ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠤᠭᠰᠠᠨ ᠦᠢ᠍ᠯᠡ ᠠᠵᠢᠯᠯᠠᠭ᠎ᠠ ᠵᠢᠨ ᠵᠢᠷᠤᠭᠳᠤ ᠲᠡᠪᠳᠡᠷ᠎ᠢ ᠨᠠᠢ᠌ᠷᠠᠭᠤᠯᠤᠨ ᠦᠢ᠍ᠯᠡᠳᠬᠦ ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠬᠦ ᠠᠯᠪᠠᠨ ᠵᠠᠷ
ᠨᠡᠶ᠋ᠢᠲᠡᠯᠡᠭᠰᠡᠨ ᠴᠠᠭ᠄ 2023-07-06

      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠨᠢ ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠬᠦ ᠠᠷᠭ᠎ᠠ ᠭᠡᠯᠪᠡᠷᠢ᠎ᠪᠠᠷ᠂ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠤᠭᠰᠠᠨ ᠦᠢ᠍ᠯᠡ ᠠᠵᠢᠯᠯᠠᠭ᠎ᠠ ᠵᠢᠨ ᠵᠢᠷᠤᠭᠳᠤ ᠲᠡᠪᠳᠡᠷ᠎ᠢ ᠨᠠᠢ᠌ᠷᠠᠭᠤᠯᠤᠨ ᠦᠢ᠍ᠯᠡᠳᠬᠦ ᠲᠦᠷᠦᠯ ᠵᠦᠢ᠍ᠯ᠎ᠢ ᠬᠤᠳᠠᠯᠳᠤᠨ ᠠᠪᠴᠦ᠂ ᠨᠦᠬᠦᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠤᠷᠢᠵᠦ ᠨᠡᠷ᠎ᠡ ᠮᠡᠳᠡᠬᠦᠯᠵᠦ ᠤᠷᠤᠯᠴᠠᠭᠤᠯᠤᠨ᠎ᠠ᠃
       ᠨᠢᠭᠡ᠂ ᠲᠦᠷᠦᠯ ᠵᠦᠢ᠍ᠯ᠎ᠤᠨ ᠲᠤᠢ᠌ᠮᠤᠴᠢᠯᠠᠯ
       ᠲᠦᠷᠦᠯ ᠵᠦᠢ᠍ᠯ᠎ᠤᠨ ᠨᠡᠷᠡᠢ᠌ᠳᠦᠯ᠄ ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢ ᠡᠬᠦᠳᠦᠨ ᠪᠠᠢ᠌ᠭᠤᠯᠤᠭᠰᠠᠨ ᠦᠢ᠍ᠯᠡ ᠠᠵᠢᠯᠯᠠᠭ᠎ᠠ ᠵᠢᠨ ᠵᠢᠷᠤᠭᠳᠤ ᠲᠡᠪᠳᠡᠷ᠎ᠢ ᠨᠠᠢ᠌ᠷᠠᠭᠤᠯᠤᠨ ᠦᠢ᠍ᠯᠡᠳᠦᠨ᠎ᠡ᠃
       ᠵᠦᠪᠰᠢᠶᠡᠷᠡᠭᠰᠡᠨ ᠨᠢᠭᠡᠴᠢ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠃
       ᠬᠤᠳᠠᠯᠳᠤᠨ ᠠᠪᠬᠤ ᠭᠡᠯᠪᠡᠷᠢ᠄ ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠨ᠎ᠡ᠃
       ᠬᠣᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠭᠡᠮ᠎ᠤᠨ ᠱᠠᠭ᠋ᠠᠷᠳᠠᠯᠭ᠎ᠠ 
      1.《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ》ᠵᠢᠨ ᠬᠤᠷᠢᠨ ᠬᠤᠶᠠᠳᠤᠭ᠋ᠠᠷ ᠵᠤᠷᠪᠤᠰ᠎ᠲᠤ ᠲᠤᠭᠳᠠᠭ᠋ᠠᠭᠰᠠᠨ ᠨᠦᠬᠦᠴᠡᠯ᠎ᠢ ᠪᠦᠷᠢᠯᠳᠦᠬᠦᠯᠦᠭᠰᠡᠨ ᠪᠠᠢ᠌ᠬᠤ ᠭᠡᠷᠡᠭᠳᠡᠢ᠄
    (1)ᠢᠷᠭᠡᠨ᠎ᠤ ᠭᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠲᠠᠭ᠋ᠠᠭ᠋ᠠᠵᠦ ᠡᠬᠦᠷᠭᠡᠯᠡᠬᠦ ᠴᠢᠳᠠᠪᠤᠷᠢ᠎ᠲᠠᠢ ᠪᠠᠢ᠌ᠬᠤ ᠭᠡᠷᠡᠭᠳᠡᠢ᠃
    (2)ᠨᠡᠯᠢᠶᠡᠳ ᠰᠠᠢ᠌ᠨ ᠬᠤᠳᠠᠯᠳᠤᠭ᠋ᠠᠨ᠎ᠤ ᠢᠳᠡᠭᠡᠯ ᠬᠦᠨᠳᠦ᠎ᠲᠠᠢ ᠪᠦᠭᠡᠳ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠳᠠᠯᠠᠨ ᠪᠤᠳᠤᠬᠤ ᠲᠦᠷᠢᠮᠵᠢᠯ᠎ᠲᠠᠢ ᠪᠠᠢ᠌ᠬᠤ ᠭᠡᠷᠡᠭᠳᠡᠢ᠃
    (3)ᠭᠡᠷ᠎ᠡ ᠵᠢ ᠬᠦᠢ᠍ᠴᠡᠳᠭᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ ᠭᠡᠷᠡᠭᠳᠡᠢ᠃
    (4)ᠭᠠᠢ᠌ᠯᠢ ᠲᠠᠳᠠᠪᠤᠷᠢ ᠪᠠ ᠨᠡᠢ᠌ᠭᠡᠮ᠎ᠤᠨ ᠪᠠᠳᠤᠯᠠᠭ᠎ᠠ ᠵᠢᠨ ᠪᠡᠯᠡ ᠮᠦᠩᠬᠦ ᠵᠢ ᠬᠠᠤᠯᠢ ᠶᠤᠰᠤᠭ᠋ᠠᠷ ᠲᠤᠰᠢᠶᠠᠭᠰᠠᠨ ᠨᠡᠯᠢᠶᠡᠳ ᠰᠠᠢ᠌ᠨ ᠲᠡᠮᠳᠡᠭᠯᠡᠯ᠎ᠲᠠᠢ ᠪᠠᠢ᠌ᠬᠤ ᠭᠡᠷᠡᠭᠳᠡᠢ᠃
    (5)ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠋ᠠᠨ᠎ᠳᠤ ᠤᠷᠤᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠳᠤᠷᠠᠬᠢ ᠡᠵᠡᠩᠨᠡᠯᠳᠡ ᠵᠢᠨ ᠠᠵᠢᠯᠯᠠᠭ᠋ᠠᠨ᠎ᠳᠤ ᠬᠠᠤᠯᠢ᠎ᠠᠴᠠ ᠬᠦᠨᠳᠦ ᠨᠤᠴᠢᠳᠠᠢ ᠵᠦᠷᠢᠴᠡᠭᠰᠡᠨ ᠲᠡᠮᠳᠡᠭᠯᠡᠯ ᠦᠭᠡᠢ ᠪᠠᠢ᠌ᠬᠤ ᠭᠡᠷᠡᠭᠳᠡᠢ᠃
    (6)ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠨᠦᠬᠦᠴᠡᠯ᠎ᠢ ᠪᠦᠷᠢᠯᠳᠦᠬᠦᠯᠬᠦ ᠭᠡᠷᠡᠭᠳᠡᠢ᠃
      2.《ᠢᠳᠡᠭᠡᠮᠵᠢᠳᠦ ᠲᠤᠮᠳᠠᠳᠤ ᠤᠯᠤᠰ》ᠰᠦᠯᠵᠢᠶ᠎ᠡ〈www.creditchina.gov.cn〉᠂ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠰᠦᠯᠵᠢᠶ᠎ᠡ〈www.ccgp.gov.cn〉ᠵᠡᠷᠭᠡ ᠠᠷᠭ᠎ᠠ ᠵᠠᠮ ᠵᠶ᠋ᠠᠷ ᠢᠳᠡᠭᠡᠯ ᠠᠯᠳᠠᠭᠰᠠᠨ ᠬᠦᠢ᠍ᠴᠡᠳᠭᠡᠭᠳᠡᠭᠴᠢ᠂  ᠭᠠᠢ᠌ᠯᠢ ᠲᠠᠳᠠᠪᠦᠷᠢ ᠵᠢᠨ ᠬᠠᠤᠯᠢ᠎ᠠᠴᠠ ᠬᠦᠨᠳᠦ ᠶᠡᠭᠡ ᠵᠦᠷᠢᠴᠡᠭᠰᠡᠨ ᠭᠡᠷᠡᠭ᠎ᠤᠨ ᠲᠤᠬᠠᠢ ᠵᠢᠨ ᠬᠦᠮᠦᠨ᠎ᠤ ᠨᠡᠷᠡᠰ᠂ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠬᠠᠤᠯᠢ᠎ᠠᠴᠠ ᠬᠦᠨᠳᠦ ᠨᠤᠴᠢᠳᠠᠢ ᠵᠦᠷᠢᠴᠡᠵᠦ ᠢᠳᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ ᠵᠢᠴᠢ 《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠬᠠᠤᠯᠢ》ᠵᠢᠨ ᠬᠤᠷᠢᠨ ᠬᠤᠶᠠᠳᠤᠭ᠋ᠠᠷ ᠵᠤᠷᠪᠤᠰ᠎ᠲᠤ ᠲᠤᠭᠳᠠᠭ᠋ᠠᠭᠰᠠᠨ ᠨᠦᠬᠦᠴᠡᠯ᠎ᠳᠤ ᠨᠡᠢ᠌ᠴᠡᠬᠦ ᠦᠭᠡᠢ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠤᠷᠤᠯᠴᠠᠭᠤᠯᠬᠤ ᠦᠭᠡᠢ᠃
     3. ᠲᠤᠰ ᠲᠦᠷᠦᠯ ᠵᠦᠢ᠍ᠯ᠎ᠨᠢ ᠬᠤᠯᠪᠤᠭ᠋ᠠᠳᠤ ᠴᠤᠭᠴᠠ ᠵᠢᠨ ᠦᠷᠢᠰᠦᠯᠳᠦᠭᠡᠨ᠎ᠤ ᠭᠡᠯᠡᠯᠴᠡᠭᠡ ᠬᠢᠬᠦ ᠵᠢ ᠬᠦᠯᠢᠶᠡᠵᠦ ᠠᠪᠬᠤ ᠦᠭᠡᠢ᠃
      ᠭᠤᠷᠪᠠ᠂ ᠬᠤᠳᠠᠯᠳᠤᠨ ᠠᠪᠬᠤ ᠪᠢᠴᠢᠭ ᠮᠠᠲᠸᠷᠢᠶᠠᠯ᠎ᠢ ᠬᠤᠷᠢᠶᠠᠬᠤ ᠴᠠᠭ᠂  ᠭᠠᠵᠠᠷ᠂ ᠭᠡᠯᠪᠡᠷᠢ
      ᠲᠡᠭᠡᠷᠡᠬᠢ ᠨᠦᠬᠦᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠨᠢ 2023 ᠤᠨ᠎ᠤ 7 ᠳ᠋ᠤᠭ᠋ᠠᠷ ᠰᠠᠷ᠎ᠠ ᠵᠢᠨ 3᠎ᠤ ᠡᠳᠦᠷ᠎ᠠᠴᠠ 2023 ᠤᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠠᠵᠢᠯᠯᠠᠬᠤ ᠡᠳᠦᠷ ᠪᠦᠷᠢ ᠵᠢᠨ ᠦᠳᠡ ᠵᠢᠨ ᠡᠮᠦᠨᠡᠬᠢ 9᠄ 00 - 12᠄ 00 ᠴᠠᠭ᠎ᠤᠨ ᠬᠤᠭᠤᠷᠤᠨᠳᠦ᠂ ᠦᠳᠡ ᠵᠢᠨ ᠬᠤᠢ᠌ᠨᠠᠬᠢ 14᠄ 30 - 17᠄ 30 ᠴᠠᠭ᠎ᠤᠨ ᠬᠤᠭᠤᠷᠤᠨᠳᠦ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠳᠤ ᠬᠦᠷᠴᠦ ᠨᠡᠷ᠎ᠡ ᠮᠡᠳᠡᠬᠦᠯᠬᠦ ᠮᠠᠲᠸᠷᠢᠶᠠᠯ ᠵᠶ᠋ᠠᠨ ᠲᠤᠰᠢᠶᠠᠵᠦ᠂ ᠠᠩᠬᠠᠨ᠎ᠤ ᠬᠢᠨᠠᠯᠳᠠ ᠵᠢᠨ ᠮᠠᠲᠸᠷᠢᠶᠠᠯ ᠬᠢᠷᠢ ᠲᠡᠩᠴᠡᠭᠰᠡᠨ᠎ᠤ ᠲᠠᠷᠠᠭ᠎ᠠ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠠᠴᠠ ᠬᠤᠳᠠᠯᠳᠤᠨ ᠠᠪᠬᠤ ᠪᠢᠴᠢᠭ ᠮᠠᠲᠸᠷᠢᠶᠠᠯ ᠵᠶ᠋ᠠᠨ ᠤᠯᠵᠦ ᠪᠤᠯᠤᠨ᠎ᠠ᠃
     ᠨᠡᠷ᠎ᠡ ᠮᠡᠳᠡᠬᠦᠯᠬᠦ᠎ᠳᠤ᠂ ᠨᠡᠷ᠎ᠡ ᠮᠡᠳᠡᠬᠦᠯᠦᠭᠴᠢ᠎ᠠᠴᠠ ᠲᠤᠤᠷᠠᠬᠢ ᠮᠠᠲᠸᠷᠢᠶᠠᠯ᠎ᠤᠨ ᠬᠠᠭᠤᠯᠪᠤᠷᠢ〈ᠪᠠᠷᠢᠮᠵᠢᠶ᠎ᠠ A4 ᠴᠠᠭ᠋ᠠᠰᠤᠨ᠎ᠤ ᠨᠢᠭᠡ ᠭᠡᠯᠪᠡᠷᠢ ᠵᠢᠨ ᠭᠤᠷᠪᠠᠨ ᠬᠤᠪᠢ ᠵᠢᠨ ᠬᠠᠭᠤᠯᠪᠤᠷᠢ ᠲᠡᠭᠡᠷ᠎ᠡ ᠺᠤᠮᠫᠠᠨᠢ ᠵᠢᠨ ᠠᠯᠪᠠᠨ ᠲᠠᠮᠠᠭ᠎ᠠ ᠵᠢ ᠲᠠᠷᠤᠨ᠎ᠠ〉ᠵᠢ  ᠠᠪᠴᠢᠷᠠᠵᠦ᠂  ᠡᠳᠡᠭᠡᠷ ᠮᠠᠲᠸᠷᠢᠶᠠᠯ᠎ᠢ ᠬᠠᠩᠭ᠋ᠠᠬᠤ ᠭᠡᠷᠡᠭᠳᠡᠢ᠄
  (1)ᠨᠡᠷ᠎ᠡ ᠮᠡᠳᠡᠬᠦᠯᠦᠭᠴᠢ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠵᠦ ᠦᠭᠬᠦᠨ᠎ᠡ᠃
  (2)ᠨᠡᠷ᠎ᠡ ᠮᠡᠳᠡᠬᠦᠯᠦᠭᠴᠢ᠎ᠳᠤ ᠡᠷᠭᠡ ᠤᠯᠭᠤᠵᠦ ᠨᠠᠢ᠌ᠳᠠᠭᠰᠠᠨ ᠬᠠᠤᠯᠢ ᠵᠢᠨ ᠡᠷᠭᠡᠳᠡᠨ᠎ᠤ ᠭᠠᠷ᠎ᠤᠨ ᠦᠰᠦᠭ ᠵᠢᠷᠤᠭᠰᠠᠨ᠂ ᠺᠤᠮᠫᠠᠨᠢ ᠵᠢᠨ ᠠᠯᠪᠠᠨ ᠲᠠᠮᠠᠭ᠎ᠠ ᠵᠢ ᠲᠠᠷᠤᠭᠰᠠᠨ《ᠡᠷᠭᠡ ᠤᠯᠭᠤᠬᠤ ᠨᠠᠢ᠌ᠳᠠᠯᠭ᠎ᠠ ᠵᠢᠨ ᠪᠢᠴᠢᠭ》᠎ᠢ  ᠬᠠᠩᠭ᠋ᠠᠵᠦ ᠦᠭᠬᠦᠨ᠎ᠡ᠃
  (3)ᠬᠦᠴᠦᠨ᠎ᠲᠠᠢ ᠮᠦᠷᠳᠡᠭᠡᠨ ᠲᠠᠭ᠋ᠠᠭ᠋ᠠᠴᠢᠯᠠᠯᠳᠠ᠎ᠳᠤ ᠤᠷᠤᠯᠴᠠᠬᠤ ᠠᠵᠦ ᠠᠬᠤᠢ᠌ᠯᠠᠯ᠎ᠤᠨ ᠠᠯᠪᠠᠨ ᠲᠠᠮᠠᠭ᠎ᠠ ᠵᠢ ᠲᠠᠷᠤᠭᠰᠠᠨ ᠡᠵᠡᠩᠨᠡᠯᠳᠡ ᠵᠢᠨ ᠦᠨᠡᠮᠯᠡᠯ᠎ᠤᠨ ᠲᠡᠳ᠋ ᠲᠡᠪᠳᠡᠷ᠎ᠤᠨ ᠬᠠᠭᠤᠯᠪᠤᠷᠢ ᠵᠢ ᠬᠠᠩᠭ᠋ᠠᠨ᠎ᠠ᠃
  (4)ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠋ᠠᠨ᠎ᠳᠤ ᠤᠷᠤᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠲᠤᠳᠤᠷᠠᠬᠢ ᠡᠵᠡᠩᠨᠡᠯᠳᠡ ᠵᠢᠨ ᠠᠵᠢᠯᠯᠠᠭ᠋ᠠᠨ᠎ᠳᠤ ᠬᠦᠨᠳᠦ ᠨᠤᠴᠢᠳᠠᠢ ᠬᠠᠤᠯᠢ᠎ᠠᠴᠠ ᠵᠦᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠬᠦ ᠪᠢᠴᠢᠭ᠎ᠤᠨ ᠢᠯᠡᠷᠭᠡᠢ᠌ᠯᠡᠯᠳᠡ ᠵᠢ ᠬᠠᠩᠭ᠋ᠠᠨ᠎ᠠ᠃
  (5)《ᠢᠳᠡᠭᠡᠮᠵᠢᠳᠦ ᠲᠤᠮᠳᠠᠳᠤ ᠤᠯᠤᠰ》ᠰᠦᠯᠵᠢᠶ᠎ᠡ〈www.creditchina.gov.cn〉᠂ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠰᠦᠯᠵᠢᠶ᠎ᠡ〈www.ccgp.gov.cn〉᠎ᠠᠴᠠ ᠢᠳᠡᠭᠡᠮᠵᠢ ᠵᠢ ᠪᠠᠢ᠌ᠴᠠᠭ᠋ᠠᠨ ᠯᠠᠪᠯᠠᠭᠰᠠᠨ ᠲᠡᠮᠳᠡᠭᠯᠡᠯ〈ᠢᠳᠡᠭᠡᠯ ᠠᠯᠳᠠᠭᠰᠠᠨ  ᠬᠦᠢ᠍ᠴᠡᠳᠭᠡᠭᠳᠡᠭᠴᠢ᠂ ᠭᠠᠢ᠌ᠯᠢ ᠲᠠᠳᠠᠪᠦᠷᠢ ᠵᠢᠨ ᠬᠠᠤᠯᠢ᠎ᠠᠴᠠ ᠬᠦᠨᠳᠦ ᠶᠡᠭᠡ ᠵᠦᠷᠢᠴᠡᠭᠰᠡᠨ ᠭᠡᠷᠡᠭ᠎ᠤᠨ ᠲᠤᠬᠠᠢ ᠵᠢᠨ ᠬᠦᠮᠦᠨ᠎ᠤ ᠨᠡᠷᠡᠰ᠂ ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠬᠠᠤᠯᠢ᠎ᠠᠴᠠ ᠬᠦᠨᠳᠦ ᠨᠤᠴᠢᠳᠠᠢ ᠵᠦᠷᠢᠴᠡᠵᠦ ᠢᠳᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠯᠠᠪᠯᠠᠭᠰᠠᠨ ᠲᠡᠮᠳᠡᠭᠯᠡᠯ〉᠎ᠢ ᠬᠠᠩᠭ᠋ᠠᠨ᠎ᠠ᠃
     ᠲᠦᠷᠪᠡ᠂ ᠲᠠᠭ᠋ᠠᠬᠤ ᠪᠢᠴᠢᠭ ᠮᠠᠲᠸᠷᠢᠶᠠᠯ᠎ᠢ ᠲᠤᠰᠢᠶᠠᠬᠤ ᠬᠢᠵᠠᠭ᠋ᠠᠷᠯᠠᠬᠤ ᠴᠠᠭ᠂ ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠬᠦ ᠴᠠᠭ ᠵᠢᠴᠢ ᠭᠠᠵᠠᠷ
    1. ᠲᠠᠭ᠋ᠠᠬᠤ ᠪᠢᠴᠢᠭ ᠮᠠᠲᠸᠷᠢᠶᠠᠯ᠎ᠢ ᠲᠤᠰᠢᠶᠠᠬᠤ ᠬᠢᠵᠠᠭ᠋ᠠᠷᠯᠠᠬᠤ ᠴᠠᠭ᠄ 2023 ᠤᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ 14 ᠴᠠᠭ 30 ᠮᠢᠨᠦ᠋ᠲ᠃
    2. ᠲᠤᠰᠢᠶᠠᠬᠤ ᠭᠠᠵᠠᠷ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠬᠢᠨᠠᠨ ᠪᠠᠢ᠌ᠴᠠᠭ᠋ᠠᠬᠤ ᠭᠠᠵᠠᠷ(ᠰᠢᠨᠬᠤᠸᠠ ᠶᠡᠭᠡ ᠵᠠᠮ᠎ᠤᠨ 63 ᠨᠤᠮᠸᠷᠳᠦ ᠬᠤᠷᠢᠶᠠᠯᠠᠯ᠎ᠤᠨ 7 ᠳ᠋ᠤᠭ᠋ᠠᠷ ᠠᠰᠠᠷ᠎ᠤᠨ 312  ᠨᠤᠮᠸᠷᠳᠦ ᠭᠡᠷ)
    3. ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠬᠦ ᠴᠠᠭ᠄ 2023 ᠤᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ᠎ᠤᠨ 15᠄30 ᠴᠠᠭ
    4. ᠦᠷᠢᠰᠦᠯᠳᠦᠭᠡᠨ᠎ᠤ ᠴᠢᠨᠠᠷᠳᠠᠢ ᠭᠡᠯᠡᠯᠴᠡᠭᠡ ᠬᠢᠬᠦ ᠭᠠᠵᠠᠷ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ᠎ᠤᠨ ᠬᠤᠷᠠᠯ᠎ᠤᠨ ᠭᠡᠷ(ᠰᠢᠨᠬᠤᠸᠠ ᠶᠡᠭᠡ ᠵᠠᠮ᠎ᠤᠨ 63 ᠨᠤᠮᠸᠷᠳᠦ ᠬᠤᠷᠢᠶᠠᠯᠠᠯ᠎ᠤᠨ 7 ᠳ᠋ᠤᠭ᠋ᠠᠷ ᠠᠰᠠᠷ᠎ᠤᠨ 3 ᠳ᠋ᠤᠭ᠋ᠠᠷ ᠲᠠᠪᠬᠤᠷᠯᠢᠭ)
    ᠲᠠᠪᠤ᠂ ᠬᠠᠷᠢᠯᠴᠠᠬᠤ ᠠᠷᠭ᠎ᠠ
    ᠬᠤᠳᠠᠯᠳᠤᠨ ᠠᠪᠤᠭᠴᠢ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠳᠡᠨ᠎ᠤ ᠵᠦᠪᠯᠡᠯ
    ᠬᠠᠷᠢᠯᠴᠠᠬᠤ ᠭᠠᠵᠠᠷ᠄ ᠰᠢᠨᠬᠤᠸᠠ ᠶᠡᠭᠡ ᠵᠠᠮ᠎ᠤᠨ 63 ᠨᠤᠮᠸᠷᠳᠦ ᠬᠤᠷᠢᠶᠠᠯᠠᠯ᠎ᠤᠨ 7 ᠳ᠋ᠤᠭ᠋ᠠᠷ ᠠᠰᠠᠷ᠎ᠤᠨ 3 ᠳ᠋ᠤᠭ᠋ᠠᠷ ᠲᠠᠪᠬᠤᠷᠯᠢᠭ
    ᠬᠠᠷᠢᠯᠴᠠᠬᠤ ᠬᠦᠮᠦᠨ᠄  ᠡᠤ ᠠᠪᠠᠬᠠᠢ
    ᠬᠠᠷᠢᠯᠴᠠᠬᠤ ᠤᠳᠠᠰᠤ᠄ 0471—6611202


                     ᠣᠷᠴᠢᠭᠤᠯᠤᠭᠴᠢ᠄ ᠤᠷᠢᠬᠠᠨ
                     ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
                     ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

ᠢᠷᠡᠯᠲᠡ᠄ ᠬᠢᠨᠠᠯᠲᠠ ᠲᠠᠯᠪᠢᠵᠤ ᠪᠠᠢ᠌ᠴᠠᠭ᠋ᠠᠬᠤ ᠭᠠᠵᠠᠷ