ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ ᠦᠨ᠎ᠡ ᠯᠠᠪᠯᠠᠬᠤ ᠠᠷᠭ᠎ᠠ ᠬᠡᠯᠪᠡᠷᠢ᠎ᠪᠠᠷ ᠨᠠᠮ᠎ᠤᠨ ᠦᠨᠳᠦᠰᠦᠲᠡᠨ᠎ᠤ ᠣᠨᠣᠯ ᠲᠥ᠋ᠷᠥ ᠵᠢᠨ ᠪᠣᠳᠣᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶᠡᠨ ᠳᠡᠭᠡᠷᠡᠬᠢ ᠱᠠᠩᠨᠠᠯ᠎ᠳᠤ ᠥᠷᠢᠰᠥᠯᠳᠦᠨ ᠬᠠᠷᠢᠭᠤᠯᠬᠤ ᠠᠵᠢᠯᠯᠠᠭ᠎ᠠ ᠵᠢᠨ ᠲᠦᠷᠤᠯ ᠵᠦᠢ᠍ᠯ᠎ᠢ ᠬᠤᠳᠠᠯᠳᠤᠨ ᠠᠪᠴᠤ᠂ ᠬᠢᠷᠢ ᠬᠡᠮ᠎ᠤᠨ ᠨᠥᠬᠥᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠥᠷᠢᠰᠥᠯᠳᠦᠭᠴᠢ ᠨᠡᠷ᠎ᠡ ᠮᠡᠳᠡᠭᠦᠯᠦᠨ ᠣᠷᠣᠯᠴᠠᠬᠤ ᠵᠢ ᠤᠷᠢᠵᠤ ᠪᠤᠢ᠃
ᠨᠢᠭᠡ᠂ ᠲᠥᠷᠥᠯ ᠵᠦᠢ᠍ᠯ᠎ᠤᠨ ᠲᠣᠶ᠋ᠢᠮᠣᠴᠢᠯᠠᠯ
⒈ ᠨᠡᠷᠡᠶ᠋ᠢᠳᠦᠯ ᠬᠢᠭᠡᠳ ᠳ᠋ᠤᠭ᠋ᠠᠷᠯᠠᠯ
ᠲᠥᠷᠥᠯ ᠵᠦᠢ᠍ᠯ᠎ᠤᠨ ᠨᠡᠷᠡᠶ᠋ᠢᠳᠦᠯ᠄ ᠨᠠᠮ᠎ᠤᠨ ᠦᠨᠳᠦᠰᠦᠲᠡᠨ᠎ᠤ ᠣᠨᠣᠯ ᠲᠥ᠋ᠷᠥ ᠵᠢᠨ ᠪᠣᠳᠣᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶᠡᠨ ᠳᠡᠭᠡᠷᠡᠬᠢ ᠱᠠᠩᠨᠠᠯ᠎ᠳᠤ ᠥᠷᠢᠰᠥᠯᠳᠦᠨ ᠬᠠᠷᠢᠭᠤᠯᠬᠤ ᠠᠵᠢᠯᠯᠠᠭ᠎ᠠ ᠵᠢᠨ ᠲᠥᠷᠥᠯ ᠵᠦᠢ᠍ᠯ
ᠦᠨ᠎ᠡ ᠯᠠᠪᠯᠠᠬᠤ ᠪᠢᠴᠢᠭ ᠮᠠᠲ᠋ᠧᠷᠢᠶᠠᠯ᠎ᠤᠨ ᠳ᠋ᠤᠭ᠋ᠠᠷ᠄ NMW-ZCFG2301
⒉ ᠠᠭᠤᠯᠭ᠎ᠠ ᠵᠢᠨ ᠪᠠᠶ᠋ᠢᠳᠠᠯ
ᠲᠦᠷᠤᠯ ᠵᠤᠢ᠌ᠯ᠎ᠤᠨ ᠨᠡᠷᠡᠶ᠋ᠢᠳᠦᠯ᠄ ᠨᠠᠮ᠎ᠤᠨ ᠦᠨᠳᠦᠰᠦᠲᠡᠨ᠎ᠤ ᠣᠨᠤᠯ ᠳᠣᠢ᠍ᠷᠤ ᠵᠢᠨ ᠪᠤᠲᠣᠯᠭ᠎ᠠ ᠪᠠ ᠦᠨᠳᠦᠰᠦᠲᠡᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ ᠵᠢᠨ ᠰᠦᠯᠵᠢᠶᠡᠨ ᠳᠡᠭᠡᠷᠡᠬᠢ ᠱᠠᠩᠨᠠᠯᠲᠤ ᠥᠷᠢᠰᠦᠯᠳᠦᠨ ᠬᠠᠷᠢᠭᠤᠯᠬᠤ ᠠᠵᠢᠯᠯᠠᠭ᠎ᠠ ᠵᠢᠨ ᠲᠦᠷᠤᠯ ᠵᠦᠢ᠍ᠯ
ᠲᠣᠭ᠎ᠠ ᠬᠡᠮᠵᠢᠶ᠎ᠡ᠄ 1
ᠲᠦᠷᠤᠯ ᠵᠦᠢ᠍ᠯ᠎ᠤᠨ ᠱᠠᠭ᠋ᠠᠷᠳᠠᠯᠭ᠎ᠠ᠄ ᠦᠨ᠎ᠡ ᠯᠠᠪᠯᠠᠬᠤ ᠪᠢᠴᠢᠭ ᠮᠠᠲ᠋ᠧᠷᠢᠶᠠᠯ᠎ᠢ ᠨᠠᠷᠢᠪᠴᠢᠯᠠᠨ ᠦᠵᠡᠭᠡᠷᠡᠶ
ᠲᠥᠰᠥᠪᠯᠡᠭᠰᠡᠨ ᠵᠣᠭᠣᠰ᠎ᠤᠨ ᠲᠣᠭ᠎ᠠ᠄ ¥ 210,000.000 (ᠶᠤᠸᠠᠨ)
ᠳᠠᠭ᠋ᠠᠭ᠋ᠠᠴᠢᠯᠠᠯᠲᠠ ᠥᠷᠢᠰᠥᠯᠳᠦᠭᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ
1.《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠄
(1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠶ᠋ᠢᠬᠤ ᠬᠡᠷᠡᠭᠲᠡᠢ;
(2) ᠨᠡᠯᠢᠶᠡᠳ ᠰᠠᠢ᠍ᠢ᠍ᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠶ᠋ᠢᠬᠤ ᠬᠡᠷᠡᠭᠲᠡᠢ;
(3) ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠪᠠᠶ᠋ᠢᠬᠤ;
(4) ᠭᠠᠶ᠋ᠢᠯᠢ ᠲᠠᠲᠠᠪᠤᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠤᠯᠢ ᠶᠣᠰᠣᠭ᠋ᠠᠷ ᠲᠤᠰᠢᠶᠠᠭᠰᠠᠨ ᠨᠡᠯᠢᠶᠡᠳ ᠰᠠᠢ᠍ᠢ᠍ᠨ ᠲᠡᠮᠳᠡᠭᠯᠡᠯ᠎ᠲᠠᠢ ᠪᠠᠶ᠋ᠢᠬᠤ ᠬᠡᠷᠡᠭᠲᠡᠢ;
(5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠲᠡᠮᠳᠡᠭᠯᠡᠯ ᠦᠭᠡᠢ ᠪᠠᠶ᠋ᠢᠬᠤ ᠬᠡᠷᠡᠭᠲᠡᠢ;
(6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠎ᠲᠤ ᠨᠡᠢ᠌ᠴᠡᠭᠰᠡᠨ ᠪᠠᠢ᠌ᠬᠤ ᠬᠡᠷᠡᠭᠲᠡᠢ;
2.《ᠢᠳᠡᠭᠡᠮᠵᠢᠳᠤ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠰᠦᠯᠵᠢᠶᠡᠨ ᠳᠡᠭᠡᠷ᠎ᠡ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ᠂ ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠲᠠᠢ ᠬᠦᠮᠦᠨ᠎ᠤ ᠨᠡᠷᠡᠰ᠎ᠲᠤ ᠵᠢᠭᠰᠠᠭ᠋ᠠᠭᠳᠠᠭᠰᠠᠨ ᠵᠢᠴᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠳᠤ ᠥᠯᠥ ᠨᠡᠶ᠋ᠢᠴᠡᠬᠦ ᠪᠤᠰᠤᠳ ᠳᠠᠭ᠋ᠠᠭ᠋ᠠᠴᠢᠯᠠᠯᠲᠠ ᠥᠷᠢᠰᠥᠯᠳᠦᠭᠴᠢ ᠵᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠭᠤᠯᠬᠤ ᠥᠬᠡᠶ;
3. ᠰᠦᠯᠵᠢᠶᠡᠨ ᠳᠡᠭᠡᠷᠡᠬᠢ ᠥᠷᠢᠰᠥᠯᠳᠦᠨ ᠬᠠᠷᠢᠭᠤᠯᠬᠤ ᠲᠠᠪᠴᠠᠩ᠎ᠤᠨ ᠬᠢᠷᠢ ᠬᠡᠮ᠎ᠲᠠᠢ ᠪᠠᠶ᠋ᠢᠬᠤ ᠬᠡᠷᠡᠭᠲᠡᠢ;
4. ᠡᠷᠬᠡᠪᠰᠢ ᠪᠦᠬᠦᠨ ᠵᠶ᠋ᠠᠷ᠎ᠨᠢ ᠳᠠᠭ᠋ᠠᠭ᠋ᠠᠴᠢᠯᠠᠯᠲᠠ ᠥᠷᠢᠰᠦᠯᠳᠦᠬᠦ ᠵᠢ ᠱᠠᠭ᠋ᠠᠷᠳᠠᠨ᠎ᠠ;
5. ᠲᠣᠰ ᠲᠥᠷᠥᠯ ᠵᠦᠢ᠍ᠯ᠎ᠳᠤ ᠬᠠᠮᠲᠤᠷᠠᠨ ᠳᠠᠭ᠋ᠠᠭ᠋ᠠᠴᠢᠯᠠᠬᠤ ᠵᠢ ᠭᠥᠯᠢᠶᠡᠨ ᠠᠪᠬᠤ ᠥᠬᠡᠶ᠃
ᠬᠣᠶᠠᠷ᠂ ᠳᠠᠭ᠋ᠠᠯᠲᠠ ᠪᠢᠴᠢᠭ ᠮᠠᠲ᠋ᠧᠷᠢᠶᠠᠯ᠎ᠢ ᠣᠯᠭᠣᠬᠤ ᠴᠠᠭ᠂ ᠭᠠᠵᠠᠷ᠂ ᠠᠷᠭ᠎ᠠ ᠬᠡᠯᠪᠡᠷᠢ
ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠥᠷᠢᠰᠥᠯᠳᠦᠭᠴᠢ 2023 ᠣᠨ᠎ᠤ 4 ᠳ᠋ᠦ᠍ᠭᠡᠷ ᠰᠠᠷ᠎ᠠ ᠵᠢᠨ 10᠎ᠤ ᠡᠳᠦᠷ᠎ᠠᠴᠠ 4 ᠳ᠋ᠦ᠍ᠭᠡᠷ ᠰᠠᠷ᠎ᠠ ᠵᠢᠨ 14᠎ᠤ ᠡᠳᠦᠷ ᠪᠣᠯᠲᠠᠯ᠎ᠠ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠴᠠᠭ᠂ ᠦᠳᠡ ᠵᠢᠨ ᠬᠣᠶ᠋ᠢᠨᠠᠬᠢ
2᠄ 30 — 5᠄ 30 ᠴᠠᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ (ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 306 ᠳ᠋ᠤᠭ᠋ᠠᠷ ᠥᠷᠥᠭᠡ)᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭ᠋ᠠᠷᠠᠢ᠂ ᠮᠠᠲ᠋ᠧᠷᠢᠶᠠᠯ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ 《ᠨᠡᠷ᠎ᠡ ᠮᠡᠳᠡᠭᠦᠯᠬᠦ ᠳᠠᠭ᠋ᠠᠭ᠋ᠠᠴᠢᠯᠠᠯᠲᠠ ᠥᠷᠢᠰᠥᠯᠳᠦᠭᠴᠢ ᠵᠢᠨ ᠳᠡᠩᠰᠡᠯᠡᠯᠲᠡ ᠵᠢᠨ ᠬᠦᠰᠦᠨᠦᠭᠲᠦ》 ᠵᠢ ᠲᠠᠭᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠬᠤ᠎ᠳᠤ ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠥᠷᠢᠰᠥᠯᠳᠦᠭᠴᠢ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠠᠴᠠ ᠳᠠᠭ᠋ᠠᠯᠲᠠ ᠪᠢᠴᠢᠭ ᠮᠠᠲ᠋ᠧᠷᠢᠶᠠᠯ᠎ᠢ ᠣᠯᠭᠣᠨ᠎ᠠ᠃
ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ᠎ᠠᠴᠠ ᠳᠣᠤᠷᠠᠬᠢ ᠮᠠᠲ᠋ᠧᠷᠢᠶᠠᠯ᠎ᠤᠨ ᠬᠠᠭᠤᠯᠪᠤᠷᠢ ᠳᠡᠪᠲᠡᠷ (ᠬᠠᠭᠤᠯᠪᠤᠷᠢ ᠳᠡᠪᠲᠡᠷ᠎ᠨᠢ ᠺᠣᠮᠫᠠᠨᠢ ᠵᠢᠨ ᠠᠯᠪᠠᠨ ᠲᠠᠮᠠᠭ᠎ᠠ ᠳᠠᠷᠤᠭᠰᠠᠨ᠂ ᠨᠢᠭᠡ ᠬᠡᠯᠪᠡᠷᠢ ᠵᠢᠨ ᠨᠢᠭᠡ ᠬᠤᠪᠢ᠂ ᠪᠠᠷᠢᠮᠵᠢᠶ᠎ᠠ A4 ᠴᠠᠭ᠋ᠠᠰᠤ᠎ᠲᠠᠢ)᠎ᠢ ᠠᠪᠴᠤ ᠳᠣᠤᠷᠠᠬᠢ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠶ᠄
1. ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠳᠡᠪᠲᠡᠷ ᠵᠶ᠋ᠡᠨ ᠭᠠᠷᠭ᠋ᠠᠨ ᠦᠵᠡᠭᠦᠯᠵᠦ᠂ ᠬᠠᠭᠤᠯᠪᠤᠷᠢ ᠳᠡᠪᠲᠡᠷ᠎ᠢ ᠬᠠᠩᠭ᠋ᠠᠨ᠎ᠠ;
2. ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ》᠎ᠢ ᠬᠠᠩᠭ᠋ᠠᠨ᠎ᠠ;
3. ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠥᠷᠢᠰᠥᠯᠳᠦᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠲᠡᠳ᠋ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;
4. ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠥᠷᠢᠰᠥᠯᠳᠦᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠳᠠᠷᠤᠭᠰᠠᠨ ᠬᠢᠷᠢ ᠬᠡᠮ᠎ᠤᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠨ᠎ᠠ;
5. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷᠠᠬᠢ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠶᠡᠬᠡ ᠵᠥᠷᠢᠴᠡᠭᠰᠡᠨ ᠲᠡᠮᠳᠡᠭᠯᠡᠯ ᠪᠠᠶ᠋ᠢᠬᠤ ᠦᠭᠡᠢ ᠭᠡᠰᠡᠨ ᠪᠢᠴᠢᠭ᠎ᠤᠨ ᠢᠯᠡᠷᠬᠡᠶ᠋ᠢᠯᠡᠯᠲᠡ ᠵᠢ ᠬᠠᠩᠭ᠋ᠠᠨ᠎ᠠ;
6. 《ᠢᠳᠡᠭᠡᠮᠵᠢᠳᠤ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn)᠎ᠠᠴᠠ ᠢᠲᠡᠭᠡᠮᠵᠢ ᠵᠢ ᠪᠠᠶ᠋ᠢᠴᠠᠭ᠋ᠠᠨ ᠯᠠᠪᠯᠠᠭᠰᠠᠨ ᠲᠡᠮᠳᠡᠭᠯᠡᠯ (ᠡᠷᠬᠡᠪᠰᠢ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ᠂ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠦᠨᠳᠤ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠬᠠᠤᠯᠢ᠎ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠢ ᠪᠠᠶ᠋ᠢᠴᠠᠭ᠋ᠠᠨ ᠯᠠᠪᠯᠠᠭᠰᠠᠨ ᠪᠠᠶ᠋ᠢᠬᠤ ᠬᠡᠷᠡᠭᠲᠡᠶ)᠎ᠢ ᠬᠠᠩᠭ᠋ᠠᠨ᠎ᠠ᠃
ᠭᠤᠷᠪᠠ᠂ ᠳᠠᠭ᠋ᠠᠯᠲᠠ ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ ᠡᠴᠦᠰ᠎ᠤᠨ ᠴᠠᠭ ᠬᠤᠭᠤᠴᠠᠭ᠎ᠠ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠴᠠᠭ ᠬᠤᠭᠤᠴᠠᠭ᠎ᠠ ᠵᠢᠴᠢ ᠭᠠᠵᠠᠷ
1. ᠳᠠᠭ᠋ᠠᠯᠲᠠ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ ᠬᠤᠭᠤᠴᠠᠭ᠎ᠠ᠄ 2023 ᠣᠨ᠎ᠤ 4 ᠳ᠋ᠦ᠍ᠭᠡᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨᠠᠬᠢ 14 ᠴᠠᠭ 30 ᠮᠢᠨᠦ᠋ᠲ᠃
2. ᠳᠠᠭ᠋ᠠᠭ᠋ᠠᠴᠢᠯᠠᠯᠲᠠ ᠥᠷᠢᠰᠥᠯᠳᠦᠬᠦ ᠭᠠᠵᠠᠷ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠨᠣᠮᠧᠷᠲᠤ ᠠᠰᠠᠷ᠎ᠤᠨ 306 ᠳ᠋ᠤᠭ᠋ᠠᠷ ᠥᠷᠥᠭᠡ
3. ᠦᠨ᠎ᠡ ᠯᠠᠪᠯᠠᠬᠤ ᠴᠠᠭ ᠬᠤᠭᠤᠴᠠᠭ᠎ᠠ᠄ 2023 ᠣᠨ᠎ᠤ 4 ᠳ᠋ᠦ᠍ᠭᠡᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨᠠᠬᠢ 15 ᠴᠠᠭ
4. ᠦᠨ᠎ᠡ ᠯᠠᠪᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠬᠤᠷᠠᠯ᠎ᠤᠨ ᠬᠡᠷ᠃
ᠳᠥᠷᠪᠡ᠂ ᠬᠠᠷᠢᠯᠴᠠᠬᠤ ᠠᠷᠭ᠎ᠠ
ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ
ᠭᠠᠵᠠᠷ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠨᠤᠮᠸᠷᠳᠤ ᠠᠰᠠᠷ᠎ᠤᠨ 306 ᠳ᠋ᠤᠭ᠋ᠠᠷ ᠥᠷᠥᠭᠡ
ᠬᠠᠷᠢᠯᠴᠠᠬᠤ ᠬᠥᠮᠦᠨ᠄ ᠶᠠᠩ ᠠᠪᠠᠬᠠᠶ
ᠤᠲᠠᠰᠤ᠄ 0471-6944541
ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ
2023 ᠣᠨ᠎ᠤ 4 ᠳ᠋ᠦ᠍ᠭᠡᠷ ᠰᠠᠷ᠎ᠠ ᠵᠢᠨ 10᠎ᠤ ᠡᠳᠤᠷ
ᠣᠷᠴᠢᠭᠤᠯᠤᠭᠴᠢ᠄ ᠡᠷᠳᠡᠨᠢᠪᠢᠯᠢᠭ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ