ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠦᠷ ᠮᠤᠩᠭᠤᠯ᠎ᠤᠨ ᠥᠪᠡᠷᠳᠡᠬᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ 2023 ᠤᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢᠨ ᠡᠪᠦᠯ᠎ᠤᠨ ᠤᠯᠠᠷᠢᠯ᠎ᠤᠨ ᠠᠵᠢᠯᠯᠠᠭ᠎ᠠ ᠵᠢᠨ ᠲᠥᠷᠥᠯ ᠵᠦᠢᠯ᠎ᠢ ᠬᠡᠷᠡᠭᠵᠢᠭᠦᠯᠬᠦ ᠲᠤᠬᠠᠢ ᠥᠷᠢᠰᠥᠯᠳᠦᠭᠡᠨ᠎ᠤ ᠴᠢᠨᠠᠷᠲᠠᠶ ᠬᠡᠯᠡᠯᠴᠡᠬᠡᠷ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2023-12-02

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ ᠲᠣᠰ ᠤᠳᠠᠭ᠎ᠠ ᠥᠷᠢᠰᠥᠯᠳᠦᠭᠡᠨ᠎ᠤ ᠴᠢᠨᠠᠷᠲᠠᠶ ᠬᠡᠯᠡᠯᠴᠡᠬᠡᠷ ᠬᠢᠬᠦ ᠠᠷᠭ᠎ᠠ ᠬᠡᠯᠪᠡᠷᠢ᠎ᠪᠠᠷ 2023 ᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢᠨ ᠡᠪᠦᠯ᠎ᠤᠨ ᠤᠯᠠᠷᠢᠯ᠎ᠤᠨ ᠠᠵᠢᠯᠯᠠᠭ᠎ᠠ ᠵᠢᠨ ᠲᠥᠷᠥᠯ ᠵᠦᠢᠯ᠎ᠢ ᠬᠤᠳᠠᠯᠳᠤᠨ ᠠᠪᠬᠤ᠎ᠪᠠᠷ ᠪᠣᠢ᠂ ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠨᠡᠷ᠎ᠡ ᠮᠡᠳᠡᠭᠦᠯᠦᠨ ᠣᠷᠤᠯᠴᠠᠬᠤ ᠵᠢ ᠤᠷᠢᠵᠤ ᠪᠠᠢ᠌ᠨ᠎ᠠ᠃
      ᠨᠢᠬᠡ᠂ ᠲᠦᠷᠦᠯ ᠵᠤᠢ᠌ᠯ᠎ᠤᠨ ᠲᠦᠢ᠍ᠮᠦᠴᠢᠯᠡᠯ
      1. ᠲᠦᠷᠦᠯ ᠵᠦᠢᠯ᠎ᠤᠨ ᠨᠡᠷᠡᠢ᠌ᠳᠦᠯ᠄ 2023 ᠣᠨ᠎ᠤ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠲᠥᠯᠥᠪᠯᠡᠭᠡ ᠵᠢᠨ ᠡᠪᠦᠯ᠎ᠤᠨ ᠤᠯᠠᠷᠢᠯ᠎ᠤᠨ ᠠᠵᠢᠯᠯᠠᠭ᠎ᠠ ᠵᠢᠨ ᠲᠥᠷᠥᠯ ᠵᠦᠢᠯ
      2. ᠠᠭᠤᠯᠭ᠎ᠠ ᠵᠢᠨ ᠪᠠᠢ᠌ᠳᠠᠯ

       ᠬᠣᠶᠠᠷ᠂ ᠳᠠᠭ᠋ᠠᠭ᠋ᠠᠴᠢᠯᠠᠯᠲᠠ ᠥᠷᠢᠰᠥᠯᠳᠦᠭᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ 
      1. 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ;
      (1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
      (2) ᠨᠡᠯᠢᠶᠡᠳ ᠰᠠᠢ᠌ᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠢ᠌ᠬᠤ;

      (3) ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ; 
      (4) ᠬᠠᠤᠯᠢ ᠶᠣᠰᠣᠭ᠋ᠠᠷ ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠲᠤᠰᠢᠶᠠᠭᠰᠠᠨ ᠨᠡᠯᠢᠶᠡᠳ ᠰᠠᠢ᠍ᠢ᠍ᠨ ᠲᠡᠮᠳᠡᠭᠯᠡᠯ᠎ᠲᠠᠢ ᠪᠠᠢ᠌ᠬᠤ;

      (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠤᠯᠴᠠᠭᠰᠠᠨ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠢ᠌ᠬᠤ; 
      (6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠎ᠲᠤ ᠨᠡᠢ᠌ᠴᠡᠭᠰᠡᠨ ᠪᠠᠢ᠌ᠬᠤ;
      2. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠬᠡ ᠰᠦᠯᠵᠢᠶᠡᠨ ᠳᠡᠭᠡᠷ᠎ᠡ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠵᠢᠭᠰᠠᠭ᠋ᠠᠭᠳᠠᠭᠰᠠᠨ ᠵᠢᠴᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠤᠷᠪᠤᠰ᠎ᠲᠤ ᠲᠤᠭᠳᠠᠭ᠋ᠠᠭᠰᠠᠨ ᠨᠦᠬᠦᠴᠠᠯ᠎ᠳᠤ ᠥᠯᠥ ᠨᠡᠢ᠌ᠴᠡᠬᠦ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ;
      3. ᠡᠷᠬᠡᠪᠰᠢ ᠪᠦᠬᠦᠯᠢ᠎ᠪᠠᠷ ᠳᠠᠭ᠋ᠠᠭ᠋ᠠᠴᠢᠯᠠᠬᠤ᠎ᠪᠠᠷ ᠳᠠᠭ᠋ᠠᠭ᠋ᠠᠴᠢᠯᠠᠯᠲᠠ ᠦᠷᠢᠰᠦᠯᠳᠦᠬᠦ ᠵᠢ ᠱᠠᠭ᠋ᠠᠷᠳᠠᠨ᠎ᠠ; 
      4. ᠲᠤᠰ ᠲᠥᠷᠥᠯ ᠵᠦᠢ᠍ᠯ᠎ᠨᠢ ᠬᠠᠮᠳᠤᠷᠠᠨ ᠳᠠᠭ᠋ᠠᠭ᠋ᠠᠴᠢᠯᠠᠬᠤ ᠵᠢ ᠬᠦᠯᠢᠶᠡᠨ ᠠᠪᠬᠤ ᠦᠬᠡᠢ᠃ 
       ᠭᠤᠷᠪᠠ᠂ ᠬᠡᠯᠡᠯᠴᠡᠬᠡᠷ᠎ᠤᠨ ᠪᠢᠴᠢᠭ ᠮᠠᠲ᠋ᠧᠷᠢᠶᠠᠯ᠎ᠢ ᠭᠠᠷᠳᠠᠬᠤ ᠴᠠᠭ᠂ ᠭᠠᠵᠠᠷ᠂ ᠠᠷᠭ᠎ᠠ ᠬᠡᠯᠪᠡᠷᠢ
      ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ 2023 ᠣᠨ᠎ᠤ 11 ᠳ᠋ᠤᠬᠡᠷ ᠰᠠᠷ᠎ᠠ ᠵᠢᠨ 27᠎ᠤ ᠡᠳᠦᠷ᠎ᠠᠴᠠ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ ᠬᠦᠷᠳᠡᠯᠡᠬᠢ ᠠᠵᠢᠯ᠎ᠤᠨ ᠡᠳᠦᠷ᠎ᠤᠨ ᠡᠳᠦᠷ ᠪᠤᠯᠭ᠋ᠠᠨ᠎ᠤ ᠦᠳᠡ ᠵᠢᠨ ᠡᠮᠦᠨᠡᠬᠢ 9᠄ 00 —12᠄ 00 ᠴᠠᠭ᠂ ᠦᠳᠡ ᠵᠢᠨ ᠬᠣᠢ᠌ᠨᠠᠬᠢ 2᠄ 30 —5᠄ 30᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤᠨ ᠵᠦᠪᠯᠡᠯ᠎ᠤᠨ ᠦᠨᠳᠦᠰᠦᠳᠡᠨ᠎ᠤ ᠪᠦᠯᠬᠦᠮᠳᠡᠯ᠎ᠢ ᠠᠬᠢᠭᠤᠯᠬᠤ ᠭᠠᠵᠠᠷ (ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ)᠎ᠲᠤ ᠬᠦᠷᠴᠦ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ ᠵᠶ᠋ᠠᠨ ᠲᠤᠰᠢᠶᠠᠨ᠎ᠠ᠂ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ 《ᠨᠡᠷ᠎ᠡ ᠮᠡᠳᠡᠭᠦᠯᠦᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠳᠠᠩᠰᠠᠯᠠᠬᠤ ᠬᠦᠰᠦᠨᠦᠭᠲᠦ》 ᠵᠢ ᠳᠠᠭᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤ ᠵᠦᠪᠯᠡᠯ᠎ᠠᠴᠠ ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠢ ᠭᠠᠷᠳᠠᠵᠤ ᠪᠣᠯᠤᠨ᠎ᠠ᠃ ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ ᠳᠣᠤᠷ᠎ᠠ ᠵᠢᠭᠰᠠᠭ᠋ᠠᠭᠰᠠᠨ ᠮᠠᠲ᠋ᠧᠷᠢᠶᠠᠯ᠎ᠤᠨ ᠬᠠᠭᠤᠯᠪᠤᠷᠢ (ᠬᠠᠭᠤᠯᠪᠤᠷᠢᠯᠭᠰᠠᠨ ᠮᠠᠲᠸᠷᠢᠶᠡᠯ᠎ᠳᠤ᠎ᠪᠠᠨ ᠺᠣᠮᠫᠠᠨᠢ ᠵᠢᠨ ᠠᠯᠪᠠᠨ ᠲᠠᠮᠠᠭ᠎ᠠ ᠵᠢ ᠳᠠᠷᠤᠵᠤ᠂ ᠨᠢᠭᠡ ᠬᠡᠯᠪᠡᠷᠢ ᠵᠢᠨ ᠭᠤᠷᠪᠠᠨ ᠬᠤᠪᠢ᠂ ᠪᠠᠷᠢᠮᠵᠢᠶᠠᠳᠤ A4 ᠴᠠᠭ᠋ᠠᠰᠤ)  ᠵᠢ ᠬᠠᠩᠭ᠋ᠠᠬᠤ ᠬᠡᠷᠡᠭᠳᠡᠢ᠄
      (1) ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ ᠵᠶ᠋ᠠᠨ ᠦᠵᠡᠬᠦᠯᠬᠦ ᠵᠢᠨ ᠬᠠᠮᠳᠤ ᠬᠠᠭᠤᠯᠪᠤᠷᠢ ᠵᠢ᠎ᠨᠢ ᠬᠠᠩᠭ᠋ᠠᠨ᠎ᠠ;
      (2) ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ》᠎ᠢ ᠬᠠᠩᠭ᠋ᠠᠨ᠎ᠠ; 
      (3) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠠᠯᠪᠠᠨ ᠲᠠᠮᠠᠭ᠎ᠠ ᠵᠢ ᠳᠠᠷᠤᠭᠰᠠᠨ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;
      (4) ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠠᠯᠪᠠᠨ ᠲᠠᠮᠠᠭ᠎ᠠ ᠳᠠᠷᠤᠭᠰᠠᠨ ᠬᠦᠴᠦᠨ ᠪᠦᠬᠦᠢ ᠬᠢᠷᠢ ᠭᠡᠮ᠎ᠤᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠨ᠎ᠠ;
      (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠭᠰᠠᠨ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠰᠡᠨ ᠪᠢᠴᠢᠭ᠎ᠤᠨ ᠢᠯᠡᠷᠬᠡᠢ᠌ᠯᠡᠯᠲᠡ ᠬᠠᠩᠭ᠋ᠠᠨ᠎ᠠ;
      (6) 《ᠢᠳᠡᠬᠡᠮᠵᠢᠳᠤ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn)᠎ᠠᠴᠠ ᠢᠲᠡᠭᠡᠮᠵᠢ ᠪᠠᠢ᠌ᠴᠠᠭ᠋ᠠᠨ ᠯᠠᠪᠯᠠᠭᠰᠠᠨ ᠲᠡᠮᠳᠡᠭᠯᠡᠯ  (ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ)᠎ᠢ ᠪᠠᠢ᠌ᠴᠠᠭ᠋ᠠᠨ ᠯᠠᠪᠯᠠᠭᠰᠠᠨ ᠪᠠᠢ᠌ᠬᠤ ᠬᠡᠷᠡᠭᠲᠡᠢ᠃ 
      ᠳᠥᠷᠪᠡ᠂ ᠳᠠᠭ᠋ᠠᠭ᠋ᠠᠴᠢᠯᠠᠯᠲᠠ (ᠳᠠᠭ᠋ᠠᠯᠲᠠ) ᠵᠢᠨ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ ᠵᠢᠴᠢ ᠭᠠᠵᠠᠷ
      1. ᠳᠠᠭ᠋ᠠᠭ᠋ᠠᠴᠢᠯᠠᠯᠲᠠ (ᠳᠠᠭ᠋ᠠᠯᠲᠠ) ᠵᠢᠨ ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ ᠡᠴᠦᠰ᠎ᠤᠨ ᠴᠠᠭ᠄ 2023 ᠣᠨ᠎ᠤ 12  ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨᠡᠬᠢ 11 ᠴᠠᠭ 30 ᠮᠢᠨᠤᠢ᠍ᠲ᠃ 
      2. ᠳᠠᠭ᠋ᠠᠭ᠋ᠠᠴᠢᠯᠠᠯᠲᠠ ᠦᠷᠢᠰᠦᠯᠳᠦᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ
      3. ᠬᠡᠯᠡᠯᠴᠡᠬᠡᠷ ᠬᠢᠬᠦ ᠴᠠᠭ᠄ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠤᠨ 14 ᠴᠠᠭ 00 ᠮᠢᠨᠤᠢ᠍ᠲ
      4. ᠬᠡᠯᠡᠯᠴᠡᠬᠡᠷ ᠬᠢᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤ ᠵᠦᠪᠯᠡᠯ᠎ᠤᠨ ᠬᠤᠷᠠᠯ᠎ᠤᠨ ᠬᠡᠷ
      ᠲᠠᠪᠤ᠂ ᠬᠠᠷᠢᠯᠴᠠᠬᠤ ᠠᠷᠭ᠎ᠠ ᠬᠡᠯᠪᠡᠷᠢ 
      ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤ ᠵᠦᠪᠯᠡᠯ
      ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠨᠣᠮᠧᠷᠲᠤ ᠠᠰᠠᠷ᠎ᠤᠨ 3 ᠳ᠋ᠤᠭ᠋ᠠᠷ ᠳᠠᠪᠬᠤᠷᠭ᠎ᠠ
      ᠬᠠᠷᠢᠯᠴᠠᠬᠤ ᠬᠥᠮᠦᠨ᠄ ᠡᠤ ᠠᠪᠠᠬᠠᠶ 
      ᠬᠠᠷᠢᠯᠴᠠᠬᠤ ᠤᠳᠠᠰᠤ᠄ 0471 - 6611202   
                
                     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ᠎ᠤ ᠵᠦᠪᠯᠡᠯ                      
                                 2023 ᠣᠨ᠎ᠤ 11 ᠳ᠋ᠤᠬᠡᠷ ᠰᠠᠷ᠎ᠠ ᠵᠢᠨ 27᠎ᠤ ᠡᠳᠦᠷ


          ᠣᠷᠴᠢᠭᠤᠯᠤᠭᠴᠢ᠄ ᠤᠶᠤᠨᠰᠡᠴᠡᠨ
          ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ