ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ 《ᠦᠨᠳᠦᠰᠦᠲᠡᠨ᠎ᠨᠦᠭᠦᠳ᠎ᠤᠨ ᠵᠠᠯᠠᠭᠤ ᠰᠤᠷᠪᠤᠯᠵᠢᠯᠠᠭᠴᠢᠳ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ ᠵᠢ ᠣᠢ᠌ᠯᠠᠭ᠋ᠠᠬᠤ ᠠᠵᠢᠯᠯᠠᠭ᠎ᠠ》 ᠵᠢᠨ ᠲᠥᠷᠥᠯ ᠵᠦᠢᠯ᠎ᠤᠨ ᠦᠷᠢᠰᠦᠯᠳᠦᠬᠡᠨᠳᠦ ᠬᠡᠯᠡᠯᠴᠡᠬᠡᠷ᠎ᠲᠤ ᠳᠠᠭ᠋ᠠᠭ᠋ᠠᠴᠢᠯᠠᠯᠳᠠ ᠤᠯᠤᠭᠴᠢ ᠵᠢ ᠲᠣᠭᠲᠠᠭ᠋ᠠᠭᠰᠠᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-08-31

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 2023 ᠣᠨ᠎ᠤ 8 ᠳ᠋ᠤᠭ᠋ᠠᠷ ᠰᠠᠷ᠎ᠠ ᠵᠢᠨ 29᠎ᠤ ᠡᠳᠦᠷ᠎ᠤᠨ

10᠄ 30 ᠴᠠᠭ᠎ᠲᠤ 《ᠦᠨᠳᠦᠰᠦᠲᠡᠨ᠎ᠨᠦᠭᠦᠳ᠎ᠤᠨ ᠵᠠᠯᠠᠭᠤ ᠰᠤᠷᠪᠤᠯᠵᠢᠯᠠᠭᠴᠢᠳ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ ᠵᠢ ᠣᠢ᠌ᠯᠠᠭ᠋ᠠᠬᠤ ᠠᠵᠢᠯᠯᠠᠭ᠎ᠠ》 ᠵᠢᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠨᠡᠢ᠌ᠳᠡᠯᠡᠬᠦ ᠬᠤᠷᠠᠯ᠎ᠢ ᠬᠤᠷᠠᠯᠳᠤᠭᠤᠯᠪᠠ᠂ ᠳᠠᠭ᠋ᠠᠭ᠋ᠠᠴᠢᠯᠠᠯᠲᠠ ᠨᠡᠢ᠌ᠲᠡᠯᠡᠬᠦ ᠬᠠᠮᠢᠶ᠎ᠠ ᠪᠦᠬᠦᠢ ᠬᠡᠯᠡᠯᠴᠡᠭᠡᠷ᠎ᠤᠨ ᠠᠵᠢᠯᠯᠠᠭ᠎ᠠ ᠵᠢ ᠢᠯᠡ ᠳᠤᠳᠤ᠂ ᠲᠥᠪ ᠭᠣᠣᠯᠴᠢ᠂ ᠰᠢᠯᠢᠳᠡᠭ᠎ᠢ᠎ᠨᠢ ᠰᠣᠩᠭᠣᠬᠤ ᠵᠠᠷᠴᠢᠮ᠎ᠢ ᠵᠢᠷᠤᠮᠯᠠᠵᠤ᠂ ᠬᠡᠯᠡᠯᠴᠡᠭᠡᠷ ᠬᠢᠬᠦ ᠳᠤᠭᠤᠢ᠌ᠯᠠᠩ ᠪᠤᠢ ᠪᠦᠬᠦᠢ ᠪᠢᠴᠢᠭ ᠮᠠᠲ᠋ᠧᠷᠢᠶᠠᠯ᠎ᠳᠤ ᠬᠢᠷᠢ ᠬᠡᠮ᠎ᠤᠨ ᠴᠢᠨᠠᠷ ᠪᠠ ᠱᠠᠭ᠋ᠠᠷᠳᠠᠯᠭ᠎ᠠ᠎ᠳᠤ ᠨᠡᠢ᠌ᠴᠡᠬᠦ ᠴᠢᠨᠠᠷ᠎ᠤᠨ ᠬᠢᠨᠠᠨ ᠪᠠᠢ᠌ᠴᠠᠭ᠋ᠠᠯᠲᠠ ᠬᠢᠭᠰᠡᠨ᠎ᠤ ᠬᠠᠮᠲᠤ᠂ ᠳᠠᠩ ᠭᠠᠭᠴᠠ ᠳᠠᠭ᠋ᠠᠭ᠋ᠠᠴᠢᠯᠠᠯᠲᠠ ᠥᠷᠢᠰᠥᠯᠳᠦᠭᠴᠢ᠎ᠲᠠᠢ ᠲᠤᠰ ᠲᠤᠰ ᠬᠡᠯᠡᠯᠴᠡᠭᠡᠷ ᠬᠢᠵᠦ᠂ ᠬᠡᠯᠡᠯᠴᠡᠭᠡᠷ ᠳᠠᠭᠤᠰᠤᠭᠰᠠᠨ᠎ᠤ ᠳᠠᠷᠠᠭ᠎ᠠ᠂ ᠳᠠᠭ᠋ᠠᠭ᠋ᠠᠴᠢᠯᠠᠯᠲᠠ ᠥᠷᠢᠰᠥᠯᠳᠦᠭᠴᠢ ᠲᠣᠭᠲᠠᠭᠰᠠᠨ ᠴᠠᠭ᠎ᠲᠤ ᠬᠠᠮᠤᠭ ᠡᠴᠦᠰ᠎ᠤᠨ ᠦᠨ᠎ᠡ᠎ᠪᠠᠨ ᠲᠤᠰᠢᠶᠠᠪᠠ᠄ ᠥᠪᠥᠷ ᠮᠣᠩᠭᠣᠯ᠎ᠤᠨ ᠰᠢᠨ ᠪᠤᠤ ᠹᠧᠩ ᠰᠢᠩ ᠰᠣᠶᠣᠯ ᠵᠠᠭᠤᠴᠢᠯᠠᠭᠤᠷ᠎ᠤᠨ ᠬᠢᠵᠠᠭ᠋ᠠᠷᠲᠤ ᠺᠣᠮᠫᠠᠨᠢ 199800 ᠲᠥᠭᠥᠷᠢᠭ᠎ᠤᠨ ᠦᠨ᠎ᠡ ᠮᠡᠳᠡᠬᠦᠯᠵᠦ᠂ ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠦᠯᠵᠢᠶᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ 199700 ᠲᠥᠭᠥᠷᠢᠭ᠎ᠤᠨ ᠦᠨ᠎ᠡ ᠮᠡᠳᠡᠬᠦᠯᠵᠦ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠵᠠᠷ ᠮᠡᠳᠡᠬᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ 199500 ᠲᠥᠭᠥᠷᠢᠭ᠎ᠤᠨ ᠦᠨ᠎ᠡ ᠮᠡᠳᠡᠬᠦᠯᠪᠠ᠃ ᠶᠡᠷᠦᠩᠬᠡᠢ᠌ᠯᠡᠨ ᠦᠨᠡᠯᠡᠬᠦ᠎ᠪᠠᠷ ᠳᠠᠮᠵᠢᠭ᠋ᠠᠳ᠂ ᠰᠢᠯᠭ᠋ᠠᠷᠠᠭᠤᠯᠬᠤ ᠳᠤᠭᠤᠢ᠌ᠯᠠᠩ ᠡᠴᠦᠰ᠎ᠲᠤ᠎ᠪᠠᠨ ᠠᠷᠠᠯᠵᠢᠶ᠎ᠠ ᠪᠦᠲᠦᠭᠰᠡᠨ ᠳᠠᠭ᠋ᠠᠭ᠋ᠠᠴᠢᠯᠠᠯᠲᠠ ᠣᠯᠤᠭᠴᠢ ᠵᠢ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠵᠠᠷ ᠮᠡᠳᠡᠬᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠪᠠᠷ ᠲᠣᠭᠲᠠᠭ᠋ᠠᠪᠠ᠃ ᠢᠯᠡ ᠨᠡᠢ᠌ᠲᠡᠯᠡᠬᠦ ᠬᠤᠭᠤᠴᠠᠭ᠎ᠠ᠎ᠨᠢ 3 ᠠᠵᠢᠯᠯᠠᠬᠤ ᠡᠳᠦᠷ᠂ ᠬᠡᠷᠪᠡ ᠣᠨᠳᠣᠣ ᠰᠠᠨᠠᠯ᠎ᠲᠠᠢ ᠪᠣᠯ ᠪᠢᠴᠢᠭ᠎ᠤᠨ ᠬᠡᠯᠪᠡᠷᠢ᠎ᠪᠠᠷ ᠮᠠᠨ᠎ᠤ ᠵᠥᠪᠯᠡᠯ᠎ᠳᠤ ᠲᠤᠰᠬᠠᠬᠤ ᠵᠢᠨ ᠬᠠᠮᠲᠤ ᠴᠢᠬᠤᠯᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠬᠠᠩᠭ᠋ᠠᠭ᠋ᠠᠷᠠᠶ᠃
      ᠣᠨᠴᠠᠭ᠋ᠠᠢ᠌ᠯᠠᠨ ᠵᠠᠷᠯᠠᠪᠠ᠃

       ᠬᠠᠷᠢᠯᠴᠠᠬᠤ ᠬᠥᠮᠦᠨ ᠵᠢᠴᠢ ᠤᠲᠠᠰᠤ᠄ ᠡᠤ ᠰᠢᠶᠤᠤ ᠳ᠋ᠦᠩ  0471 - 6611202
                                             

                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ 
                             2023 ᠣᠨ᠎ᠤ 8 ᠳ᠋ᠤᠭ᠋ᠠᠷ ᠰᠠᠷ᠎ᠠ ᠵᠢᠨ 29᠎ᠤ ᠡᠳᠦᠷ



          ᠣᠷᠴᠢᠭᠤᠯᠤᠭᠴᠢ᠄ ᠣᠶᠤᠨᠰᠡᠴᠡᠨ
          ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
          ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ

 

ᠢᠷᠡᠯᠲᠡ᠄ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠭᠠᠵᠠᠷ