ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠳᠣᠲᠣᠭ᠋ᠠᠳᠤ ᠬᠠᠮᠢᠶᠠᠷᠤᠯᠲᠠ ᠵᠢᠨ ᠳᠣᠷᠣᠭᠰᠢ ᠲᠠᠯᠪᠢᠬᠤ ᠵᠦᠢᠯᠡᠰ᠎ᠤᠨ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-05-08

ᠬᠣᠯᠪᠣᠭᠳᠠᠯ ᠪᠦᠬᠦᠢ ᠨᠢᠭᠡᠴᠢ᠎ᠳᠤ᠄  
      ᠥᠪᠡᠷᠲᠡᠭᠡᠨ ᠵᠠᠰᠠᠬᠤ ᠣᠷᠣᠨ᠎ᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠶᠠᠪᠤᠴᠠ ᠵᠢ ᠰᠢᠯᠢᠳᠡᠭᠵᠢᠬᠦᠯᠬᠦ ᠲᠤᠰᠬᠠᠶ ᠠᠵᠢᠯᠯᠠᠭ᠎ᠠ (《ᠬᠣᠶᠠᠷ᠎ᠢ ᠰᠢᠯᠢᠳᠡᠭᠵᠢᠬᠦᠯᠬᠦ》 ᠠᠵᠢᠯᠯᠠᠭ᠎ᠠ ᠭᠡᠵᠦ ᠲᠣᠪᠴᠢᠯᠠᠨ᠎ᠠ) ᠵᠢᠨ ᠲᠦᠰᠦᠯ᠎ᠤᠨ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠬᠣᠶᠠᠷ᠎ᠢ ᠰᠢᠯᠢᠳᠡᠭᠵᠢᠬᠦᠯᠬᠦ》 ᠲᠤᠰᠬᠠᠶ ᠠᠵᠢᠯᠯᠠᠭ᠎ᠠ ᠵᠢᠨ ᠳᠣᠲᠣᠭ᠋ᠠᠳᠤ ᠬᠠᠮᠢᠶᠠᠷᠤᠯᠲᠠ ᠵᠢᠨ ᠵᠦᠢᠯᠡᠰ᠎ᠢ ᠳᠣᠷᠣᠭᠰᠢ ᠲᠠᠯᠪᠢᠬᠤ ᠵᠢ ᠬᠦᠴᠦᠨ ᠥᠬᠡᠶ ᠪᠣᠯᠭ᠋ᠠᠬᠤ ᠨᠠᠷᠢᠨ ᠳᠠᠩᠰᠠ ᠵᠢ ᠦᠨᠳᠦᠰᠦᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠠᠴᠠ 《ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠠᠰᠢᠭᠯᠠᠬᠤ ᠪᠠ ᠬᠠᠮᠳᠤ᠎ᠪᠠᠷ ᠡᠳ᠋ᠯᠡᠬᠦ》 ᠠᠵᠢᠯ᠎ᠢ ᠳᠠᠭ᠋ᠠᠭ᠋ᠠᠨ ᠠᠪᠤᠨ᠎ᠠ᠃ ᠬᠣᠢ᠌ᠰᠢᠳᠠ᠂ 《ᠬᠣᠶᠠᠷ᠎ᠢ ᠰᠢᠯᠢᠳᠡᠭᠵᠢᠬᠦᠯᠬᠦ》 ᠲᠤᠰᠬᠠᠶ ᠠᠵᠢᠯᠯᠠᠭ᠎ᠠ ᠵᠢᠨ ᠦᠷ᠎ᠡ ᠪᠦᠲᠦᠮᠵᠢ ᠵᠢ ᠤᠯᠠᠮ ᠴᠢᠨᠠᠭᠰᠢᠳᠠ ᠪᠡᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠶᠡᠷᠦᠩᠬᠡᠢ᠌ᠯᠡᠭᠰᠡᠨ ᠦᠷ᠎ᠡ ᠠᠰᠢᠭ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠥᠰᠥᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠥᠲᠥᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠦᠨ᠎ᠡ᠃
               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ 
                              2023 ᠣᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ 
       
  


           ᠣᠷᠴᠢᠭᠤᠯᠤᠭᠴᠢ᠄ ᠴᠣᠭᠵᠢᠯᠮ᠎ᠠ
           ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

ᠢᠷᠡᠯᠲᠡ᠄ ᠮᠣᠩᠭᠣᠯ ᠬᠡᠯᠡ ᠪᠢᠴᠢᠭ᠎ᠤᠨ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠭᠠᠵᠠᠷ