᠯᠳᠠᠭᠰᠠᠨ ᠠᠵᠢᠯᠯᠠᠭ᠋ᠠᠨ᠎ᠤ ᠲᠡᠮᠳᠡᠭᠯᠡᠯ᠎ᠤᠨ ᠨᠡᠷᠡᠰ᠎ᠢ ᠪᠠᠢ᠌ᠴᠠᠭ᠋ᠠᠨ ᠯᠠᠪᠯᠠᠭᠰᠠᠨ ᠪᠠᠢ᠌ᠬᠤ ᠭᠡᠷᠡᠭᠳᠡᠢ) ᠲᠡᠮᠳᠡᠭᠯᠡᠯ᠎ᠢ ᠬᠠᠩᠭ᠋ᠠᠨ᠎ᠠ᠃
      ᠲᠦᠷᠪᠡ᠂ ᠳᠠᠭ᠋ᠠᠭ᠋ᠠᠴᠢᠯᠠᠯᠠᠲᠠ ᠬᠦᠯᠢᠶᠡᠬᠦ ᠮᠠᠲᠸᠷᠢᠶᠠᠯ ᠲᠤᠰᠢᠶᠠᠬᠤ ᠡᠴᠦᠰ᠎ᠤᠨ ᠴᠠᠭ᠂ ᠲᠠᠭ᠋ᠠᠭ᠋ᠠᠴᠢᠯᠠᠯᠳᠡ ᠵᠠᠷᠯᠠᠬᠤ ᠡᠬᠢᠯᠡᠬᠦ ᠴᠠᠭ᠂ ᠭᠠᠵᠠᠷ
      1. ᠳᠠᠭ᠋ᠠᠭ᠋ᠠᠴᠢᠯᠠᠯᠠᠲᠠ ᠬᠦᠯᠢᠶᠡᠬᠦ ᠮᠠᠲᠸᠷᠢᠶᠠᠯ ᠲᠤᠰᠢᠶᠠᠬᠤ ᠡᠴᠦᠰ᠎ᠤᠨ ᠴᠠᠭ᠄ 2023 ᠤᠨ᠎ᠤ 11 ᠳ᠋ᠦ᠍ᠭᠡᠷ ᠰᠠᠷ᠎ᠠ ᠵᠢᠨ16᠎ᠤ ᠦᠳᠡ ᠵᠢᠨ ᠬᠤᠢ᠌ᠨᠠᠬᠢ17᠄ 00 ᠴᠠᠭ᠃
      2. ᠳᠠᠭ᠋ᠠᠭ᠋ᠠᠴᠢᠯᠠᠯᠲᠠ ᠬᠦᠯᠢᠶᠡᠬᠦ ᠭᠠᠵᠠᠷ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠬᠡᠬᠤᠳᠡ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠤᠮᠸᠷᠳᠤ ᠬᠦᠷᠢᠶᠡᠨ᠎ᠤ 7 ᠳ᠋ᠤᠭ᠋ᠠᠷ ᠠᠰᠠᠷ᠎ᠤᠨ513 ᠳ᠋ᠤᠭ᠋ᠠᠷ ᠲᠠᠰᠤᠭ᠃
      3. ᠲᠠᠭ᠋ᠠᠭ᠋ᠠᠴᠢᠯᠠᠯᠳᠡ ᠨᠡᠢ᠌ᠲᠡᠯᠡᠬᠦ ᠴᠠᠭ᠄ 2023 ᠤᠨ᠎ᠤ11 ᠳ᠋ᠦ᠍ᠭᠡᠷ ᠰᠠᠷ᠎ᠠ ᠵᠢᠨ17᠎ᠤ ᠡᠳᠦᠷ᠎ᠤᠨ ᠦᠳᠡ ᠵᠢᠨ ᠡᠮᠤᠨᠡᠭᠢ 10 ᠴᠠᠭ 30 ᠮᠢᠨᠦ᠋ᠲ᠃
      4. ᠲᠠᠭ᠋ᠠᠭ᠋ᠠᠴᠢᠯᠠᠯᠳᠡ ᠨᠡᠢ᠌ᠲᠡᠯᠡᠬᠦ ᠭᠠᠵᠠᠷ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠬᠡᠬᠤᠳᠡ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠤᠮᠸᠷᠳᠤ ᠬᠦᠷᠢᠶᠡᠨ᠎ᠤ 7 ᠳ᠋ᠤᠭ᠋ᠠᠷ ᠠᠰᠠᠷ᠎ᠤᠨ 513  ᠳ᠋ᠤᠭ᠋ᠠᠷ ᠲᠠᠰᠤᠭ
       ᠲᠠᠪᠤ᠂ ᠬᠠᠷᠢᠯᠴᠠᠬᠤ ᠠᠷᠭ᠎ᠠ
       ᠬᠤᠳᠠᠯᠳᠤᠨ ᠠᠪᠤᠭᠴᠢ ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ  ᠪᠢᠴᠢᠭ ᠰᠤᠳᠤᠯᠬᠤ ᠲᠠᠰᠤᠭ
       ᠬᠠᠶᠢᠭ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠬᠡᠬᠤᠳᠡ ᠵᠢᠨ ᠰᠢᠨᠬᠤᠸᠠ ᠶᠡᠭᠡ ᠵᠡᠭᠡᠯᠢ ᠵᠢᠨ 63 ᠳ᠋ᠤᠭ᠋ᠠᠷ ᠨᠤᠮᠸᠷᠳᠤ ᠬᠦᠷᠢᠶᠡᠨ᠎ᠤ 7 ᠳ᠋ᠤᠭ᠋ᠠᠷ ᠠᠰᠠᠷ᠎ᠤᠨ 513 ᠳ᠋ᠤᠭ᠋ᠠᠷ ᠲᠠᠰᠤᠭ
       ᠬᠠᠷᠢᠯᠴᠠᠬᠤ ᠬᠦᠮᠤᠨ᠄ ᠯᠢ ᠠᠪᠬᠠᠢ    ᠰᠸ ᠠᠪᠬᠠᠢ
       ᠤᠳᠠᠰᠤ᠄ 0471 —6611832   19847101900
                      

          ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠴᠦᠭᠡᠨ ᠲᠤᠭ᠋ᠠᠳᠤ ᠦᠨᠳᠦᠰᠦᠳᠡᠨ᠎ᠤ ᠰᠤᠳᠤᠷ ᠪᠢᠴᠢᠭ ᠰᠤᠳᠤᠯᠬᠤ ᠲᠠᠰᠤᠭ
                                       2023 ᠤᠨ᠎ᠤ 11 ᠳ᠋ᠦ᠍ᠭᠡᠷ ᠰᠠᠷ᠎ᠠ ᠵᠢᠨ 9᠎ᠤ ᠡᠳᠤᠷ
      
   

            ᠣᠷᠴᠢᠭᠤᠯᠤᠭᠴᠢ᠄ ᠨᠠᠷᠠᠨᠭᠤᠸ᠎ᠠ
             ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
            ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ