ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠠᠷᠭᠤ ᠪᠤᠷᠢᠶᠠᠳ ᠲᠤᠤᠯᠢᠰ᠎ᠢ ᠴᠤᠭᠯᠠᠭᠤᠯᠤᠨ ᠡᠮᠬᠢᠳᠭᠡᠬᠦ ᠠᠵᠢᠯ᠎ᠤᠨ ᠤᠢ᠌ᠯᠡᠴᠢᠯᠡᠭᠡᠨ᠎ᠤ ᠥᠷᠢᠰᠥᠯᠳᠦᠭᠡᠨ᠎ᠤ ᠴᠢᠨᠠᠷᠲᠠᠢ ᠬᠡᠯᠡᠯᠴᠡᠭᠡᠷ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-05-07

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠤᠰᠤᠳᠠᠨ᠎ᠤ ᠵᠦᠪᠯᠡᠯ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ ᠥᠷᠢᠰᠥᠯᠳᠦᠭᠡᠨ᠎ᠤ ᠴᠢᠨᠠᠷᠲᠠᠶ ᠬᠡᠯᠡᠯᠴᠡᠭᠡᠷ᠎ᠤᠨ ᠠᠷᠭ᠎ᠠ ᠮᠠᠶᠢᠭ᠎ᠪᠠᠷ ᠪᠠᠷᠭᠤ ᠪᠤᠷᠢᠶᠠᠳ ᠲᠤᠤᠯᠢᠰ᠎ᠢ ᠴᠤᠭᠯᠠᠭᠤᠯᠤᠨ ᠡᠮᠬᠢᠳᠬᠡᠬᠦ ᠦᠢᠯᠡᠴᠢᠯᠡᠭᠡ ᠵᠢ ᠬᠤᠳᠠᠯᠳᠤᠨ ᠠᠪᠬᠤ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ ᠨᠡᠷ᠎ᠡ ᠮᠡᠳᠡᠬᠦᠯᠦᠨ ᠣᠷᠣᠯᠴᠠᠬᠤ ᠵᠢ ᠤᠷᠢᠵᠤ ᠪᠣᠶ᠃
       ᠨᠢᠭᠡ᠂ ᠲᠥᠷᠥᠯ ᠵᠦᠢ᠍ᠯ᠎ᠤᠨ ᠨᠡᠷ᠎ᠡ
       ᠪᠠᠷᠭᠤ ᠪᠤᠷᠢᠶᠠᠳ ᠲᠤᠤᠯᠢᠰ᠎ᠢ ᠴᠤᠭᠯᠠᠭᠤᠯᠤᠨ ᠡᠮᠬᠢᠳᠬᠡᠬᠦ ᠦᠢ᠍ᠯᠡᠴᠢᠯᠡᠭᠡ 
        ᠬᠣᠶᠠᠷ᠂ ᠪᠡᠯᠡ ᠮᠦᠩᠬᠦᠨ᠎ᠤ ᠢᠷᠡᠯᠲᠡ
       ᠡᠳ᠋᠎ᠤᠨ ᠵᠠᠰᠠᠭ᠎ᠤᠨ ᠪᠡᠯᠡ ᠮᠥᠩᠭᠥ ᠤᠴᠢᠷ᠎ᠠᠴᠠ ᠲᠤᠰ ᠤᠳᠠᠭ᠋ᠠᠨ᠎ᠤ ᠲᠥᠰᠥᠪᠯᠡᠭᠰᠡᠨ ᠬᠢᠵᠠᠭ᠋ᠠᠷᠯᠠᠬᠤ ᠵᠣᠭᠣᠰ᠎ᠤᠨ ᠲᠣᠭ᠎ᠠ ᠪᠣᠯ ᠠᠷᠠᠳ᠎ᠤᠨ ᠵᠣᠭᠣᠰ ᠵᠶ᠋ᠠᠷ 10 ᠲᠦᠮᠡᠨ ᠲᠥᠭᠥᠷᠢᠭ ᠪᠠᠢ᠌ᠵᠤ᠂ ᠲᠥᠰᠥᠪᠯᠡᠭᠰᠡᠨ ᠬᠢᠵᠠᠭ᠋ᠠᠷᠯᠠᠬᠤ ᠵᠣᠭᠣᠰ᠎ᠤᠨ ᠲᠣᠭ᠎ᠠ᠎ᠠᠴᠠ ᠬᠡᠲᠦᠷᠡᠭᠰᠡᠨ ᠳᠠᠭ᠋ᠠᠭ᠋ᠠᠴᠢᠯᠠᠯᠲᠠ ᠵᠢᠨ ᠪᠢᠴᠢᠭ ᠮᠠᠲ᠋ᠧᠷᠢᠶᠠᠯ ᠬᠦᠴᠦᠨ ᠦᠭᠡᠢ᠃
        ᠭᠤᠷᠪᠠ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠪᠦᠷᠢᠯᠳᠦᠭᠦᠯᠪᠡᠰᠦ ᠵᠣᠬᠢᠬᠤ ᠨᠥᠬᠥᠴᠡᠯ
       ⒈ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ;
       (1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
       (2)  ᠨᠡᠯᠢᠶᠡᠳ ᠰᠠᠢ᠍ᠢ᠍ᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠢ᠌ᠬᠤ;
       (3) ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ;
       (4) ᠬᠠᠤᠯᠢ ᠶᠣᠰᠣᠭ᠋ᠠᠷ ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠲᠤᠰᠢᠶᠠᠭᠰᠠᠨ ᠰᠠᠢ᠍ᠢ᠍ᠨ ᠲᠡᠮᠳᠡᠭᠯᠡᠯ᠎ᠲᠠᠢ ᠪᠠᠢ᠌ᠬᠤ;
       (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ  ᠪᠠᠢ᠌ᠬᠤ;
       (6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠤᠳ᠎ᠲᠤ ᠨᠡᠢ᠌ᠴᠡᠭᠰᠡᠨ ᠪᠠᠢ᠌ᠬᠤ;
       ⒉ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ  (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠰᠦᠯᠵᠢᠶᠡᠨ ᠳᠡᠭᠡᠷ᠎ᠡ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂ ᠭᠠᠢ᠌ᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ᠎ᠲᠠᠢ ᠬᠥᠮᠥᠨ᠎ᠤ ᠨᠡᠷᠡᠰ᠎ᠲᠤ ᠵᠢᠭᠰᠠᠭ᠋ᠠᠭᠳᠠᠭᠰᠠᠳ ᠵᠢᠴᠢ 《ᠪᠦᠬᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢᠯ᠎ᠳᠤ ᠲᠣᠭᠲᠠᠭ᠋ᠠᠭᠰᠠᠨ ᠨᠥᠬᠥᠴᠡᠯ᠎ᠳᠤ ᠥᠯᠥ ᠨᠡᠢ᠌ᠴᠡᠬᠦ ᠪᠤᠰᠤᠳ ᠲ᠋ᠠᠭ᠋ᠠᠭ᠋ᠠᠴᠢᠯᠠᠯᠲᠠ ᠥᠷᠢᠰᠥᠯᠳᠦᠭᠴᠢ ᠵᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠭᠤᠯᠬᠤ ᠥᠬᠡᠶ;
      ⒊ ᠡᠷᠬᠡᠪᠰᠢ ᠪᠦᠬᠦᠯᠢ᠎ᠪᠠᠷ ᠳᠠᠭ᠋ᠠᠭ᠋ᠠᠴᠢᠯᠠᠬᠤ᠎ᠪᠠᠷ ᠳᠠᠭ᠋ᠠᠭ᠋ᠠᠴᠢᠯᠠᠯᠲᠠ ᠥᠷᠢᠰᠥᠯᠳᠦᠬᠦ ᠵᠢ ᠱᠠᠭ᠋ᠠᠷᠳᠠᠨ᠎ᠠ;
      ⒋ ᠲᠤᠰ ᠲᠥᠷᠥᠯ ᠵᠦᠢ᠍ᠯ᠎ᠨᠢ ᠬᠠᠮᠲᠤᠷᠠᠨ ᠳᠠᠭ᠋ᠠᠭ᠋ᠠᠴᠢᠯᠠᠬᠤ ᠵᠢ ᠬᠦᠯᠢᠶᠡᠬᠦ ᠦᠭᠡᠶ᠃
       ᠳᠥᠷᠪᠡ᠂ ᠨᠡᠷ᠎ᠡ ᠮᠡᠳᠡᠭᠦᠯᠬᠦ᠎ᠳᠤ ᠠᠩᠬᠠᠷᠬᠤ ᠵᠦᠢᠯ
       ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ 2023 ᠣᠨ᠎ᠤ 5 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ 2023 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ ᠪᠣᠯᠲᠠᠯ᠎ᠠ ᠠᠵᠢᠯᠯᠠᠬᠤ ᠡᠳᠦᠷ ᠨᠢᠭᠡᠪᠦᠷᠢ ᠵᠢᠨ ᠦᠳᠡ ᠵᠢᠨ ᠡᠮᠦᠨᠡᠬᠢ 9᠄ 00 —12᠄ 00 ᠴᠠᠭ᠂ ᠦᠳᠡ ᠵᠢᠨ ᠬᠣᠢ᠌ᠨᠠᠬᠢ 2᠄ 30 — 5᠄ 00 ᠴᠠᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠣᠷᠢᠶᠠᠯᠠᠯ᠎ᠤᠨ 7 ᠳ᠋ᠤᠭ᠋ᠠᠷ ᠠᠰᠠᠷ᠎ᠤᠨ 505 ᠳ᠋ᠤᠭ᠋ᠠᠷ ᠲᠠᠰᠤᠭ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭ᠋ᠠᠷᠠᠢ᠃ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ 《ᠳᠠᠭ᠋ᠠᠭ᠋ᠠᠴᠢᠯᠠᠯᠲᠠ ᠥᠷᠢᠰᠦᠯᠳᠦᠬᠦ᠎ᠪᠠᠷ ᠨᠡᠷ᠎ᠡ ᠮᠡᠳᠡᠭᠦᠯᠦᠭᠴᠢ ᠵᠢᠨ ᠳᠡᠩᠰᠡᠯᠡᠨ ᠲᠡᠮᠳᠡᠭᠯᠡᠬᠦ ᠬᠦᠰᠦᠨᠦᠭᠲᠦ》 ᠵᠢ ᠲᠠᠭᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭ᠋ᠠᠳ ᠬᠢᠷᠢ ᠲᠡᠩᠴᠡᠭᠰᠡᠨ ᠳᠠᠭ᠋ᠠᠭ᠋ᠠᠴᠢᠯᠠᠯᠲᠠ ᠥᠷᠢᠰᠥᠯᠳᠦᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ᠎ᠠᠴᠠ  ᠳᠠᠭ᠋ᠠᠭ᠋ᠠᠴᠢᠯᠠᠯᠳᠠ ᠵᠢᠨ ᠪᠢᠴᠢᠭ ᠮᠠᠲ᠋ᠧᠷᠢᠶᠠᠯ᠎ᠢ ᠠᠪᠬᠤ ᠬᠡᠷᠡᠭᠲᠡᠢ᠃
      ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ ᠳᠣᠤᠷ᠎ᠠ ᠵᠢᠭᠰᠠᠭ᠋ᠠᠭᠰᠠᠨ ᠮᠠᠲ᠋ᠧᠷᠢᠶᠠᠯ᠎ᠤᠨ ᠬᠠᠭᠤᠯᠪᠤᠷᠢ (ᠬᠠᠭᠤᠯᠪᠤᠷᠢ᠎ᠳᠤ ᠺᠣᠮᠫᠠᠨᠢ ᠵᠢᠨ ᠠᠯᠪᠠᠨ ᠲᠠᠮᠠᠭ᠎ᠠ ᠵᠢ ᠳᠠᠷᠤᠭᠰᠠᠨ ᠪᠠᠢ᠌ᠬᠤ ᠬᠡᠷᠡᠭᠲᠡᠶ᠂ ᠨᠢᠭᠡ ᠬᠡᠯᠪᠡᠷᠢ ᠵᠢᠨ ᠨᠢᠭᠡ ᠬᠤᠪᠢ᠂ ᠪᠠᠷᠢᠮᠵᠢᠶ᠎ᠠ A 4 ᠴᠠᠭ᠋ᠠᠰᠤ) ᠵᠢ ᠠᠪᠴᠤ ᠳᠣᠤᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄ 
     ⒈ ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠡᠬᠡ᠎ᠪᠠᠨ ᠭᠠᠷᠭ᠋ᠠᠨ ᠦᠵᠡᠭᠦᠯᠵᠦ᠂ ᠬᠠᠭᠤᠯᠪᠤᠷᠢ᠎ᠪᠠᠨ ᠬᠠᠩᠭ᠋ᠠᠨ᠎ᠠ;
     ⒉ ᠨᠡᠷ᠎ᠡ ᠮᠡᠳᠡᠭᠦᠯᠦᠭᠴᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ》  ᠬᠠᠩᠭ᠋ᠠᠨ᠎ᠠ;
     ⒊ ᠬᠦᠴᠦᠨ᠎ᠲᠠᠢ ᠪᠥᠭᠡᠳ ᠳᠠᠭ᠋ᠠᠭ᠋ᠠᠴᠢᠯᠠᠯᠳᠠ ᠥᠷᠢᠰᠦᠯᠳᠦᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠪᠠᠭᠤᠯᠭ᠋ᠠᠪᠤᠷᠢ ᠳᠡᠪᠲᠡᠷ᠎ᠤᠨ ᠬᠠᠭᠤᠯᠪᠤᠷᠢ ᠵᠢ  ᠬᠠᠩᠭ᠋ᠠᠨ᠎ᠠ;
     ⒋ ᠬᠦᠴᠦᠨ᠎ᠲᠠᠢ ᠪᠥᠭᠡᠳ ᠳᠠᠭ᠋ᠠᠭ᠋ᠠᠴᠢᠯᠠᠯᠲᠠ ᠥᠷᠢᠰᠦᠯᠳᠦᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠬᠢᠷᠢ ᠭᠡᠮ᠎ᠤᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠨ᠎ᠠ;
     ⒌ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠰᠡᠨ ᠭᠡᠷᠡᠴᠢᠯᠡᠭᠡ ᠵᠢᠨ ᠪᠢᠴᠢᠭ ᠬᠠᠩᠭ᠋ᠠᠨ᠎ᠠ;
     ⒍《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠢ᠌ᠴᠠᠭ᠋ᠠᠨ ᠯᠠᠪᠯᠠᠭᠰᠠᠨ ᠲᠡᠮᠳᠡᠭᠯᠡᠯ (ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ᠂  ᠭᠠᠢ᠌ᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠬᠡ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠢ ᠪᠠᠢ᠌ᠴᠠᠭ᠋ᠠᠨ ᠯᠠᠪᠯᠠᠭᠰᠠᠨ ᠪᠠᠢ᠌ᠬᠤ ᠬᠡᠷᠡᠭᠲᠡᠢ)᠃
      ᠲᠠᠪᠤ᠂  ᠳᠠᠭ᠋ᠠᠭ᠋ᠠᠴᠢᠯᠠᠯᠳᠠ ᠵᠢᠨ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ ᠵᠢᠴᠢ ᠳᠠᠭ᠋ᠠᠭ᠋ᠠᠴᠢᠯᠠᠯᠲᠠ ᠨᠡᠢ᠌ᠲᠡᠯᠡᠬᠦ ᠭᠠᠵᠠᠷ
      ᠳᠠᠭ᠋ᠠᠭ᠋ᠠᠴᠢᠯᠠᠯᠳᠠ ᠵᠢᠨ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠄ 2023 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠦᠳᠡ ᠵᠢᠨ ᠬᠣᠢ᠌ᠨᠠᠬᠢ 5 ᠴᠠᠭ
      ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠄ 2023 ᠣᠨ᠎ᠤ 5 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ ᠦᠳᠡ ᠵᠢᠨ ᠡᠮᠦᠨᠡᠬᠢ 10 ᠴᠠᠭ 30 ᠮᠢᠨᠦ᠋ᠲ
      ᠳᠠᠭ᠋ᠠᠭ᠋ᠠᠴᠢᠯᠠᠯᠲᠠ  ᠨᠡᠢ᠌ᠳᠡᠯᠡᠬᠦ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠣᠷᠢᠶᠠᠯᠠᠯ᠎ᠤᠨ 7 ᠳ᠋ᠤᠭ᠋ᠠᠷ ᠠᠰᠠᠷ᠎ᠤᠨ 512 ᠳ᠋ᠤᠭ᠋ᠠᠷ ᠬᠤᠷᠠᠯ᠎ᠤᠨ ᠬᠡᠷ᠃
       ᠵᠢᠷᠭᠤᠭ᠎ᠠ᠂ ᠬᠠᠷᠢᠯᠴᠠᠬᠤ ᠠᠷᠭ᠎ᠠ
       ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ
      ᠬᠠᠷᠢᠯᠴᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠣᠷᠢᠶᠠᠯᠠᠯ᠎ᠤᠨ 7 ᠳ᠋ᠤᠭ᠋ᠠᠷ ᠠᠰᠠᠷ᠎ᠤᠨ 505 ᠳ᠋ᠤᠭ᠋ᠠᠷ ᠲᠠᠰᠤᠭ
       ᠬᠠᠷᠢᠯᠴᠠᠬᠤ ᠬᠥᠮᠦᠨ᠄  ᠲᠠ ᠠᠪᠤᠭ᠋ᠠᠢ
       ᠬᠠᠷᠢᠯᠴᠠᠬᠤ ᠤᠳᠠᠰᠤ᠄ 0471 - 6946805
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ  ᠰᠤᠳᠤᠷ ᠪᠢᠴᠢᠭ ᠰᠤᠳᠤᠯᠬᠤ ᠲᠠᠰᠤᠭ
                          2023 ᠣᠨ᠎ᠤ 5 ᠳ᠋ᠤᠭ᠋ᠠᠷ ᠰᠠᠷ᠎ᠠ ᠵᠢᠨ 5᠎ᠤ ᠡᠳᠦᠷ  
 
           

                     ᠣᠷᠴᠢᠭᠤᠯᠤᠭᠴᠢ᠄ ᠴᠣᠭᠵᠢᠯᠮ᠎ᠠ
                    ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
                    ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠰᠤᠳᠤᠷ ᠪᠢᠴᠢᠭ ᠰᠤᠳᠤᠯᠬᠤ ᠲᠠᠰᠤᠭ