ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ》 ᠰᠡᠳᠬᠦᠯ᠎ᠢ ᠲᠥᠰᠥᠪᠯᠡᠬᠦ ᠦᠢᠯᠡᠳᠬᠦ ᠪᠠ ᠨᠠᠢ᠌ᠷᠠᠭᠤᠯᠬᠤ ᠦᠢ᠍ᠯᠡᠴᠢᠯᠡᠬᠡ ᠵᠢ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡᠷ ᠵᠢᠡᠷ ᠳᠠᠭ᠋ᠠᠭ᠋ᠠᠴᠢᠯᠠᠯᠲᠠ ᠵᠠᠷᠯᠠᠬᠤ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-03-07

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠭᠠᠵᠠᠷ᠎ᠠᠴᠠ 《ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ》 ᠰᠡᠳᠬᠦᠯ᠎ᠢ ᠲᠥᠰᠥᠪᠯᠡᠬᠦ ᠦᠢᠯᠡᠳᠬᠦ ᠪᠠ ᠨᠠᠢ᠌ᠷᠠᠭᠤᠯᠬᠤ ᠦᠢᠯᠡᠴᠢᠯᠡᠭᠡ ᠵᠢ ᠬᠤᠳᠠᠯᠳᠤᠨ ᠠᠪᠬᠤ᠎ᠪᠠᠷ ᠳᠥᠯᠦᠪᠯᠡᠵᠦ ᠪᠤᠢ᠂ ᠲᠤᠰ ᠦᠢ᠍ᠯᠡᠴᠢᠯᠡᠭᠡ ᠵᠢ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡᠷ᠎ᠤᠨ ᠠᠷᠭ᠎ᠠ ᠬᠡᠯᠪᠡᠷᠢ᠎ᠪᠠᠷ ᠬᠤᠳᠠᠯᠳᠤᠨ ᠠᠪᠤᠨ᠎ᠠ᠂ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠨᠡᠷ᠎ᠡ ᠮᠡᠳᠡᠭᠦᠯᠦᠨ ᠤᠷᠤᠯᠴᠠᠬᠤ ᠵᠢ ᠤᠷᠢᠵᠤ ᠪᠠᠢ᠌ᠨ᠎ᠠ᠃
      ᠨᠢᠭᠡ᠂ ᠲᠥᠷᠥᠯ ᠵᠦᠢ᠍ᠯ᠎ᠤᠨ ᠨᠡᠷᠡᠢ᠌ᠳᠦᠯ
      《ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ》 ᠰᠡᠳᠬᠦᠯ᠎ᠢ ᠲᠥᠰᠥᠪᠯᠡᠬᠦ ᠦᠢᠯᠡᠳᠬᠦ ᠪᠠ ᠨᠠᠢ᠌ᠷᠠᠭᠤᠯᠬᠤ ᠦᠢᠯᠡᠴᠢᠯᠡᠭᠡ
      ᠬᠣᠶᠠᠷ᠂ ᠪᠡᠯᠡ ᠮᠥᠩᠭᠥ ᠵᠢᠨ ᠢᠷᠡᠯᠲᠡ
      ᠡᠳ᠋᠎ᠤᠨ ᠵᠠᠰᠠᠭ᠎ᠤᠨ ᠪᠡᠯᠡ ᠮᠥᠩᠭᠥ᠂ ᠲᠤᠰ ᠤᠳᠠᠭ᠋ᠠᠨ᠎ᠤ ᠲᠥᠰᠦᠪ᠎ᠤᠨ ᠵᠣᠭᠣᠰ᠎ᠤᠨ ᠲᠣᠭ᠎ᠠ᠎ᠨᠢ ᠠᠷᠠᠳ᠎ᠤᠨ ᠵᠣᠭᠣᠰ 8 ᠲᠦᠮᠡᠨ ᠲᠥᠭᠥᠷᠢᠭ ᠵᠶ᠋ᠡᠷ ᠬᠢᠵᠠᠭ᠋ᠠᠷᠯᠠᠵᠤ᠂ ᠲᠥᠰᠦᠪ᠎ᠤᠨ ᠬᠢᠵᠠᠭ᠋ᠠᠷᠯᠠᠬᠤ ᠵᠣᠭᠣᠰ᠎ᠤᠨ ᠲᠣᠭ᠎ᠠ᠎ᠠᠴᠠ ᠬᠡᠲᠦᠷᠡᠭᠰᠡᠨ ᠤᠷᠤᠯᠴᠠᠬᠤ᠎ᠪᠠᠷ ᠮᠡᠳᠡᠭᠦᠯᠦᠭᠰᠡᠨ ᠪᠢᠴᠢᠭ ᠮᠠᠲ᠋ᠧᠷᠢᠶᠠᠯ᠎ᠢ ᠬᠦᠴᠦᠨ ᠦᠭᠡᠢ᠎ᠪᠠᠷ ᠲᠣᠭ᠋ᠠᠴᠠᠨ᠎ᠠ᠃
      ᠭᠤᠷᠪᠠ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠪᠦᠷᠢᠯᠳᠦᠭᠦᠯᠪᠡᠰᠦ ᠵᠣᠬᠢᠬᠤ ᠨᠥᠬᠥᠴᠡᠯ
      (ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
      (ᠬᠣᠶᠠᠷ) ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠭᠰᠠᠨ ᠪᠠᠢ᠌ᠬᠤ;
      (ᠭᠤᠷᠪᠠ) ᠬᠤᠳᠠᠯᠳᠤᠭ᠋ᠠᠨ᠎ᠤ ᠢᠲᠡᠭᠡᠯ ᠬᠦᠨᠳᠦ ᠰᠠᠢ᠌ᠨ ᠪᠠᠢ᠌ᠬᠤ ᠪᠥᠭᠡᠳ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠢ᠌ᠬᠤ;
      (ᠳᠦᠷᠪᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠢ᠌ᠬᠤ;
      (ᠲᠠᠪᠤ)  《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn) ᠪᠤᠶᠤ ᠡᠯ᠎ᠡ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠲᠤ ᠣᠷᠣᠭᠰᠠᠨ ᠦᠭᠡᠢ ᠪᠠᠢ᠌ᠬᠤ;
      (ᠵᠢᠷᠭᠤᠭ᠎ᠠ) ᠭᠡᠷ᠎ᠡ ᠵᠢ ᠭᠦᠢ᠍ᠴᠡᠳᠬᠡᠬᠦ᠎ᠳᠤ ᠡᠷᠬᠡᠪᠰᠢ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ;
      (ᠲᠤᠯᠤᠭ᠎ᠠ) ᠲᠤᠰ ᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠠᠮᠲᠤᠷᠠᠨ ᠳᠠᠭ᠋ᠠᠭ᠋ᠠᠴᠢᠯᠠᠬᠤ ᠵᠢ ᠬᠦᠯᠢᠶᠡᠨ ᠠᠪᠬᠤ ᠦᠭᠡᠢ;
      (ᠨᠠᠢ᠍ᠮᠠ) ᠭᠠᠭᠴᠠ ᠬᠦ᠌ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠰᠠᠶᠢ ᠦᠨ᠎ᠡ ᠮᠡᠳᠡᠭᠦᠯᠬᠦ᠎ᠳᠤ ᠣᠷᠣᠯᠴᠠᠵᠤ ᠪᠣᠯᠤᠨ᠎ᠠ᠃
      ᠳᠥᠷᠪᠡ᠂ ᠨᠡᠷ᠎ᠡ ᠮᠡᠳᠡᠭᠦᠯᠬᠦ᠎ᠳᠤ ᠠᠩᠬᠠᠷᠬᠤ ᠵᠦᠢᠯ
      ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠂ 2023 ᠣᠨ᠎ᠤ 3 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ 2023 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ ᠪᠣᠯᠲᠠᠯ᠎ᠠ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 ᠴᠠᠭ᠎ᠠᠴᠠ 12᠄ 00 ᠴᠠᠭ᠂ ᠦᠳᠡ ᠵᠢᠨ ᠬᠣᠢ᠌ᠨᠠᠬᠢ 2᠄ 30 ᠴᠠᠭ᠎ᠠᠴᠠ 5᠄ 00 ᠴᠠᠭ ᠪᠣᠯᠲᠠᠯ᠎ᠠ ᠲᠣᠰ ᠤᠳᠠᠭ᠋ᠠᠨ᠎ᠤ ᠥᠷᠢᠰᠥᠯᠳᠦᠭᠡᠨ᠎ᠤ ᠴᠢᠨᠠᠷ᠎ᠲᠠᠢ ᠬᠡᠯᠡᠯᠴᠡᠭᠡᠷ ᠬᠢᠬᠦ ᠮᠠᠲ᠋ᠧᠷᠢᠶᠠᠯ ᠵᠢᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 505 ᠳ᠋ᠤᠭ᠋ᠠᠷ ᠭᠡᠷ᠎ᠲᠤ ᠲᠤᠰᠢᠶᠠᠭ᠋ᠠᠷᠠᠶ᠃ ᠠᠵᠢᠯᠲᠠᠨ ᠠᠩᠬ᠎ᠠ ᠠᠯᠬᠤᠮ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠷᠳᠠᠮ᠎ᠢ ᠭᠦᠢᠴᠡᠳᠬᠡᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠣᠯᠭᠣᠨ᠎ᠠ᠃
      ᠨᠡᠷ᠎ᠡ ᠮᠡᠳᠡᠭᠦᠯᠬᠦ ᠦᠶᠡᠰ ᠳᠣᠤᠷᠠᠬᠢ ᠮᠠᠲ᠋ᠧᠷᠢᠶᠠᠯ᠎ᠢ ᠠᠪᠴᠢᠷᠠᠬᠤ ᠬᠡᠷᠡᠭᠲᠡᠶ᠄
      (1) ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ᠎ᠤᠨ ᠵᠶ᠋ᠠᠨ ᠣᠭ ᠡᠬᠡ ᠵᠢ ᠦᠵᠡᠭᠦᠯᠵᠦ᠂ ᠬᠠᠭᠤᠯᠪᠤᠷᠢ ᠵᠢ᠎ᠨᠢ ᠬᠠᠩᠭ᠋ᠠᠨ᠎ᠠ;
      (2) ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ᠎ᠲᠠᠢ 《ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ》᠎ᠢ ᠬᠠᠩᠭ᠋ᠠᠨ᠎ᠠ;
      (3) ᠳᠠᠭ᠋ᠠᠭ᠋ᠠᠴᠢᠯᠠᠯᠲᠠ᠎ᠳᠤ ᠣᠷᠣᠯᠴᠠᠬᠤ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠬᠦᠴᠦᠨ᠎ᠲᠠᠢ ᠡᠵᠡᠩᠨᠡᠯᠲᠡ ᠵᠢᠨ ᠦᠨᠡᠮᠯᠡᠯ᠎ᠤᠨ ᠳᠡᠳ᠋ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;
      (4) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠰᠡᠨ ᠢᠯᠡᠷᠬᠡᠢ᠌ᠯᠡᠯᠲᠡ ᠵᠢᠨ ᠪᠢᠴᠢᠭ᠎ᠢ ᠬᠠᠩᠭ᠋ᠠᠨ᠎ᠠ;
      (5)  《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ  (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠢ᠌ᠴᠠᠭ᠋ᠠᠨ ᠯᠠᠪᠯᠠᠭᠰᠠᠨ ᠲᠡᠮᠳᠡᠭᠯᠡᠯ (ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠢ ᠪᠠᠢ᠌ᠴᠠᠭ᠋ᠠᠨ ᠯᠠᠪᠯᠠᠭᠰᠠᠨ ᠪᠠᠢ᠌ᠬᠤ ᠬᠡᠷᠡᠭᠲᠡᠢ)᠃
      ᠲᠠᠪᠤ᠂ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠂ ᠭᠠᠵᠠᠷ
      ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠄ 2023 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠢ᠌ᠨᠠᠬᠢ 5᠄ 00;
      ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠄ 2023 ᠣᠨ᠎ᠤ 3 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨᠡᠬᠢ 10᠄ 30;
      ᠳᠠᠭ᠋ᠠᠭ᠋ᠠᠴᠢᠯᠠᠯᠲᠠ ᠨᠡᠢ᠌ᠳᠡᠯᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 512 ᠳ᠋ᠤᠭ᠋ᠠᠷ ᠬᠤᠷᠠᠯ᠎ᠤᠨ ᠬᠡᠷ᠃
      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ
      ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠭᠠᠵᠠᠷ
      ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠨᠣᠮᠧᠷᠲᠤ ᠠᠰᠠᠷ᠎ᠤᠨ 505 ᠳ᠋ᠤᠭ᠋ᠠᠷ ᠭᠡᠷ
      ᠬᠠᠷᠢᠯᠴᠠᠬᠤ ᠬᠥᠮᠦᠨ᠄ ᠲᠠ ᠠᠪᠤᠭ᠋ᠠᠢ
      ᠤᠲᠠᠰᠤ᠄ 0471 - 6946805   13789490046





              ᠣᠷᠴᠢᠭᠤᠯᠤᠭᠴᠢ᠄ ᠣᠶᠤᠨᠰᠡᠴᠡᠨ

              ᠬᠢᠨᠠᠨ ᠨᠠᠢ᠌ᠷᠠᠭᠤᠯᠤᠭᠴᠢ᠄ ᠠᠳᠢᠶ᠎ᠠ    ᠰᠠᠴᠤᠷᠠᠯ
              ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ