ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠭᠠᠵᠠᠷ᠎ᠠᠴᠠ 《ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ 〈ᠭᠡᠰᠡᠷ〉᠎ᠢ ᠬᠠᠮᠠᠭ᠋ᠠᠯᠠᠵᠤ ᠬᠡᠪᠯᠡᠭᠦᠯᠦᠭᠰᠡᠨ ᠠᠵᠢᠯ᠎ᠤᠨ 40 ᠵᠢᠯ᠎ᠤᠨ ᠠᠮᠵᠢᠯᠲᠠ ᠪᠦᠲᠦᠮᠵᠢ》 ᠭᠡᠬᠦ ᠲᠤᠰᠬᠠᠶ ᠰᠡᠳᠦᠪᠲᠦ ᠹᠢᠯᠢᠮ᠎ᠢ ᠰᠡᠭᠦᠳᠡᠷᠯᠡᠨ ᠰᠢᠩᠭᠡᠭᠡᠬᠦ ᠦᠢ᠍ᠯᠡᠴᠢᠯᠡᠬᠡ ᠵᠢ ᠬᠤᠳᠠᠯᠳᠤᠨ ᠠᠪᠬᠤ᠎ᠪᠠᠷ ᠲᠥᠯᠥᠪᠯᠡᠵᠦ ᠪᠠᠢ᠌ᠨ᠎ᠠ᠂ ᠲᠤᠰ ᠦᠢ᠍ᠯᠡᠴᠢᠯᠡᠭᠡ ᠵᠢ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡᠷ ᠬᠢᠬᠦ ᠠᠷᠭ᠎ᠠ ᠬᠡᠯᠪᠡᠷᠢ ᠵᠢ ᠬᠡᠷᠡᠭᠯᠡᠵᠦ᠂ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠨᠡᠷ᠎ᠡ ᠮᠡᠳᠡᠭᠦᠯᠵᠦ ᠣᠷᠣᠯᠴᠠᠬᠤ ᠵᠢ ᠤᠷᠢᠵᠤ ᠪᠠᠢ᠌ᠨ᠎ᠠ᠃
ᠨᠢᠭᠡ᠂ ᠲᠥᠷᠥᠯ ᠵᠦᠢ᠍ᠯ᠎ᠤᠨ ᠨᠡᠷᠡᠢ᠌ᠳᠦᠯ
《ᠥᠪᠥᠷ ᠮᠣᠩᠭᠣᠯ᠎ᠤᠨ ᠦᠨᠳᠦᠰᠦᠲᠡᠨ᠎ᠤ ᠰᠤᠳᠤᠷ ᠪᠢᠴᠢᠭ 〈ᠭᠡᠰᠡᠷ〉᠎ᠢ ᠬᠠᠮᠠᠭ᠋ᠠᠯᠡᠨ ᠬᠡᠪᠯᠡᠭᠦᠯᠦᠭᠰᠡᠨ ᠠᠵᠢᠯ᠎ᠤᠨ 40 ᠵᠢᠯ᠎ᠤᠨ ᠠᠮᠵᠢᠯᠲᠠ ᠪᠦᠳᠦᠮᠵᠢ》 ᠭᠡᠬᠦ ᠲᠤᠰᠬᠠᠶ ᠰᠡᠳᠦᠪᠲᠦ ᠹᠢᠯᠢᠮ᠎ᠢ ᠰᠡᠭᠦᠳᠡᠷᠯᠡᠨ ᠰᠢᠩᠭᠡᠭᠡᠬᠦ ᠦᠢᠯᠡᠴᠢᠯᠡᠭᠡ
ᠬᠣᠶᠠᠷ᠂ ᠪᠡᠯᠡ ᠮᠥᠩᠭᠥ ᠵᠢᠨ ᠢᠷᠡᠯᠲᠡ
ᠡᠳ᠋᠎ᠤᠨ ᠵᠠᠰᠠᠭ᠎ᠤᠨ ᠪᠡᠯᠡ ᠮᠥᠩᠭᠥ᠂ ᠲᠤᠰ ᠤᠳᠠᠭ᠋ᠠᠨ᠎ᠤ ᠲᠥᠰᠦᠪ᠎ᠢ ᠠᠷᠠᠳ᠎ᠤᠨ ᠵᠣᠭᠣᠰ 20 ᠲᠦᠮᠡᠨ ᠲᠥᠭᠥᠷᠢᠭ ᠵᠶ᠋ᠡᠷ ᠬᠢᠵᠠᠭ᠋ᠠᠷᠯᠠᠵᠤ᠂ ᠲᠤᠰ ᠬᠢᠵᠠᠭ᠋ᠠᠷᠯᠠᠭᠰᠠᠨ ᠵᠣᠭᠣᠰ᠎ᠤᠨ ᠲᠣᠭ᠎ᠠ᠎ᠠᠴᠠ ᠬᠡᠲᠦᠷᠡᠭᠰᠡᠨ ᠤᠷᠤᠯᠴᠠᠬᠤ᠎ᠪᠠᠷ ᠮᠡᠳᠡᠭᠦᠯᠦᠭᠰᠡᠨ ᠪᠢᠴᠢᠭ ᠮᠠᠲ᠋ᠧᠷᠢᠶᠠᠯ ᠬᠦᠴᠦᠨ ᠦᠭᠡᠢ᠃
ᠭᠤᠷᠪᠠ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠪᠦᠷᠢᠯᠳᠦᠭᠦᠯᠪᠡᠰᠦ ᠵᠣᠬᠢᠬᠤ ᠨᠥᠬᠥᠴᠡᠯ
(ᠨᠢᠭᠡ) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
(ᠬᠣᠶᠠᠷ) ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠳᠣᠭᠲᠠᠭ᠋ᠠᠯ᠎ᠢ ᠵᠢᠷᠤᠮᠯᠠᠨ ᠰᠠᠬᠢᠭᠰᠠᠨ ᠪᠠᠢ᠌ᠬᠤ;
(ᠭᠤᠷᠪᠠ) ᠬᠤᠳᠠᠯᠳᠤᠭ᠋ᠠᠨ᠎ᠤ ᠢᠲᠡᠭᠡᠯ ᠬᠦᠨᠳᠦ ᠰᠠᠢ᠌ᠨ ᠪᠠᠢ᠌ᠬᠤ ᠪᠥᠭᠡᠳ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠢ᠌ᠬᠤ;
(ᠳᠦᠷᠪᠡ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠢ᠌ᠬᠤ;
(ᠲᠠᠪᠤ) 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn) ᠪᠤᠶᠤ ᠡᠯ᠎ᠡ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠵᠢᠨ ᠨᠡᠷᠡᠰ᠎ᠲᠤ ᠣᠷᠤᠭᠰᠠᠨ ᠦᠬᠡᠢ ᠪᠠᠢ᠌ᠬᠤ;
(ᠵᠢᠷᠭᠤᠭ᠎ᠠ) ᠭᠡᠷ᠎ᠡ ᠵᠢ ᠭᠦᠢ᠍ᠴᠡᠳᠬᠡᠬᠦ᠎ᠳᠤ ᠡᠷᠬᠡᠪᠰᠢ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ;
(ᠲᠤᠯᠤᠭ᠎ᠠ) ᠲᠤᠰ ᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠠᠮᠲᠤᠷᠠᠨ ᠳᠠᠭ᠋ᠠᠭ᠋ᠠᠴᠢᠯᠠᠬᠤ ᠵᠢ ᠬᠦᠯᠢᠶᠡᠨ ᠠᠪᠬᠤ ᠦᠭᠡᠢ;
(ᠨᠠᠢ᠍ᠮᠠ) ᠭᠠᠭᠴᠠ ᠬᠦ᠌ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠰᠠᠶᠢ ᠦᠨ᠎ᠡ ᠮᠡᠳᠡᠭᠦᠯᠬᠦ᠎ᠳᠤ ᠣᠷᠣᠯᠴᠠᠵᠤ ᠪᠣᠯᠤᠨ᠎ᠠ᠃
ᠳᠥᠷᠪᠡ᠂ ᠨᠡᠷ᠎ᠡ ᠮᠡᠳᠡᠭᠦᠯᠬᠦ᠎ᠳᠤ ᠠᠩᠬᠠᠷᠬᠤ ᠵᠦᠢᠯ
ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠂ 2023 ᠣᠨ᠎ᠤ 3 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ 2023 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ ᠪᠣᠯᠲᠠᠯ᠎ᠠ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 ᠴᠠᠭ᠎ᠠᠴᠠ 12᠄ 00 ᠴᠠᠭ᠂ ᠦᠳᠡ ᠵᠢᠨ ᠬᠣᠢ᠌ᠨᠠᠬᠢ 2᠄ 30 ᠴᠠᠭ᠎ᠠᠴᠠ 5᠄ 00 ᠴᠠᠭ ᠪᠣᠯᠲᠠᠯ᠎ᠠ ᠲᠣᠰ ᠤᠳᠠᠭ᠋ᠠᠨ᠎ᠤ ᠥᠷᠢᠰᠥᠯᠳᠦᠭᠡᠨ᠎ᠤ ᠴᠢᠨᠠᠷᠲᠠᠢ ᠬᠡᠯᠡᠯᠴᠡᠭᠡᠷ ᠬᠢᠬᠦ ᠮᠠᠲ᠋ᠧᠷᠢᠶᠠᠯ ᠵᠢᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 505 ᠳ᠋ᠤᠭ᠋ᠠᠷ ᠭᠡᠷ᠎ᠲᠤ ᠲᠤᠰᠢᠶᠠᠭ᠋ᠠᠷᠠᠶ᠃ ᠠᠵᠢᠯᠲᠠᠨ ᠠᠩᠬ᠎ᠠ ᠠᠯᠬᠤᠮ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠷᠳᠠᠮ᠎ᠢ ᠭᠦᠢᠴᠡᠳᠬᠡᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠣᠯᠭᠣᠨ᠎ᠠ᠃
ᠨᠡᠷ᠎ᠡ ᠮᠡᠳᠡᠭᠦᠯᠬᠦ ᠦᠶᠡᠰ ᠳᠣᠤᠷᠠᠬᠢ ᠮᠠᠲ᠋ᠧᠷᠢᠶᠠᠯ᠎ᠢ ᠠᠪᠴᠢᠷᠠᠬᠤ ᠬᠡᠷᠡᠭᠲᠡᠶ᠄
(1) ᠨᠡᠷ᠎ᠡ ᠮᠡᠳᠡᠭᠦᠯᠦᠭᠴᠢ ᠠᠴᠠ ᠪᠡᠶ᠎ᠡ ᠵᠢᠨ ᠦᠨᠡᠮᠯᠡᠯ᠎ᠤᠨ ᠵᠶ᠋ᠡᠨ ᠣᠭ ᠡᠬᠡ ᠵᠢ ᠦᠵᠡᠭᠦᠯᠵᠦ᠂ ᠬᠠᠭᠤᠯᠪᠤᠷᠢ ᠵᠢ᠎ᠨᠢ ᠬᠠᠩᠭ᠋ᠠᠨ᠎ᠠ;
(2) ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ᠎ᠲᠠᠢ 《ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ》᠎ᠢ ᠲᠤᠰᠢᠶᠠᠨ᠎ᠠ;
(3) ᠳᠠᠭ᠋ᠠᠭ᠋ᠠᠴᠢᠯᠠᠯᠲᠠ᠎ᠳᠤ ᠣᠷᠣᠯᠴᠠᠬᠤ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠬᠦᠴᠦᠨ᠎ᠲᠠᠢ ᠡᠵᠡᠩᠨᠡᠯᠲᠡ ᠵᠢᠨ ᠦᠨᠡᠮᠯᠡᠯ᠎ᠤᠨ ᠳᠡᠳ᠋ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;
(4) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠲᠤᠮᠳᠠ ᠬᠠᠤᠯᠢ ᠵᠢ ᠬᠦᠨᠳᠦ ᠨᠤᠴᠢᠳᠠᠢ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠰᠡᠨ ᠢᠯᠡᠷᠬᠡᠢ᠌ᠯᠡᠯᠲᠡ ᠵᠢᠨ ᠪᠢᠴᠢᠭ᠎ᠢ ᠬᠠᠩᠭ᠋ᠠᠨ᠎ᠠ;
(5) 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠢ᠌ᠴᠠᠭ᠋ᠠᠨ ᠯᠠᠪᠯᠠᠭᠰᠠᠨ ᠲᠡᠮᠳᠡᠭᠯᠡᠯ (ᠡᠷᠬᠡᠪᠰᠢ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ᠎ᠠᠴᠠ ᠬᠦᠨᠳᠦ ᠨᠤᠴᠢᠳᠠᠢ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ᠎ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠳ᠎ᠤᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠢ ᠪᠠᠢ᠌ᠴᠠᠭ᠋ᠠᠨ ᠯᠠᠪᠯᠠᠬᠤ ᠬᠡᠷᠡᠭᠳᠡᠢ᠃)
ᠲᠠᠪᠤ᠂ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠂ ᠭᠠᠵᠠᠷ
ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠄ 2023 ᠣᠨ᠎ᠤ 3 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠢ᠌ᠨᠠᠬᠢ 5᠄ 00;
ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠄ 2023 ᠣᠨ᠎ᠤ 3 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨᠡᠬᠢ 9᠄ 30;
ᠳᠠᠭ᠋ᠠᠭ᠋ᠠᠴᠢᠯᠠᠯᠲᠠ ᠨᠡᠢ᠌ᠳᠡᠯᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 512 ᠳ᠋ᠤᠭ᠋ᠠᠷ ᠬᠤᠷᠠᠯ᠎ᠤᠨ ᠬᠡᠷ᠃
ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ
ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠭᠠᠵᠠᠷ
ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 505 ᠳ᠋ᠤᠭ᠋ᠠᠷ ᠭᠡᠷ
ᠬᠠᠷᠢᠯᠴᠠᠬᠤ ᠬᠥᠮᠦᠨ᠄ ᠸᠠᠩ ᠠᠪᠠᠬᠠᠶ
ᠤᠲᠠᠰᠤ᠄ 0471 - 6946805 15847189824
ᠣᠷᠴᠢᠭᠤᠯᠤᠭᠴᠢ᠄ ᠣᠶᠤᠨᠰᠡᠴᠡᠨ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ